ᠥᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠪᠠᠢᠩᠭᠤ ᠶᠢᠨ ᠬᠡᠰᠢᠬᠦᠨ ᠂ ᠨᠢᠬᠡᠳᠦᠮᠡᠯ ᠹᠷᠣᠨᠲ᠋ ᠦᠨ ᠬᠡᠯᠳᠡᠰ ᠦᠨ ᠳᠠᠷᠤᠭ᠎ᠠ ᠸᠠᠩ ᠯᠢ ᠰᠢᠶᠠ ᠵᠡᠷᠬᠡ ᠬᠦᠮᠦᠰ ᠤᠷᠳᠤᠰ ᠬᠤᠳᠠ ᠶᠢᠨ ᠠᠷᠠᠳ ᠤᠨ ᠳᠤᠮᠳᠠ ᠵᠡᠷᠬᠡ ᠶᠢᠨ ᠰᠢᠬᠦᠬᠦ ᠬᠤᠷᠢᠶᠠᠨ ᠳᠤ ᠰᠠᠭᠠᠳᠠᠵᠤ ᠠᠵᠢᠯ ᠤᠨ ᠪᠠᠢᠳᠠᠯ ᠢ ᠪᠠᠢᠴᠠᠭᠠᠨ ᠵᠢᠯᠤᠭᠤᠳᠪᠠ
2 ᠰᠠᠷᠠᠢᠨ 27 ᠤ ᠡᠳᠦᠷ ᠦᠨ ᠦᠳᠡ ᠶᠢᠨ ᠡᠮᠦᠨ᠎ᠠ ᠂ ᠥᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠪᠠᠢᠩᠭᠤ ᠶᠢᠨ ᠬᠡᠰᠢᠬᠦᠨ ᠂ ᠨᠢᠬᠡᠳᠦᠮᠡᠯ ᠹᠷᠣᠨᠲ᠋ ᠦᠨ ᠬᠡᠯᠳᠡᠰ ᠦᠨ ᠳᠠᠷᠤᠭ᠎ᠠ ᠸᠠᠩ ᠯᠢ ᠰᠢᠶᠠ ᠮᠠᠨ ᠤ ᠬᠤᠳᠠ ᠶᠢᠨ ᠨᠡᠢᠬᠡᠮ ᠦᠨ ᠵᠦᠷᠢᠴᠡᠯ ᠦᠨ ᠳᠠᠷᠤᠭᠳᠠᠮᠠᠯ ᠬᠡᠷᠡᠭ ᠢ ᠰᠢᠢᠳᠪᠦᠷᠢᠯᠡᠬᠦ ᠠᠵᠢᠯ ᠢ ᠪᠠᠢᠴᠠᠭᠠᠨ ᠰᠤᠳᠤᠯᠠᠪᠠ ᠃ ᠪᠠᠢᠴᠠᠭᠠᠨ ᠰᠤᠳᠤᠯᠠᠬᠤ ᠬᠤᠭᠤᠴᠠᠭᠠᠨ ᠳᠤ ᠂ ᠸᠠᠩ ᠯᠢ ᠰᠢᠶᠠ ᠬᠡᠯᠳᠡᠰ ᠦᠨ ᠳᠠᠷᠤᠭ᠎ᠠ ᠤᠷᠳᠤᠰ ᠬᠤᠳᠠ ᠶᠢᠨ ᠠᠷᠠᠳ ᠤᠨ ᠲᠦᠯᠦᠭᠡᠯᠡᠭᠴᠢᠳ ᠦᠨ ᠶᠡᠬᠡ ᠶᠢᠨ ᠬᠤᠷᠠᠯ ᠤᠨ ᠪᠠᠢᠩᠭᠤ ᠶᠢᠨ ᠬᠤᠷᠢᠶᠠᠨ ᠤ ᠡᠷᠬᠢᠯᠡᠭᠴᠢ ᠸᠠᠩ ᠹᠸᠩ ᠂ ᠬᠤᠳᠠ ᠶᠢᠨ ᠨᠠᠮ ᠤᠨ ᠬᠤᠷᠢᠶᠠᠨ ᠤ ᠪᠠᠢᠩᠭᠤ ᠶᠢᠨ ᠬᠡᠰᠢᠬᠦᠨ ᠂ ᠨᠢᠭᠡᠳᠦᠮᠡᠯ ᠹᠷᠣᠨᠲ ᠤᠨ ᠬᠡᠯᠳᠡᠰ ᠦᠨ ᠳᠠᠷᠤᠭ᠎ᠠ ᠵᠢᠨ ᠡᠦ ᠵᠡᠷᠬᠡ ᠤᠳᠤᠷᠢᠳᠤᠯᠭ᠎ᠠ ᠳᠠᠢ ᠬᠠᠮᠳᠤ ᠤᠷᠳᠤᠰ ᠬᠤᠳᠠ ᠶᠢᠨ ᠠᠷᠠᠳ ᠤᠨ ᠳᠤᠮᠳᠠ ᠵᠡᠷᠬᠡ ᠶᠢᠨ ᠰᠢᠬᠦᠬᠦ ᠬᠤᠷᠢᠶᠠᠨ ᠳᠤ ᠬᠦᠷᠴᠦ ᠨᠡᠢᠬᠡᠮ ᠦᠨ ᠵᠦᠷᠢᠴᠡᠯ ᠵᠢᠭᠤᠷᠠᠯᠳᠤᠭᠠᠨ ᠢ ᠪᠠᠢᠴᠠᠭᠠᠨ ᠡᠶᠡᠳᠡᠬᠦᠯᠬᠦ ᠪᠠ ᠵᠠᠬᠢᠳᠠᠯ ᠰᠤᠷᠪᠤᠯᠵᠢᠯᠠᠭ᠎ᠠ ᠶᠢᠨ ᠠᠵᠢᠯ ᠢ ᠪᠠᠢᠴᠠᠭᠠᠨ ᠵᠢᠯᠤᠭᠤᠳᠪᠠ ᠃
ᠸᠠᠩ ᠯᠢ ᠰᠢᠶᠠ ᠬᠡᠯᠳᠡᠰ ᠦᠨ ᠳᠠᠷᠤᠭ᠎ᠠ ᠵᠡᠷᠬᠡ ᠬᠦᠮᠦᠰ ᠬᠤᠳᠠ ᠶᠢᠨ ᠠᠷᠠᠳ ᠤᠨ ᠳᠤᠮᠳᠠ ᠵᠡᠷᠬᠡ ᠶᠢᠨ ᠰᠢᠬᠦᠬᠦ ᠬᠤᠷᠢᠶᠠᠨ ᠤ ᠨᠠᠮ ᠤᠨ ᠤᠳᠤᠷᠢᠳᠬᠤ ᠳᠤᠭᠤᠢᠯᠠᠩ ᠤᠨ ᠱᠦᠵᠢ ᠂ ᠬᠤᠷᠢᠶᠠᠨ ᠳᠠᠷᠤᠭ᠎ᠠ ᠯᠢ ᠾᠦᠩ ᠶᠠᠨ ᠂ ᠳᠡᠳ᠋ ᠬᠤᠷᠢᠶᠠᠨ ᠳᠠᠷᠤᠭ᠎ᠠ ᠯᠢ ᠵᠢᠩ ᠭᠦᠸᠸ ᠵᠢᠴᠢ ᠰᠢᠬᠦᠨ ᠳᠠᠰᠤᠯᠤᠯᠲᠠ ᠶᠢᠨ ᠳᠤᠰᠬᠠᠢ ᠳᠤᠰᠢᠶᠠᠯᠳᠤ ᠬᠡᠰᠢᠬᠦᠨ ᠭᠧ ᠵᠦᠩ ᠫᠢᠩ ᠵᠡᠷᠬᠡ ᠤᠳᠤᠷᠢᠳᠤᠯᠭ᠎ᠠ ᠳᠠᠢ ᠬᠠᠮᠳᠤ᠂ ᠤᠷᠢᠳᠠᠪᠡᠷ ᠤᠷᠳᠤᠰ ᠬᠤᠳᠠ ᠶᠢᠨ ᠠᠷᠠᠳ ᠤᠨ ᠳᠤᠮᠳᠠ ᠵᠡᠷᠬᠡ ᠶᠢᠨ ᠰᠢᠬᠦᠬᠦ ᠬᠤᠷᠢᠶᠠᠨ ᠤ ᠰᠢᠨ᠎ᠠ ᠠᠯᠪᠠᠨ ᠭᠡᠷ ᠦᠨ ᠠᠰᠠᠷ ᠤᠨ ᠮᠡᠳᠡᠭᠡ ᠵᠠᠩᠭᠢᠴᠢᠯᠠᠯᠲᠠ ᠶᠢᠨ ᠪᠦᠲᠦᠭᠡᠨ ᠪᠠᠢᠭᠤᠯᠤᠯᠲᠠ ᠪᠠ ᠰᠤᠶᠤᠯ ᠤᠨ ᠪᠦᠲᠦᠭᠡᠨ ᠪᠠᠢᠭᠤᠯᠤᠯᠲᠠ ᠶᠢᠨ ᠦᠷ᠎ᠠ ᠪᠦᠲᠦᠮᠵᠢ ᠶᠢ ᠳᠤᠭᠤᠷᠢᠨ ᠦᠵᠡᠪᠡ ᠃ ᠸᠠᠩ ᠯᠢ ᠰᠢᠶᠠ ᠬᠡᠯᠳᠡᠰ ᠦᠨ ᠳᠠᠷᠤᠭ᠎ᠠ ᠤᠷᠳᠤᠰ ᠬᠤᠳᠠ ᠶᠢᠨ ᠠᠷᠠᠳ ᠤᠨ ᠳᠤᠮᠳᠠ ᠵᠡᠷᠬᠡ ᠶᠢᠨ ᠰᠢᠬᠦᠬᠦ ᠬᠤᠷᠢᠶᠠᠨ ᠤ ᠮᠡᠳᠡᠬᠡ ᠵᠠᠩᠭᠢᠴᠢᠯᠠᠯᠲᠠ ᠶᠢᠨ ᠪᠦᠲᠦᠭᠡᠨ ᠪᠠᠢᠭᠤᠯᠤᠯᠲᠠ ᠪᠠ ᠰᠤᠶᠤᠯ ᠤᠨ ᠪᠦᠲᠦᠭᠡᠨ ᠪᠠᠢᠭᠤᠯᠤᠯᠲᠠ ᠶᠢᠨ ᠦᠷ᠎ᠠ ᠪᠦᠲᠦᠮᠵᠢ ᠳᠦ ᠦᠨᠳᠦᠷ ᠦᠨᠡᠯᠡᠯᠲᠡ ᠥᠭᠪᠡ ᠃
ᠳᠠᠷᠠᠭ᠎ᠠ ᠨᠢ ᠂ ᠸᠠᠩ ᠯᠢ ᠰᠢᠶᠠ ᠬᠡᠯᠳᠡᠰ ᠦᠨ ᠳᠠᠷᠤᠭ᠎ᠠ ᠤᠷᠳᠤᠰ ᠬᠤᠳᠠ ᠶᠢᠨ ᠠᠷᠠᠳ ᠤᠨ ᠳᠤᠮᠳᠠ ᠵᠡᠷᠬᠡ ᠶᠢᠨ ᠰᠢᠬᠦᠬᠦ ᠬᠤᠷᠢᠶᠠᠨ ᠤ ᠵᠠᠷᠭᠤ ᠶᠢᠨ ᠦᠢᠯᠡᠴᠢᠯᠡᠭᠡᠨ ᠦ ᠲᠦᠪ ᠢ ᠳᠤᠭᠤᠷᠢᠨ ᠦᠵᠡᠪᠡ ᠃ ᠦᠢᠯᠡᠴᠢᠯᠡᠭᠡᠨ ᠦ ᠲᠦᠪ ᠦᠨ ᠠᠵᠢᠯᠳᠠᠨ ᠲᠦᠷᠪᠡᠨ ᠶᠡᠬᠡ ᠦᠢᠯᠡᠴᠢᠯᠡᠭᠡᠨ ᠦ ᠳᠤᠭᠤᠷᠢᠭ ᠂ ᠤᠯᠠᠨ ᠬᠡᠷᠡᠭᠴᠡᠭᠡᠳᠦ ᠳᠠᠰᠤᠭ ᠂ ᠭᠤᠤᠯ ᠲᠢᠩᠬᠢᠮ ᠦᠨ ᠮᠡᠳᠡᠭᠡ ᠵᠠᠩᠭᠢᠴᠢᠯᠠᠯᠲᠠ ᠶᠢᠨ ᠲᠦᠬᠦᠭᠡᠷᠦᠮᠵᠢ ᠶᠢ ᠨᠠᠷᠢᠯᠢᠭ ᠳᠠᠨᠢᠴᠠᠭᠤᠯᠤᠭᠰᠠᠨ ᠪᠠ ᠴᠢᠳᠠᠮᠵᠢ ᠶᠢ ᠦᠵᠡᠬᠦᠯᠪᠡ ᠃ ᠲᠣᠭᠤᠷᠢᠨ ᠦᠵᠡᠬᠦ ᠶᠠᠪᠤᠴᠠ ᠳᠤᠮᠳᠠ ᠂ ᠸᠠᠩ ᠬᠡᠯᠳᠡᠰ ᠦᠨ ᠳᠠᠷᠤᠭ᠎ᠠ 12368 ᠵᠠᠷᠭᠤ ᠶᠢᠨ ᠦᠢᠯᠡᠴᠢᠯᠡᠭᠡᠨ ᠦ ᠬᠠᠯᠠᠮ ᠤᠳᠠᠰᠤ ᠶᠢᠨ ᠠᠵᠢᠯ ᠤᠨ ᠳᠤᠭᠳᠠᠴᠠ ᠪᠠ ᠬᠡᠷᠡᠭᠯᠡᠵᠦ ᠪᠠᠢᠭ᠎ᠠ ᠪᠠᠢᠳᠠᠯ ᠢ ᠨᠠᠷᠢᠯᠢᠭ ᠠᠰᠠᠭᠤᠪᠠ ᠃ ᠵᠠᠬᠢᠳᠠᠯ ᠰᠤᠷᠪᠤᠯᠵᠢᠯᠠᠭ᠎ᠠ ᠶᠢᠨ ᠦᠢᠯᠡᠴᠢᠯᠡᠭᠡᠨ ᠦ ᠳᠤᠭᠤᠷᠢᠭ ᠲᠤ ᠂ ᠸᠠᠩ ᠬᠡᠯᠳᠡᠰ ᠦᠨ ᠳᠠᠷᠤᠭ᠎ᠠ ᠮᠠᠨ ᠤ ᠬᠤᠳᠠ ᠶᠢᠨ ᠠᠷᠠᠳ ᠤᠨ ᠳᠤᠮᠳᠠ ᠵᠡᠷᠬᠡ ᠶᠢᠨ ᠰᠢᠬᠦᠬᠦ ᠬᠤᠷᠢᠶᠠᠨ ᠤ ᠵᠠᠬᠢᠳᠠᠯ ᠰᠤᠷᠪᠤᠯᠵᠢᠯᠠᠭ᠎ᠠ ᠶᠢᠨ ᠬᠡᠷᠡᠭ ᠢ ᠰᠢᠢᠳᠪᠦᠷᠢᠯᠡᠵᠦ ᠪᠠᠢᠬᠤ ᠪᠠᠢᠳᠠᠯ ᠢ ᠨᠠᠷᠢᠯᠢᠭ ᠠᠰᠠᠭᠤᠵᠤ ᠂ ᠠᠯᠤᠰ ᠸᠢᠳᠢᠣ᠋ ᠪᠠᠷ ᠳ᠋ᠦᠩᠱᠧᠩ ᠳᠤᠭᠤᠷᠢᠭ ᠤᠨ ᠰᠢᠬᠦᠬᠦ ᠬᠤᠷᠢᠶᠠᠨ ᠤ ᠵᠠᠬᠢᠳᠠᠯ ᠰᠤᠷᠪᠤᠯᠵᠢᠯᠠᠭ᠎ᠠ ᠶᠢᠨ ᠰᠢᠬᠦᠭᠴᠢ ᠰᠤᠷᠪᠤᠯᠵᠢᠯᠠᠬᠤ ᠢᠷᠡᠭᠰᠡᠨ ᠤᠯᠠᠨ ᠲᠦᠮᠡᠨ ᠢ ᠬᠦᠯᠢᠶᠡᠨ ᠠᠪᠴᠤ ᠪᠠᠢᠭ᠎ᠠ ᠪᠠᠢᠳᠠᠯ ᠢ ᠦᠵᠡᠪᠡ ᠃
ᠳᠤᠭᠤᠷᠢᠨ ᠦᠵᠡᠵᠦ ᠳᠠᠭᠤᠰᠤᠭᠰᠠᠨ ᠤ ᠳᠠᠷᠠᠭ᠎ᠠ ᠂ ᠸᠠᠩ ᠯᠢ ᠰᠢᠶᠠ ᠬᠡᠯᠳᠡᠰ ᠦᠨ ᠳᠠᠷᠤᠭ᠎ᠠ ᠤᠷᠳᠤᠰ ᠬᠤᠳᠠ ᠶᠢᠨ ᠠᠷᠠᠳ ᠤᠨ ᠳᠤᠮᠳᠠ ᠵᠡᠷᠬᠡ ᠶᠢᠨ ᠰᠢᠬᠦᠬᠦ ᠬᠤᠷᠢᠶᠠᠨ ᠤ ᠠᠵᠢᠯ ᠳᠤ ᠬᠦᠢᠴᠡᠳ ᠨᠤᠳᠠᠯᠠᠯᠲᠠ ᠦᠭᠪᠡ ᠃ ᠸᠠᠩ ᠬᠡᠯᠳᠡᠰ ᠦᠨ ᠳᠠᠷᠤᠭ᠎ᠠ ᠬᠡᠯᠡᠭᠰᠡᠨ ᠨᠢ᠂ ᠤᠷᠳᠤᠰ ᠬᠤᠳᠠ ᠶᠢᠨ ᠠᠷᠠᠳ ᠤᠨ ᠳᠤᠮᠳᠠ ᠵᠡᠷᠬᠡ ᠶᠢᠨ ᠰᠢᠬᠦᠬᠦ ᠬᠤᠷᠢᠶᠠᠨ ᠤ ᠵᠠᠬᠢᠳᠠᠯ ᠰᠤᠷᠪᠤᠯᠵᠢᠯᠠᠭ᠎ᠠ ᠬᠦᠯᠢᠶᠡᠨ ᠠᠪᠬᠤ ᠪᠠ ᠵᠠᠷᠭᠤ ᠶᠢᠨ ᠦᠢᠯᠡᠴᠢᠯᠡᠭᠡᠨ ᠦ ᠲᠦᠪ ᠦᠨ《ᠨᠢᠬᠡ ᠦᠷᠳᠡᠭᠡ》ᠬᠡᠯᠪᠡᠷᠢ ᠶᠢᠨ ᠦᠢᠯᠡᠴᠢᠯᠡᠭᠡ ᠨᠢ ᠵᠠᠷᠭᠤ ᠬᠢᠵᠦ ᠪᠠᠢᠭ᠎ᠠ ᠤᠯᠠᠨ ᠲᠦᠮᠡᠨ ᠳᠦ ᠲᠦᠬᠦᠮ ᠦᠵᠡᠬᠦᠯᠵᠦ ᠂ ᠳᠤᠮᠳᠠᠳᠤ ᠤᠯᠤᠰ ᠤᠨ ᠤᠨᠴᠠᠯᠢᠭ ᠪᠦᠬᠦᠢ ᠨᠡᠢᠬᠡᠮ ᠵᠢᠷᠦᠮ ᠦᠨ ᠬᠠᠤᠯᠢ ᠴᠠᠭᠠᠵᠠ ᠶᠢᠨ ᠪᠠᠢᠭᠤᠯᠤᠯ ᠤᠨ ᠳᠠᠪᠠᠭᠤᠯᠢᠭ ᠴᠢᠨᠠᠷ ᠢ ᠢᠯᠡᠷᠡᠬᠦᠯᠵᠦ ᠂ ᠬᠦᠰᠡᠬᠦ ᠨᠢ ᠤᠷᠳᠤᠰ ᠬᠤᠳᠠ ᠶᠢᠨ ᠠᠷᠠᠳ ᠤᠨ ᠳᠤᠮᠳᠠ ᠵᠡᠷᠬᠡ ᠶᠢᠨ ᠰᠢᠬᠦᠬᠦ ᠬᠤᠷᠢᠶ᠎ᠠ ᠦᠷᠬᠦᠯᠵᠢᠯᠡᠨ ᠬᠠᠤᠯᠢ ᠪᠠᠷᠢᠬᠤ ᠨᠢ ᠠᠷᠠᠳ ᠤᠨ ᠲᠦᠯᠦᠬᠡ ᠭᠡᠰᠡᠨ ᠠᠵᠢᠯ ᠤᠨ ᠤᠢᠯᠭᠠᠭᠳᠠᠭᠤᠨ ᠢ ᠶᠠᠪᠤᠭᠳᠠᠭᠤᠯᠵᠤ ᠂ ᠰᠢᠭᠦᠯᠲᠡ ᠳᠠᠰᠤᠯᠤᠯᠲᠠ ᠬᠦᠢᠴᠡᠳᠬᠡᠬᠦ ᠶᠢᠨ ᠡᠯ᠎ᠠ ᠲᠦᠷᠦᠯ ᠦᠨ ᠠᠵᠢᠯ ᠢ ᠴᠢᠷᠮᠠᠢᠨ ᠰᠠᠢᠳᠤᠷ ᠬᠢᠵᠦ ᠂ ᠠᠵᠤ ᠠᠬᠤᠢ ᠨᠡᠢᠬᠡᠮ ᠦᠨ ᠡᠷᠡᠬᠦᠯ ᠢᠶᠡᠷ ᠬᠦᠭᠵᠢᠬᠦ ᠳᠦ ᠪᠠᠳᠤ ᠪᠡᠬᠢ ᠬᠠᠤᠯᠢ ᠴᠠᠭᠠᠵᠠ ᠶᠢᠨ ᠪᠠᠳᠤᠯᠭ᠎ᠠ ᠬᠠᠩᠭᠠᠬᠤ ᠬᠡᠷᠡᠭᠲᠡᠢ ᠃
ᠦᠨᠡᠯᠡᠬᠦ 0ᠦᠨᠡᠯᠡᠯᠲᠡ ᠲᠠᠢ