ᠬᠤᠳᠠ ᠶᠢᠨ ᠠᠷᠠᠳ ᠤᠨ ᠳᠤᠮᠳᠠ ᠵᠡᠷᠬᠡ ᠶᠢᠨ ᠰᠢᠬᠦᠬᠦ ᠬᠤᠷᠢᠶ᠎ᠠ ᠠᠴᠠ ᠪᠦᠬᠦ ᠬᠤᠳᠠ ᠶᠢᠨ ᠰᠢᠬᠦᠬᠦ ᠬᠤᠷᠢᠶᠠᠨ ᠤ ᠭᠦᠢᠴᠡᠳᠬᠡᠬᠦ ᠠᠵᠢᠯ《ᠬᠠᠪᠤᠷ ᠤᠨ ᠠᠶᠤᠩᠭ᠎ᠠ ᠠᠵᠢᠯᠯᠠᠭ᠎ᠠ》 ᠶᠢᠨ ᠰᠤᠨᠢᠨ ᠮᠡᠳᠡᠭᠡ ᠨᠡᠢᠳᠡᠯ
2017.03.03 ᠲᠣᠰ ᠥᠷᠲᠡᠭᠡᠨ ᠦ ᠨᠠᠢᠷᠠᠭᠤᠯᠤᠭᠴᠢ

ᠬᠤᠳᠠ ᠶᠢᠨ ᠠᠷᠠᠳ ᠤᠨ ᠳᠤᠮᠳᠠ ᠵᠡᠷᠬᠡ ᠶᠢᠨ ᠰᠢᠬᠦᠬᠦ ᠬᠤᠷᠢᠶ᠎ᠠ ᠠᠴᠠ ᠪᠦᠬᠦ ᠬᠤᠳᠠ ᠶᠢᠨ ᠰᠢᠬᠦᠬᠦ ᠬᠤᠷᠢᠶᠠᠨ ᠤ ᠭᠦᠢᠴᠡᠳᠬᠡᠬᠦ ᠠᠵᠢᠯ《ᠬᠠᠪᠤᠷ ᠤᠨ ᠠᠶᠤᠩᠭ᠎ᠠ ᠠᠵᠢᠯᠯᠠᠭ᠎ᠠ》 ᠶᠢᠨ ᠰᠤᠨᠢᠨ ᠮᠡᠳᠡᠭᠡ ᠨᠡᠢᠳᠡᠯᠡᠬᠦ ᠬᠤᠷᠠᠯ ᠬᠤᠷᠠᠯᠳᠤᠪᠠ

 

 

 

 

 

    3 ᠰᠠᠷᠠᠢᠨ 1  ᠤ ᠡᠳᠦᠷ ᠦᠨ ᠦᠳᠡ ᠶᠢᠨ ᠡᠮᠦᠨ᠎ᠠ ᠂ ᠤᠷᠳᠤᠰ ᠬᠤᠳᠠ ᠶᠢᠨ ᠠᠷᠠᠳ ᠤᠨ ᠳᠤᠮᠳᠠ ᠵᠡᠷᠬᠡ ᠶᠢᠨ ᠰᠢᠬᠦᠬᠦ ᠬᠤᠷᠢᠶ᠎ᠠ  ᠠᠴᠠ ᠪᠦᠬᠦ ᠬᠤᠳᠠ ᠶᠢᠨ ᠰᠢᠬᠦᠬᠦ ᠬᠤᠷᠢᠶᠠᠨ ᠤ ᠭᠦᠢᠴᠡᠳᠬᠡᠬᠦ ᠠᠵᠢᠯ《ᠬᠠᠪᠤᠷ ᠤᠨ ᠠᠶᠤᠩᠭ᠎ᠠ ᠠᠵᠢᠯᠯᠠᠭ᠎ᠠ》 ᠶᠢᠨ ᠰᠤᠨᠢᠨ ᠮᠡᠳᠡᠭᠡ ᠨᠡᠢᠳᠡᠯᠡᠬᠦ ᠬᠤᠷᠠᠯ ᠬᠤᠷᠠᠯᠳᠤᠭᠤᠯᠵᠤ ᠂ ᠨᠡᠢᠬᠡᠮ ᠦᠨ ᠡᠯ᠎ᠠ ᠡᠳᠡᠭᠡᠳ ᠲᠦ 2017 ᠤᠨ ᠤ ᠭᠦᠢᠴᠡᠳᠬᠡᠬᠦ ᠠᠵᠢᠯ ᠤᠨ《ᠬᠠᠪᠤᠷ ᠤᠨ ᠠᠶᠤᠩᠭ᠎ᠠ ᠠᠵᠢᠯᠯᠠᠭ᠎ᠠ》 ᠶᠢᠨ ᠦᠷ᠎ᠠ ᠪᠦᠲᠦᠮᠵᠢ ᠵᠢᠴᠢ ᠮᠠᠨ ᠤ ᠬᠤᠳᠠ ᠶᠢᠨ ᠬᠤᠶᠠᠷ ᠱᠠᠳᠤᠨ ᠤ ᠰᠢᠬᠦᠬᠦ ᠬᠤᠷᠢᠶᠠᠨ ᠤ ᠠᠵᠢᠯ ᠤᠨ ᠴᠢᠭᠯᠡᠯ ᠵᠢᠴᠢ ᠴᠢᠬᠤᠯᠠ ᠠᠷᠭ᠎ᠠ ᠠᠪᠴᠠᠯ ᠢ ᠨᠡᠢᠳᠡᠯᠡᠪᠡ ᠃ ᠰᠤᠨᠢᠨ ᠮᠡᠳᠡᠭᠡ ᠨᠡᠢᠳᠡᠯᠡᠬᠦ ᠬᠤᠷᠠᠯ ᠢ ᠬᠤᠳᠠ ᠶᠢᠨ ᠠᠷᠠᠳ ᠤᠨ ᠳᠤᠮᠳᠠ ᠵᠡᠷᠬᠡ ᠶᠢᠨ ᠰᠢᠬᠦᠬᠦ ᠬᠤᠷᠢᠶᠠᠨ ᠤ ᠭᠦᠢᠴᠡᠳᠬᠡᠬᠦ ᠳᠤᠪᠴᠢᠶᠠᠨ ᠤ ᠳᠤᠪᠴᠢᠶᠠᠨ ᠳᠠᠷᠤᠭ᠎ᠠ ᠵᠠᠩ ᠶᠤᠸᠠᠢ ᠹᠸᠩ ᠡᠷᠬᠢᠯᠡᠵᠦ ᠂ ᠭᠦᠢᠴᠡᠳᠬᠡᠬᠦ ᠳᠤᠪᠴᠢᠶᠠᠨ ᠤ ᠳᠡᠳ᠋ ᠳᠤᠪᠴᠢᠶᠠᠨ ᠳᠠᠷᠤᠭ᠎ᠠ ᠸᠠᠩ ᠸᠸᠨ ᠵᠢᠶᠸ ᠂ ᠭᠦᠢᠴᠡᠳᠬᠡᠬᠦ ᠬᠤᠶᠠᠳᠤᠭᠠᠷ ᠳᠤᠪᠴᠢᠶᠠᠨ ᠤ ᠳᠡᠳ᠋ ᠳᠤᠪᠴᠢᠶᠠᠨ ᠳᠠᠷᠤᠭ᠎ᠠ ᠶᠠᠩ ᠫᠢᠩ ᠳᠤᠰᠪᠤᠷᠢ ᠨᠡᠢᠳᠡᠯᠡᠬᠦ ᠬᠤᠷᠠᠯ ᠤᠨ ᠳᠠᠯᠠᠪᠤᠷ ᠲᠤ ᠪᠠᠢᠬᠤ ᠵᠠᠭᠤᠴᠢ ᠨᠠᠷ ᠲᠤ ᠨᠠᠷᠢᠯᠢᠭ ᠮᠡᠳᠡᠬᠦᠯᠦᠯᠳᠡ ᠬᠢᠪᠡ ᠃

    10 ᠡᠳᠦᠷ ᠦᠨ《ᠬᠠᠪᠤᠷ ᠤᠨ ᠠᠶᠤᠩᠭ᠎ᠠ ᠠᠵᠢᠯᠯᠠᠭ᠎ᠠ》ᠨᠢ ᠬᠠᠤᠯᠢ ᠴᠠᠭᠠᠵᠠ ᠰᠢᠬᠦᠬᠦ ᠬᠤᠷᠢᠶᠠᠨ ᠤ ᠭᠦᠢᠴᠡᠳᠬᠡᠬᠦ ᠳᠤᠪᠴᠢᠶᠠᠨ ᠳᠤ ᠤᠯᠭᠤᠭᠰᠠᠨ ᠠᠯᠪᠠᠳᠠᠯᠭ᠎ᠠ ᠶᠢᠨ ᠠᠷᠭ᠎ᠠ ᠠᠪᠴᠢᠯ ᠢ ᠬᠦᠢᠴᠡᠳ ᠠᠰᠢᠭᠯᠠᠵᠤ ᠂ ᠬᠠᠤᠯᠢ ᠶᠤᠰᠤᠭᠠᠷ ᠰᠢᠬᠦᠬᠦ ᠬᠤᠷᠢᠶᠠᠨ ᠤ ᠳᠠᠰᠤᠯᠤᠯᠲᠠ ᠳᠤ ᠳᠤᠭᠳᠠᠭᠰᠠᠨ ᠡᠬᠦᠷᠭᠡ ᠶᠢ ᠳᠡᠪᠴᠢᠬᠦ ᠦᠢᠯᠡ ᠠᠵᠢᠯᠯᠠᠭ᠎ᠠ ᠶᠢ ᠳᠤᠷᠭᠠᠭᠠᠬᠤ ᠬᠦᠴᠦᠨ ᠢᠶᠡᠨ ᠴᠢᠩᠭᠠᠳᠭᠠᠵᠤ ᠂ ᠭᠦᠢᠴᠡᠳᠬᠡᠬᠦ ᠳᠠᠷᠤᠭᠳᠠᠮᠠᠯ ᠬᠡᠷᠡᠭ ᠢ ᠲᠦᠪᠯᠡᠷᠡᠬᠦᠯᠦᠨ ᠰᠢᠢᠳᠪᠦᠷᠢᠯᠡᠬᠦ ᠪᠤᠯᠤᠨ᠎ᠠ ᠃ ᠨᠢᠬᠡ ᠪᠦᠯᠦᠭ ᠢᠳᠡᠬᠡᠯ ᠠᠯᠳᠠᠭᠰᠠᠳ   ᠤᠨ ᠨᠡᠷ᠎ᠠ ᠶᠢ ᠲᠥᠪᠯᠡᠷᠡᠭᠦᠯᠦᠨ ᠨᠡᠢᠳᠡᠯᠡᠨ᠎ᠠ ᠃ ᠨᠢᠬᠡ ᠪᠦᠯᠦᠭ ᠡᠬᠦᠷᠭᠡ ᠪᠡᠨ ᠦᠯᠦ ᠬᠦᠢᠴᠡᠳᠬᠡᠬᠦ ᠬᠦᠢᠴᠡᠳᠭᠡᠭᠳᠡᠭᠴᠢ ᠶᠢ ᠲᠦᠪᠯᠡᠷᠡᠬᠦᠯᠦᠨ ᠬᠤᠷᠢᠨ᠎ᠠ ᠃ ᠨᠢᠬᠡ ᠪᠦᠯᠦᠭ ᠳᠠᠰᠤᠯᠤᠯᠲᠠ ᠭᠦᠢᠴᠡᠳᠬᠡᠬᠦ ᠂ ᠶᠠᠯ᠎ᠠ ᠲᠣᠭᠲᠠᠬᠤ ᠶᠢ ᠳᠡᠪᠴᠢᠭᠰᠡᠨ ᠬᠦᠢᠴᠡᠳᠭᠡᠭᠳᠡᠭᠴᠢ ᠶᠢ ᠲᠦᠪᠯᠡᠷᠡᠬᠦᠯᠦᠨ ᠨᠡᠬᠡᠮᠵᠢᠯᠡᠨ᠎ᠠ ᠃ ᠡᠭᠦᠨ ᠦ ᠤᠯᠠᠮ ᠠᠴᠠ ᠭᠦᠢᠴᠡᠳᠬᠡᠬᠦ ᠡᠴᠡ ᠵᠠᠢᠯᠠᠬᠤ ᠦᠢᠯᠡ ᠠᠵᠢᠯᠯᠠᠭ᠎ᠠ ᠳᠤ ᠦᠨᠳᠦᠷ ᠳᠠᠷᠤᠯᠳᠠ ᠦᠭᠴᠦ ᠂ ᠬᠠᠤᠯᠢ ᠴᠠᠭᠠᠵᠠ ᠶᠢᠨ ᠨᠡᠷ᠎ᠠ ᠬᠦᠨᠳᠦ ᠪᠠ ᠡᠷᠬᠡ ᠰᠦᠷ ᠢ ᠬᠠᠮᠠᠭᠠᠯᠠᠨ᠎ᠠ ᠃

    《ᠬᠠᠪᠤᠷ ᠤᠨ ᠠᠶᠤᠩᠭ᠎ᠠ ᠠᠵᠢᠯᠯᠠᠭ᠎ᠠ》 ᠶᠢᠨ ᠬᠤᠭᠤᠴᠠᠭᠠᠨ ᠳᠤ ᠂ ᠪᠦᠬᠦ ᠬᠤᠳᠠ ᠶᠢᠨ ᠬᠤᠶᠠᠷ ᠱᠠᠳᠤᠨ ᠤ ᠰᠢᠬᠦᠬᠦ ᠬᠤᠷᠢᠶ᠎ᠠ ᠨᠡᠢᠲᠡ 1325 ᠬᠡᠷᠡᠭ ᠳᠠᠭᠤᠰᠬᠠᠵᠤ ᠂ ᠬᠦᠢᠴᠡᠳᠬᠡᠵᠦ ᠳᠠᠭᠤᠰᠭᠠᠭᠰᠠᠨ ᠬᠠᠷᠠᠯᠳᠠ 3.551 ᠳ᠋ᠦᠩᠰᠢᠭᠤᠷ ᠲᠦᠬᠦᠷᠢᠭ ᠃ ᠡᠯ᠎ᠠ ᠮᠠᠶᠢᠭ ᠤᠨ ᠠᠯᠪᠠᠳᠠᠯᠭ᠎ᠠ ᠶᠢᠨ ᠠᠷᠭ᠎ᠠ ᠠᠪᠴᠢᠯ ᠢ ᠬᠡᠷᠡᠭᠵᠢᠬᠦᠯᠵᠦ ᠂ ᠨᠡᠢᠲᠡ ᠬᠦᠢᠴᠡᠳᠭᠡᠭᠳᠡᠭᠴᠢ ᠶᠢᠨ ᠰᠦᠪᠡᠭᠴᠢ 711 ᠵᠤᠷᠪᠤᠰ  ᠢ ᠤᠢᠯᠭᠠᠵᠤ ᠂ ᠬᠦᠢᠴᠡᠳᠭᠡᠭᠳᠡᠭᠴᠢ 455 ᠬᠦᠮᠦᠨ ᠢ ᠪᠤᠳᠠᠳᠠᠢ ᠡᠵᠡᠮᠳᠡᠵᠦ ᠂ ᠳᠡᠬᠦᠨ ᠦ ᠳᠤᠮᠳᠠ 78 ᠬᠦᠮᠦᠨ ᠢ ᠪᠠᠷᠢᠪᠴᠢᠯᠠᠪᠠ ᠃ ᠢᠳᠡᠬᠡᠯ ᠠᠯᠳᠠᠭᠰᠠᠨ ᠭᠦᠢᠴᠡᠳᠬᠡᠭᠳᠡᠭᠰᠡᠨ ᠪᠠᠢᠭᠠᠯᠢ ᠬᠦᠮᠦᠨ 609 ᠨᠡᠷᠡᠰ ᠂ ᠬᠠᠤᠯᠢ ᠶᠢᠨ ᠡᠷᠬᠡᠳᠡᠨ 28 ᠡᠷᠦᠬᠡ᠃ 2 ᠬᠦᠮᠦᠨ ᠢ ᠳᠤᠷᠭᠠᠭᠠᠵᠤ ᠂ ᠨᠡᠢᠳᠡ 4500 ᠲᠦᠬᠦᠷᠢᠭ ᠃

    2017 ᠤᠨ ᠪᠤᠯ ᠤᠷᠳᠤᠰ ᠬᠤᠳᠠ ᠶᠢᠨ ᠬᠤᠶᠠᠷ ᠱᠠᠳᠤᠨ ᠤ ᠰᠢᠬᠦᠬᠦ ᠬᠤᠷᠢᠶᠠᠨ ᠤ ᠭᠦᠢᠴᠡᠳᠬᠡᠬᠦ ᠠᠵᠢᠯ ᠤᠨ ᠴᠢᠬᠤᠯ ᠨᠢᠬᠡ ᠵᠢᠯ ᠮᠦᠨ ᠂ ᠬᠤᠶᠠᠷ ᠱᠠᠳᠤᠨ ᠤ ᠰᠢᠬᠦᠬᠦ ᠬᠤᠷᠢᠶ᠎ᠠ《ᠠᠷᠠᠳ ᠤᠨ ᠠᠮᠢᠳᠤᠷᠠᠯ》 ᠳᠤ ᠬᠣᠯᠪᠤᠭᠳᠠᠭᠰᠠᠨ ᠬᠡᠷᠡᠭ ᠢ ᠲᠥᠪᠯᠡᠷᠡᠭᠦᠯᠦᠨ ᠰᠢᠢᠳᠪᠦᠷᠢᠯᠡᠬᠦ ᠪᠡᠷ ᠡᠬᠢᠯᠡᠯᠲᠠ ᠶᠢᠨ ᠴᠡᠭ ᠪᠤᠯᠭᠠᠵᠤ ᠂ ᠳᠡᠰ ᠳᠠᠷᠠᠭᠠᠯᠠᠨ ᠲᠦᠪᠯᠡᠷᠡᠬᠦᠯᠦᠨ ᠬᠦᠢᠴᠡᠳᠬᠡᠬᠦ ᠪᠠ ᠳᠤᠰᠬᠠᠢ ᠬᠦᠢᠴᠡᠳᠬᠡᠬᠦ ᠠᠵᠢᠯᠯᠠᠭ᠎ᠠ ᠶᠠᠪᠤᠭᠳᠠᠭᠤᠯᠵᠤ ᠂ ᠤᠯᠠᠮ ᠨᠢᠬᠡ ᠠᠯᠬᠤᠮ ᠳᠠᠷᠤᠭᠳᠠᠮᠠᠯ ᠬᠡᠷᠡᠭ ᠢ ᠰᠢᠢᠳᠪᠦᠷᠢᠯᠡᠪᠡ ᠃ ᠳᠠᠷᠠᠭᠠᠴᠢ ᠶᠢᠨ ᠠᠯᠬᠤᠮ ᠳᠤ ᠂ ᠬᠤᠶᠠᠷ ᠱᠠᠳᠤᠨ ᠤ ᠰᠢᠬᠦᠬᠦ ᠬᠤᠷᠢᠶ᠎ᠠ ᠳᠠᠭᠤᠰᠤᠭ᠎ᠠ ᠦᠬᠡᠢ ᠬᠡᠷᠡᠭ ᠳᠤᠮᠳᠠ ᠤᠷᠳᠤ ᠬᠤᠭᠤᠴᠠᠭ᠎ᠠ ᠪᠠᠷ ᠠᠯᠪᠠᠳᠠᠯᠭ᠎ᠠ ᠶᠢᠨ ᠠᠷᠭ᠎ᠠ ᠠᠪᠴᠢᠯ ᠠᠪᠤᠭ᠎ᠠ ᠦᠬᠡᠢ ᠬᠡᠷᠡᠭ ᠂ ᠤᠷᠳᠤ ᠬᠤᠭᠤᠴᠠᠭ᠎ᠠ ᠪᠠᠷ ᠡᠳ᠋ ᠬᠦᠷᠦᠩᠬᠡ ᠶᠢ ᠡᠵᠡᠮᠳᠡᠭᠰᠡᠨ ᠪᠤᠯᠪᠠᠴᠤ ᠰᠢᠢᠳᠪᠦᠷᠢᠯᠡᠬᠡ ᠦᠬᠡᠢ ᠬᠡᠷᠡᠭ ᠲᠦ ᠬᠠᠨᠳᠤᠭᠤᠯᠤᠨ ᠲᠤᠰᠭᠠᠢ ᠠᠵᠢᠯᠯᠠᠭ᠎ᠠ ᠶᠠᠪᠤᠭᠳᠠᠭᠤᠯᠵᠤ ᠂ ᠬᠦᠢᠴᠡᠳᠬᠡᠬᠦ ᠡᠴᠡ ᠰᠢᠯᠳᠠᠭᠯᠠᠨ ᠵᠠᠢᠯᠠᠬᠤ ᠂ ᠬᠤᠰᠢᠯᠠᠭᠤᠯᠤᠨ ᠬᠦᠢᠴᠡᠳᠬᠡᠬᠦ ᠂ ᠰᠣᠩᠭᠤᠨ ᠬᠦᠢᠴᠡᠳᠬᠡᠬᠦ ᠵᠡᠷᠬᠡ ᠶᠤᠰᠤ ᠪᠤᠰᠤ ᠭᠦᠢᠴᠡᠳᠬᠡᠬᠦ ᠠᠵᠢᠯᠯᠠᠭ᠎ᠠ ᠶᠢ ᠴᠢᠷᠮᠠᠢᠨ ᠤᠰᠠᠳᠬᠠᠨ᠎ᠠ ᠃ ᠡᠭᠦᠨ ᠦ ᠬᠠᠮᠳᠤ ᠪᠠᠢᠴᠠᠭᠠᠨ ᠡᠵᠡᠮᠳᠡᠬᠦ ᠰᠢᠰᠲ᠋ᠧᠮ ᠢ ᠬᠦᠢᠴᠡᠳ ᠠᠰᠢᠭᠯᠠᠨ ᠬᠦᠢᠴᠡᠳᠬᠡᠭᠳᠡᠭᠴᠢ ᠶᠢᠨ ᠳᠤᠰᠢᠶᠠᠵᠤ ᠪᠤᠯᠬᠤ ᠡᠳ᠋ ᠬᠥᠷᠦᠩᠭᠡ ᠶᠢ ᠪᠠᠢᠴᠠᠭᠠᠨ ᠡᠵᠡᠮᠳᠡᠬᠦ ᠡᠷᠴᠢᠮ ᠢᠶᠡᠨ ᠴᠢᠩᠭᠠᠳᠬᠠᠵᠤ ᠂ ᠰᠢᠬᠦᠬᠦ ᠬᠤᠷᠢᠶᠠᠨ ᠤ ᠰᠠᠨᠠᠭᠠᠴᠢᠯᠠᠭ᠎ᠠ ᠠᠴᠠ ᠪᠠᠨ ᠪᠠᠢᠴᠠᠭᠠᠨ ᠡᠵᠡᠮᠳᠡᠬᠦ ᠡᠷᠬᠡ ᠰᠦᠷ ᠢ ᠪᠠᠳᠠᠷᠠᠭᠤᠯᠤᠨ᠎ᠠ ᠃ ᠬᠦᠢᠴᠡᠳᠬᠡᠭᠳᠡᠭᠴᠢ ᠶᠢᠨ ᠶᠤᠰᠤ ᠪᠤᠰᠤ ᠪᠠᠷ ᠡᠳ᠋ ᠬᠥᠷᠦᠩᠭᠡ ᠪᠡᠨ ᠰᠢᠯᠵᠢᠭᠦᠯᠬᠦ ᠦᠢᠯᠡ ᠠᠵᠢᠯᠯᠠᠭ᠎ᠠ  ᠶᠢ ᠶᠠᠯᠠᠳᠠᠬᠤ ᠶᠢ ᠴᠢᠩᠭᠠᠳᠬᠠᠵᠤ ᠂ ᠭᠦᠢᠴᠡᠳᠬᠡᠬᠦ ᠶᠢ ᠬᠦᠴᠦᠷᠬᠡᠭᠯᠡᠯ ᠢᠶᠡᠷ ᠡᠰᠡᠷᠬᠦᠴᠡᠬᠦ ᠂ ᠬᠠᠤᠯᠢ ᠪᠤᠰᠤ ᠪᠠᠷ ᠰᠢᠬᠦᠬᠦ ᠬᠤᠷᠢᠶᠠᠨ ᠤ ᠪᠠᠢᠴᠠᠭᠠᠨ ᠪᠢᠳᠡᠮᠵᠢᠬᠦᠯᠦᠭᠰᠡᠨ᠂ ᠳᠠᠷᠤᠵᠤ ᠠᠪᠤᠭᠰᠠᠨ ᠂ ᠬᠦᠯᠳᠡᠭᠡᠭᠰᠡᠨ ᠡᠳ᠋ ᠬᠥᠷᠦᠩᠭᠡ ᠶᠢ ᠰᠢᠢᠳᠪᠦᠷᠢᠯᠡᠭᠰᠡᠨ ᠵᠡᠷᠬᠡ ᠬᠠᠤᠯᠢ ᠵᠦᠷᠢᠴᠡᠭᠰᠡᠨ ᠠᠵᠢᠯᠯᠠᠭ᠎ᠠ ᠶᠢ ᠬᠠᠤᠯᠢ ᠶᠤᠰᠤᠭᠠᠷ ᠴᠢᠩᠭ᠎ᠠ ᠰᠢᠢᠳᠬᠡᠨ᠎ᠠ ᠃ 《ᠭᠦᠢᠴᠡᠳᠬᠡᠬᠦ ᠶᠢ ᠳᠡᠪᠴᠢᠭᠰᠡᠨ ᠶᠠᠯ᠎ᠠ》 ᠳᠤ ᠬᠦᠨᠳᠦ ᠴᠤᠬᠢᠯᠲᠠ ᠦᠭᠬᠦ ᠳᠤᠰᠬᠠᠢ ᠠᠵᠢᠯᠯᠠᠭ᠎ᠠ ᠦᠷᠬᠦᠯᠵᠢᠯᠡᠨ ᠶᠠᠪᠤᠭᠳᠠᠭᠤᠯᠵᠤ ᠂ ᠲᠡᠭᠦᠨ ᠢ ᠶᠡᠷᠦᠳᠡ ᠶᠢᠨ ᠪᠠᠢᠳᠠᠯ ᠪᠤᠯᠭᠠᠨ᠎ᠠ ᠃

     2017 ᠤᠨ ᠳᠤ ᠂ ᠪᠦᠬᠦ ᠬᠤᠳᠠ ᠶᠢᠨ ᠬᠤᠶᠠᠷ ᠱᠠᠳᠤᠨ ᠤ ᠰᠢᠬᠦᠬᠦ ᠬᠤᠷᠢᠶ᠎ᠠ ᠬᠠᠤᠯᠢ ᠴᠠᠭᠠᠵᠠ ᠶᠢᠨ ᠥᠭᠡᠷᠡᠴᠢᠯᠡᠯᠲᠡ ᠶᠢᠨ ᠵᠤᠷᠢᠭ ᠰᠠᠨᠠᠭ᠎ᠠ ᠶᠤᠰᠤᠭᠠᠷ ᠂ ᠤᠯᠠᠮ ᠨᠢᠬᠡ ᠠᠯᠬᠤᠮ ᠭᠦᠢᠴᠡᠳᠬᠡᠬᠦ ᠡᠩᠨᠡᠭᠡ ᠶᠢᠨ ᠪᠦᠲᠦᠭᠡᠨ ᠪᠠᠢᠭᠤᠯᠤᠯᠲᠠ ᠶᠢ ᠴᠢᠩᠭᠠᠳᠭᠠᠵᠤ᠂ ᠬᠦᠢᠴᠡᠳᠬᠡᠬᠦ ᠦᠢᠯᠡ ᠠᠵᠢᠯᠯᠠᠭ᠎ᠠ ᠶᠢ ᠲᠦᠷᠢᠮᠵᠢᠬᠦᠯᠵᠦ ᠂ ᠭᠦᠢᠴᠡᠳᠬᠡᠬᠦ ᠠᠵᠢᠯᠳᠠᠨ ᠤ ᠬᠡᠪ ᠴᠢᠨᠠᠷ ᠢ ᠳᠡᠭᠡᠭᠰᠢᠯᠡᠵᠦ ᠂ ᠨᠢᠬᠡᠨ ᠠᠷᠢᠭᠤᠨ ᠴᠡᠪᠡᠷ ᠂ ᠦᠨᠳᠦᠷ ᠪᠦᠲᠦᠮᠵᠢᠲᠠᠢ ᠂ ᠲᠦᠪ ᠭᠤᠤᠯᠴᠢ ᠭᠦᠢᠴᠡᠳᠬᠡᠬᠦ ᠡᠩᠨᠡᠭᠡ ᠶᠢ ᠴᠢᠷᠮᠠᠢᠨ ᠪᠠᠢᠭᠤᠯᠤᠨ᠎ᠠ ᠃

ᠦᠨᠡᠯᠡᠬᠦ 0ᠦᠨᠡᠯᠡᠯᠲᠡ ᠲᠠᠢ


( ᠨᠧᠲ ᠨᠠᠢᠵᠠ ᠵᠢᠨ ᠦᠨᠡᠯᠡᠯᠲᠡ ᠨᠢ ᠵᠦᠪᠭᠡᠨ ᠲᠡᠭᠦᠨ ᠊ᠤ᠌ ᠬᠤᠪᠢ ᠭᠦᠮᠦᠨ ᠊ᠤ᠌ ᠦᠵᠡᠯᠲᠡ ᠲᠡᠳᠦᠢ᠂ ᠲᠤᠰ ᠨᠧᠲ ᠦᠷᠳᠡᠭᠡ ᠲᠡᠭᠦᠨ ᠊ᠤ᠌ ᠦᠵᠡᠯᠲᠡ ᠵᠢ ᠵᠦᠪᠰᠢᠶᠡᠷᠡᠭᠰᠡᠨ ᠶᠠᠪᠤᠳᠠᠯ ᠤᠭᠳᠤ ᠪᠢᠰᠢ ᠶᠤᠮ᠃ )