ᠥᠪᠡᠷᠲᠡᠭᠡᠨ ᠵᠠᠰᠠᠬᠤ ᠤᠷᠤᠨ ᠤ ᠠᠷᠠᠳ ᠤᠨ ᠳᠡᠬᠡᠳᠦ ᠵᠡᠷᠬᠡ ᠶᠢᠨ ᠰᠢᠬᠦᠬᠦ ᠬᠤᠷᠢᠶᠠᠨ ᠤ ᠤᠯᠤᠰ ᠲᠦᠷᠦ ᠶᠢᠨ ᠬᠡᠯᠳᠡᠰ ᠦᠨ ᠪᠠᠢᠴᠠᠭᠠᠨ ᠰᠤᠳᠤᠯᠬᠤ ᠳᠤᠭᠤᠢᠯᠠᠩ ᠮᠠᠨ ᠤ ᠬᠤᠳᠠ ᠶᠢᠨ ᠰᠢᠬᠦᠬᠦ ᠬᠤᠷᠢᠶᠠᠨ ᠤ ᠬᠠ
2017.03.03 ᠲᠣᠰ ᠥᠷᠲᠡᠭᠡᠨ᠎ᠦ ᠨᠠᠢᠷᠠᠭᠤᠯᠤᠭᠴᠢ

ᠥᠪᠡᠷᠲᠡᠭᠡᠨ ᠵᠠᠰᠠᠬᠤ ᠤᠷᠤᠨ ᠤ ᠠᠷᠠᠳ ᠤᠨ ᠳᠡᠬᠡᠳᠦ ᠵᠡᠷᠬᠡ ᠶᠢᠨ ᠰᠢᠬᠦᠬᠦ ᠬᠤᠷᠢᠶᠠᠨ ᠤ ᠤᠯᠤᠰ ᠲᠦᠷᠦ ᠶᠢᠨ ᠬᠡᠯᠳᠡᠰ ᠦᠨ ᠪᠠᠢᠴᠠᠭᠠᠨ ᠰᠤᠳᠤᠯᠬᠤ ᠳᠤᠭᠤᠢᠯᠠᠩ ᠮᠠᠨ ᠤ ᠬᠤᠳᠠ ᠶᠢᠨ ᠰᠢᠬᠦᠬᠦ ᠬᠤᠷᠢᠶᠠᠨ ᠤ ᠬᠠᠷᠢᠭᠤᠴᠠᠯᠭ᠎ᠠ ᠶᠢᠨ ᠲᠦᠷᠢᠮ ᠦᠨ ᠥᠭᠡᠷᠡᠴᠢᠯᠡᠯᠲᠡ ᠶᠢᠨ ᠠᠵᠢᠯ ᠢ ᠪᠠᠢᠴᠠᠭᠠᠨ ᠰᠤᠳᠤᠯᠠᠪᠠ

 

 

 

 

    ᠬᠠᠤᠯᠢ ᠴᠠᠭᠠᠵᠠ ᠶᠢᠨ ᠬᠠᠷᠢᠭᠤᠴᠠᠯᠭ᠎ᠠ ᠶᠢᠨ ᠲᠦᠷᠢᠮ ᠦᠨ ᠥᠭᠡᠷᠡᠴᠢᠯᠡᠯᠲᠡ ᠶᠢᠨ ᠠᠵᠢᠯ ᠤᠨ ᠳᠤᠮᠳᠠᠬᠢ ᠠᠵᠢᠯᠲᠠᠨ ᠢ ᠵᠤᠬᠢᠶᠠᠨ ᠪᠠᠢᠭᠤᠯᠬᠤ ᠠᠰᠠᠭᠤᠳᠠᠯ ᠢ ᠬᠦᠨᠵᠡᠭᠡᠢ ᠣᠢᠯᠭᠠᠬᠤ ᠶᠢᠨ ᠲᠦᠯᠦᠭᠡ ᠂ 3 ᠰᠠᠷᠠᠢᠨ 2  ᠤ ᠡᠳᠦᠷ ᠦᠨ ᠦᠳᠡ ᠶᠢᠨ ᠡᠮᠦᠨ᠎ᠠ ᠂ ᠥᠪᠡᠷᠲᠡᠭᠡᠨ ᠵᠠᠰᠠᠬᠤ ᠤᠷᠤᠨ ᠤ ᠠᠷᠠᠳ ᠤᠨ ᠳᠡᠭᠡᠳᠦ ᠵᠡᠷᠬᠡ ᠶᠢᠨ ᠰᠢᠬᠦᠬᠦ ᠬᠤᠷᠢᠶᠠᠨ ᠤ ᠤᠯᠤᠰ ᠲᠦᠷᠦ ᠶᠢᠨ ᠬᠡᠯᠳᠡᠰ ᠦᠨ ᠵᠢᠩᠬᠢᠨᠢ ᠰᠠᠯᠠᠭᠠᠨ ᠤ ᠳᠡᠰ ᠦᠨ ᠰᠢᠬᠦᠨ ᠳᠠᠰᠤᠯᠤᠭᠴᠢ ᠺᠠᠩ ᠺᠠᠢ ᠵᠡᠷᠬᠡ ᠬᠦᠮᠦᠰ ᠮᠠᠨ ᠤ ᠬᠤᠷᠢᠶᠠᠨ ᠳᠤ ᠬᠦᠷᠴᠦ ᠪᠠᠢᠴᠠᠭᠠᠨ ᠰᠤᠳᠤᠯᠤᠯᠳᠠ ᠬᠢᠵᠦ ᠂ ᠪᠠᠢᠴᠠᠭᠠᠨ ᠰᠤᠳᠤᠯᠤᠯᠲᠠ ᠨᠢ ᠰᠠᠭᠤᠳᠠᠯ ᠤᠨ ᠬᠤᠷᠠᠯ ᠤᠨ ᠬᠡᠯᠪᠡᠷᠢ ᠪᠡᠷ ᠶᠠᠪᠤᠭᠳᠠᠵᠤ ᠂ ᠬᠤᠳᠠ ᠶᠢᠨ ᠠᠷᠠᠳ ᠤᠨ ᠳᠤᠮᠳᠠ ᠵᠡᠷᠬᠡ ᠶᠢᠨ ᠰᠢᠬᠦᠬᠦ ᠬᠤᠷᠢᠶᠠᠨ ᠤ ᠤᠯᠤᠰ ᠲᠦᠷᠦ ᠶᠢᠨ ᠬᠡᠯᠳᠡᠰ ᠦᠨ ᠳᠡᠳ᠋ ᠡᠷᠬᠢᠯᠡᠭᠴᠢ᠂ ᠰᠢᠬᠦᠭᠴᠢ  ᠶᠢᠨ ᠬᠠᠮᠢᠶᠠᠷᠤᠯᠳᠠ ᠶᠢᠨ ᠰᠠᠯᠠᠭ᠎ᠠ ᠶᠢᠨ ᠳᠠᠷᠤᠭ᠎ᠠ ᠴᠤᠤ ᠭᠤᠸᠠᠩ ᠬᠤᠷᠠᠯ ᠡᠷᠬᠢᠯᠡᠵᠦ ᠂ ᠤᠯᠤᠰ ᠲᠦᠷᠦ ᠶᠢᠨ ᠬᠡᠯᠳᠡᠰ ᠦᠨ ᠪᠦᠬᠦ ᠺᠠᠳᠠᠷ ᠴᠠᠭᠳᠠᠭ᠎ᠠ ᠵᠢᠴᠢ ᠡᠯ᠎ᠠ ᠬᠤᠰᠢᠭᠤ ᠳᠤᠭᠤᠷᠢᠭ ᠤᠨ ᠰᠢᠬᠦᠬᠦ ᠬᠤᠷᠢᠶᠠᠨ ᠤ ᠤᠯᠤᠰ ᠲᠦᠷᠦ ᠶᠢᠨ ᠬᠡᠯᠳᠡᠰ ᠦᠨ ᠡᠷᠬᠢᠯᠡᠭᠴᠢ ᠬᠤᠷᠠᠯ ᠳᠤ ᠤᠷᠤᠯᠴᠠᠪᠠ ᠃

    ᠬᠤᠷᠠᠯ ᠳᠡᠭᠡᠷ᠎ᠠ ᠂ ᠬᠤᠳᠠ ᠶᠢᠨ ᠠᠷᠠᠳ ᠤᠨ ᠳᠤᠮᠳᠠ ᠵᠡᠷᠬᠡ ᠶᠢᠨ ᠰᠢᠬᠦᠬᠦ ᠬᠤᠷᠢᠶ᠎ᠠ ᠪᠠ ᠡᠯ᠎ᠠ ᠬᠤᠰᠢᠭᠤ ᠳᠤᠭᠤᠷᠢᠭ ᠤᠨ ᠰᠢᠬᠦᠬᠦ ᠬᠤᠷᠢᠶᠠᠨ ᠤ ᠤᠯᠤᠰ ᠲᠦᠷᠦ ᠶᠢᠨ ᠬᠡᠯᠳᠡᠰ ᠦᠨ ᠡᠷᠬᠢᠯᠡᠭᠴᠢ ᠳᠤᠰ ᠬᠤᠷᠢᠶᠠᠨ ᠤ ᠬᠠᠤᠯᠢ ᠴᠠᠭᠠᠵᠠ ᠶᠢᠨ ᠥᠭᠡᠷᠡᠴᠢᠯᠡᠯᠲᠡ ᠶᠢᠨ ᠲᠦᠯᠬᠢᠨ ᠠᠬᠢᠭᠤᠯᠤᠭᠰᠠᠨ ᠪᠠᠢᠳᠠᠯ ᠪᠠ ᠬᠠᠤᠯᠢ ᠴᠠᠭᠠᠵᠠ ᠶᠢᠨ ᠥᠭᠡᠷᠡᠴᠢᠯᠡᠯᠲᠡ ᠶᠢᠨ ᠲᠦᠯᠬᠢᠨ ᠠᠬᠢᠭᠤᠯᠬᠤ ᠶᠠᠪᠤᠴᠠ ᠳᠤᠮᠳᠠ ᠠᠵᠢᠯᠲᠠᠨ ᠢ ᠵᠤᠬᠢᠶᠠᠨ ᠪᠠᠢᠭᠤᠯᠬᠤ ᠳᠤ ᠤᠷᠤᠰᠢᠵᠤ ᠪᠠᠢᠭ᠎ᠠ ᠪᠤᠯᠤᠨ ᠳᠤᠯᠭᠠᠷᠠᠭᠰᠠᠨ ᠠᠰᠠᠭᠤᠳᠠᠯ ᠵᠢᠴᠢ ᠳᠠᠷᠠᠭᠠᠴᠢ ᠶᠢᠨ ᠠᠯᠬᠤᠮ ᠤᠨ ᠠᠵᠢᠯ ᠤᠨ ᠲᠦᠯᠦᠪᠯᠡᠬᠡ ᠶᠢᠨ ᠳᠤᠬᠠᠢ ᠬᠠᠷᠢᠭᠤ ᠮᠡᠳᠡᠭᠦᠯᠦᠯᠲᠡ ᠬᠢᠪᠡ ᠃ ᠪᠠᠢᠴᠠᠭᠠᠨ ᠰᠤᠳᠤᠯᠠᠬᠤ ᠳᠤᠭᠤᠢᠯᠠᠩ ᠪᠦᠬᠦ ᠬᠤᠳᠠ ᠶᠢᠨ ᠬᠤᠶᠠᠷ ᠱᠠᠳᠤᠨ ᠤ ᠰᠢᠬᠦᠬᠦ ᠬᠤᠷᠢᠶᠠᠨ ᠤ ᠣᠷᠤᠰᠢᠵᠤ ᠪᠠᠢᠭ᠎ᠠ ᠠᠰᠠᠭᠤᠳᠠᠯ ᠪᠠ ᠳᠤᠯᠭᠠᠷᠠᠭᠰᠠᠨ ᠠᠰᠠᠭᠤᠳᠠᠯ ᠢ ᠰᠤᠨᠤᠭᠰᠠᠨ ᠤ ᠳᠠᠷᠠᠭ᠎ᠠ ᠂ ᠮᠠᠨ ᠤ ᠬᠤᠳᠠ ᠶᠢᠨ ᠰᠢᠬᠦᠬᠦ ᠬᠤᠷᠢᠶ᠎ᠠ ᠳᠤ ᠨᠡᠢᠳᠡᠮ ᠤᠷᠤᠰᠢᠵᠤ ᠪᠠᠢᠭ᠎ᠠ ᠠᠵᠢᠯᠳᠠᠨ ᠤ ᠪᠡᠶ᠎ᠠ ᠬᠡᠮ ᠂ ᠤᠷᠤᠨ ᠳᠤᠭᠠᠨ ᠤ ᠬᠠᠮᠢᠶᠠᠷᠤᠯᠲᠠ ᠂ ᠺᠠᠳᠠᠷ ᠰᠢᠯᠵᠢᠬᠦᠯᠬᠦ ᠂ ᠺᠠᠳᠠᠷ ᠰᠢᠯᠢᠨ ᠳᠠᠪᠰᠢᠭᠤᠯᠵᠤ ᠳᠤᠮᠢᠯᠠᠨ ᠬᠡᠷᠡᠭᠯᠡᠬᠦ ᠂ ᠠᠵᠢᠯᠳᠠᠨ ᠡᠯᠰᠡᠬᠦ ᠂ ᠠᠵᠢᠯ ᠠᠴᠠ ᠠᠮᠠᠷᠠᠬᠤ ᠂ ᠴᠠᠯᠢᠩ ᠵᠡᠷᠬᠡ ᠳᠠᠯ᠎ᠠ ᠶᠢᠨ ᠠᠰᠠᠭᠤᠳᠠᠯ ᠳᠤ ᠲᠠᠢᠯᠪᠤᠷᠢᠯᠠᠯᠲᠠ ᠬᠢᠭᠰᠡᠨ ᠪᠦᠭᠡᠳ ᠥᠪᠡᠷᠲᠡᠭᠡᠨ ᠵᠠᠰᠠᠬᠤ ᠤᠷᠤᠨ ᠤ ᠠᠷᠠᠳ ᠤᠨ ᠳᠡᠭᠡᠳᠦ ᠵᠡᠷᠬᠡ ᠶᠢᠨ ᠰᠢᠬᠦᠬᠦ ᠬᠤᠷᠢᠶᠠᠨ ᠤ ᠬᠠᠤᠯᠢ ᠴᠠᠭᠠᠵᠠ ᠶᠢᠨ ᠬᠠᠷᠢᠭᠤᠴᠠᠯᠭ᠎ᠠ ᠶᠢᠨ ᠲᠦᠷᠢᠮ ᠦᠨ ᠥᠭᠡᠷᠡᠴᠢᠯᠡᠯᠲᠡ ᠶᠢ ᠶᠠᠪᠤᠭᠳᠠᠭᠤᠯᠬᠤ ᠶᠠᠪᠤᠴᠠ ᠳᠤᠮᠳᠠ ᠠᠵᠢᠯᠳᠠᠨ ᠢ ᠵᠤᠬᠢᠶᠠᠨ ᠪᠠᠢᠭᠤᠯᠬᠤ ᠳᠠᠯ᠎ᠠ ᠶᠢᠨ ᠠᠵᠢᠯ ᠤᠨ ᠲᠥᠰᠦᠪᠯᠡᠯ  ᠢ ᠳᠠᠮᠵᠢᠭᠤᠯᠵᠤ ᠂ ᠮᠠᠨ ᠤ ᠬᠤᠳᠠ ᠶᠢᠨ ᠰᠢᠬᠦᠬᠦ ᠬᠤᠷᠢᠶᠠᠨ ᠤ ᠤᠯᠤᠰ ᠲᠦᠷᠦ ᠶᠢᠨ ᠬᠡᠯᠳᠡᠰ ᠦᠨ ᠳᠠᠷᠠᠭᠠᠴᠢ ᠶᠢᠨ ᠠᠯᠬᠤᠮ ᠤᠨ ᠠᠵᠢᠯ ᠳᠤ ᠴᠢᠭᠯᠡᠯ ᠵᠢᠭᠠᠵᠤ ᠦᠭᠪᠡ ᠃

    ᠪᠠᠢᠴᠠᠭᠠᠨ ᠰᠤᠳᠤᠯᠬᠤ ᠳᠤᠭᠤᠢᠯᠠᠩ ᠵᠢᠭᠠᠵᠤ ᠭᠠᠷᠭᠠᠭᠰᠠᠨ ᠨᠢ᠂ᠥᠪᠡᠷᠲᠡᠭᠡᠨ ᠵᠠᠰᠠᠬᠤ ᠤᠷᠤᠨ ᠤ ᠠᠷᠠᠳ ᠤᠨ ᠳᠡᠭᠡᠳᠦ ᠵᠡᠷᠬᠡ ᠶᠢᠨ ᠰᠢᠬᠦᠬᠦ ᠬᠤᠷᠢᠶ᠎ᠠ ᠥᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠵᠤᠬᠢᠶᠠᠨ ᠪᠠᠢᠭᠤᠯᠬᠤ ᠬᠡᠯᠳᠡᠰ ᠂ ᠥᠪᠡᠷᠲᠡᠭᠡᠨ ᠵᠠᠰᠠᠬᠤ ᠤᠷᠤᠨ ᠤ ᠤᠷᠤᠨ ᠳᠤᠭ᠎ᠠ ᠶᠢᠨ ᠵᠦᠪᠯᠡᠯ ᠪᠤᠯᠤᠨ ᠥᠪᠡᠷᠲᠡᠭᠡᠨ ᠵᠠᠰᠠᠬᠤ ᠤᠷᠤᠨ ᠤ ᠬᠦᠮᠦᠨ ᠨᠡᠢᠬᠡᠮ ᠦᠨ ᠲᠢᠩᠬᠢᠮ ᠳᠠᠢ ᠢᠳᠡᠪᠬᠢᠲᠡᠢ ᠬᠠᠮᠵᠢᠯᠴᠠᠨ ᠺᠠᠳᠠᠷ ᠤᠨ ᠬᠠᠮᠢᠶᠠᠷᠤᠯᠳᠠ ᠂ ᠤᠷᠤᠨ ᠳᠤᠭᠠᠨ ᠤ ᠬᠡᠷᠡᠭᠯᠡᠯᠲᠡ ᠂ ᠴᠠᠯᠢᠩ ᠬᠢᠨᠠᠨ ᠵᠦᠪᠰᠢᠶᠡᠷᠡᠬᠦ ᠬᠠᠮᠢᠶ᠎ᠠ ᠪᠦᠬᠦᠢ ᠲᠣᠭᠲᠠᠭᠠᠯ ᠭᠠᠷᠭᠠᠵᠤ ᠂ ᠤᠯᠠᠮ ᠨᠢᠬᠡ ᠠᠯᠬᠤᠮ ᠠᠵᠢᠯᠲᠠᠨ ᠤ ᠤᠷᠤᠨ ᠳᠤᠭᠠᠨ ᠤ ᠬᠠᠮᠢᠶᠠᠷᠤᠯᠲᠠ ᠶᠢ ᠲᠦᠷᠢᠮᠵᠢᠬᠦᠯᠬᠦ ᠶᠢᠨ ᠬᠠᠮᠳᠤ ᠰᠢᠬᠦᠭᠴᠢ ᠶᠢᠨ ᠬᠠᠪᠰᠤᠷᠤᠭᠴᠢ ᠪᠠ ᠳᠡᠮᠳᠡᠭᠯᠡᠭᠴᠢ  ᠶᠢᠨ ᠳᠤᠰᠭᠠᠷ ᠳᠤᠰᠢᠶᠠᠯ ᠤᠨ ᠳᠠᠷᠠᠭᠠᠯᠠᠯ ᠢ ᠬᠠᠮᠢᠶᠠᠷᠬᠤ ᠠᠷᠭ᠎ᠠ  ᠶᠢ ᠲᠤᠭᠤᠷᠪᠢᠨ ᠪᠢᠴᠢᠬᠦ ᠪᠠ ᠨᠡᠢᠳᠡᠯᠡᠵᠦ ᠂ ᠤᠷᠢᠵᠤ ᠬᠡᠷᠡᠭᠯᠡᠭᠰᠡᠳ ᠢ ᠰᠢᠯᠵᠢᠯᠲᠡ ᠶᠢ ᠬᠦᠯᠢᠶᠡᠨ ᠠᠪᠬᠤ ᠂ ᠳᠤᠭᠠᠨ ᠳᠤ ᠤᠷᠤᠭᠰᠠᠨ ᠰᠢᠬᠦᠭᠴᠢ ᠨᠦᠬᠦᠪᠦᠷᠢᠯᠡᠬᠦ ᠵᠡᠷᠬᠡ ᠠᠵᠢᠯ ᠢ ᠶᠠᠪᠤᠭᠳᠠᠭᠤᠯᠪᠠ ᠃

    ᠪᠦᠬᠦ ᠬᠤᠳᠠ ᠶᠢᠨ ᠬᠤᠶᠠᠷ ᠱᠠᠳᠤᠨ ᠤ ᠰᠢᠬᠦᠬᠦ ᠬᠤᠷᠢᠶ᠎ᠠ ᠳᠤᠰ ᠤᠳᠠᠭᠠᠨ ᠤ ᠪᠠᠢᠴᠠᠭᠠᠨ ᠰᠤᠳᠤᠯᠤᠯᠲᠠ ᠶᠢᠨ ᠰᠠᠭᠤᠳᠠᠯ ᠤᠨ ᠬᠤᠷᠠᠯ ᠤᠨ ᠵᠤᠷᠢᠭ ᠰᠠᠨᠠᠭ᠎ᠠ ᠶᠢ ᠨᠠᠷᠢᠨ ᠬᠢᠨᠠᠮᠠᠭᠠᠢ ᠨᠡᠢᠳᠠᠪᠦᠷᠢᠵᠢᠭᠤᠯᠵᠤ ᠂ ᠥᠪᠡᠷᠲᠡᠭᠡᠨ ᠵᠠᠰᠠᠬᠤ ᠤᠷᠤᠨ ᠤ ᠠᠷᠠᠳ ᠤᠨ ᠳᠡᠭᠡᠳᠦ ᠵᠡᠷᠬᠡ ᠶᠢᠨ ᠰᠢᠬᠦᠬᠦ ᠬᠤᠷᠢᠶᠠᠨ ᠤ ᠤᠯᠤᠰ ᠲᠦᠷᠦ ᠶᠢᠨ ᠬᠡᠯᠳᠡᠰ ᠦᠨ ᠠᠵᠢᠯ ᠤᠨ ᠲᠥᠰᠦᠪᠯᠡᠯ ᠶᠤᠰᠤᠭᠠᠷ ᠳᠤᠰ ᠬᠤᠷᠢᠶᠠᠨ ᠤ ᠬᠠᠤᠯᠢ ᠴᠠᠭᠠᠵᠠ ᠶᠢᠨ ᠬᠠᠷᠢᠭᠤᠴᠠᠯᠭ᠎ᠠ ᠶᠢᠨ ᠲᠦᠷᠢᠮ ᠦᠨ ᠥᠭᠡᠷᠡᠴᠢᠯᠡᠯᠲᠡ ᠶᠢᠨ ᠠᠵᠢᠯ ᠢ ᠢᠳᠡᠪᠬᠢᠳᠠᠢ ᠲᠦᠯᠬᠢᠨ ᠠᠬᠢᠭᠤᠯᠤᠨ᠎ᠠ ᠃

ᠦᠨᠡᠯᠡᠬᠦ 0ᠦᠨᠡᠯᠡᠯᠲᠡ᠎ᠲᠠᠢ


( ᠨᠧᠲ ᠨᠠᠢᠵᠠ ᠵᠢᠨ ᠦᠨᠡᠯᠡᠯᠲᠡ᠎ᠨᠢ ᠵᠦᠪᠭᠡᠨ ᠲᠡᠭᠦᠨ ᠊ᠤ᠌ ᠬᠤᠪᠢ ᠭᠦᠮᠦᠨ ᠊ᠤ᠌ ᠦᠵᠡᠯᠲᠡ ᠲᠡᠳᠦᠢ᠂ ᠲᠤᠰ ᠨᠧᠲ ᠦᠷᠳᠡᠭᠡ ᠲᠡᠭᠦᠨ ᠊ᠤ᠌ ᠦᠵᠡᠯᠲᠡ ᠵᠢ ᠵᠦᠪᠱᠢᠶᠡᠷᠡᠭᠰᠡᠨ ᠶᠠᠪᠤᠳᠠᠯ ᠤᠭᠳᠤ ᠪᠢᠱᠢ᠎ᠶᠤᠮ᠃ )