ᠥᠪᠡᠷᠲᠡᠭᠡᠨ ᠵᠠᠰᠠᠬᠤ ᠤᠷᠤᠨ ᠤ ᠠᠷᠠᠳ ᠤᠨ ᠳᠡᠬᠡᠳᠦ ᠵᠡᠷᠬᠡ ᠶᠢᠨ ᠰᠢᠬᠦᠬᠦ ᠬᠤᠷᠢᠶᠠᠨ ᠤ ᠠᠭᠤᠯᠠ ᠳᠤᠭᠤᠢᠯᠠᠩ ᠤᠨ ᠳᠠᠷᠤᠭ᠎ᠠ ᠵᠡᠷᠬᠡ ᠬᠦᠮᠦᠰ ᠮᠠᠨ ᠤ ᠬᠤᠷᠢᠶᠠᠨ ᠳᠤ ᠬᠦᠷᠴᠦ ᠪᠠᠢᠴᠠᠭᠠᠨ ᠰᠤᠳᠤᠯᠠᠵᠤ ᠵᠢᠭᠠᠨ ᠵᠢᠯᠤᠭᠤᠳᠪᠠ
3 ᠰᠠᠷᠠᠢᠨ 2 ᠤ ᠡᠳᠦᠷ ᠂ ᠥᠪᠡᠷᠲᠡᠭᠡᠨ ᠵᠠᠰᠠᠬᠤ ᠤᠷᠤᠨ ᠤ ᠠᠷᠠᠳ ᠤᠨ ᠳᠡᠬᠡᠳᠦ ᠵᠡᠷᠬᠡ ᠶᠢᠨ ᠰᠢᠬᠦᠬᠦ ᠬᠤᠷᠢᠶᠠᠨ ᠳᠤ ᠳᠤᠮᠢᠯᠠᠨ ᠰᠠᠭᠤᠯᠭᠠᠰᠠᠨ ᠰᠠᠬᠢᠯᠭ᠎ᠠ ᠪᠠᠳᠤ ᠪᠠᠢᠴᠠᠭᠠᠬᠤ ᠳᠤᠭᠤᠢᠯᠠᠩ ᠤᠨ ᠳᠠᠷᠤᠭ᠎ᠠ ᠠᠭᠤᠯᠠ ᠂ ᠳᠡᠳ᠋ ᠳᠤᠭᠤᠢᠯᠠᠩ ᠤᠨ ᠳᠠᠷᠤᠭ᠎ᠠ ᠪᠦᠭᠡᠳ ᠬᠢᠨᠠᠨ ᠪᠠᠢᠴᠠᠭᠠᠬᠤ ᠳᠠᠰᠤᠭ ᠤᠨ ᠡᠷᠬᠢᠯᠡᠭᠴᠢ ᠪᠠᠢ ᠢᠦᠢ ᠯᠦᠩ ᠵᠡᠷᠬᠡ ᠬᠦᠮᠦᠰ ᠮᠠᠨ ᠤ ᠬᠤᠷᠢᠶᠠᠨ ᠳᠤ ᠬᠦᠷᠴᠦ ᠨᠠᠮ ᠤᠨ ᠰᠤᠷᠳᠠᠯ ᠴᠢᠬᠡᠴᠢ ᠵᠠᠰᠠᠭ ᠤᠨ ᠪᠦᠲᠦᠭᠡᠨ ᠪᠠᠢᠭᠤᠯᠤᠯᠲᠠ ᠪᠤᠯᠤᠨ ᠢᠯᠵᠠᠷᠠᠮᠠᠯ ᠢ ᠡᠰᠡᠷᠭᠦᠴᠡᠬᠦ ᠠᠵᠢᠯ ᠢ ᠪᠠᠢᠴᠠᠭᠠᠨ ᠵᠢᠭᠠᠨ ᠵᠢᠯᠤᠭᠤᠳᠪᠠ ᠃ ᠤᠷᠳᠤᠰ ᠬᠤᠳᠠ ᠶᠢᠨ ᠠᠷᠠᠳ ᠤᠨ ᠳᠤᠮᠳᠠ ᠵᠡᠷᠬᠡ ᠶᠢᠨ ᠰᠢᠬᠦᠬᠦ ᠬᠤᠷᠢᠶᠠᠨ ᠤ ᠨᠠᠮ ᠤᠨ ᠤᠳᠤᠷᠢᠳᠬᠤ ᠳᠤᠭᠤᠢᠯᠠᠩ ᠤᠨ ᠬᠡᠰᠢᠬᠦᠨ᠂ ᠰᠠᠬᠢᠯᠭ᠎ᠠ ᠪᠠᠳᠤ ᠪᠠᠢᠴᠠᠭᠠᠬᠤ ᠳᠤᠭᠤᠢᠯᠠᠩ ᠤᠨ ᠳᠠᠷᠤᠭ᠎ᠠ ᠬᠥ᠋ ᠴᠢᠩ ᠴᠢᠶᠤᠸᠠᠨ ᠪᠠᠢᠴᠠᠭᠠᠨ ᠰᠤᠳᠤᠯᠬᠤ ᠳᠤᠭᠤᠢᠯᠠᠩ ᠤᠨ ᠬᠦᠮᠦᠰ ᠳᠠᠢ ᠤᠷᠳᠤᠰ ᠬᠤᠳᠠ ᠶᠢᠨ ᠠᠷᠠᠳ ᠤᠨ ᠳᠤᠮᠳᠠ ᠵᠡᠷᠬᠡ ᠶᠢᠨ ᠰᠢᠬᠦᠬᠦ ᠬᠤᠷᠢᠶᠠᠨ ᠤ ᠰᠢᠨ᠎ᠠ ᠠᠯᠪᠠᠨ ᠭᠡᠷ ᠦᠨ ᠠᠰᠠᠷ ᠤᠨ ᠮᠡᠳᠡᠭᠡ ᠵᠠᠩᠭᠢᠴᠢᠯᠠᠯᠲᠠ ᠶᠢᠨ ᠪᠦᠲᠦᠭᠡᠨ ᠪᠠᠢᠭᠤᠯᠤᠯᠲᠠ ᠪᠤᠯᠤᠨ ᠰᠤᠶᠤᠯ ᠤᠨ ᠪᠦᠲᠦᠭᠡᠨ ᠪᠠᠢᠭᠤᠯᠤᠯᠲᠠ ᠶᠢᠨ ᠦᠷ᠎ᠠ ᠪᠦᠲᠦᠮᠵᠢ ᠶᠢ ᠳᠤᠭᠤᠷᠢᠨ ᠦᠵᠡᠪᠡ ᠃
ᠳᠤᠭᠤᠷᠢᠵᠤ ᠦᠵᠡᠵᠦ ᠳᠠᠭᠤᠰᠤᠭᠰᠠᠨ ᠤ ᠳᠠᠷᠠᠭ᠎ᠠ ᠂ ᠪᠠᠢᠴᠠᠭᠠᠨ ᠰᠤᠳᠤᠯᠬᠤ ᠳᠤᠭᠤᠢᠯᠠᠩ ᠤᠷᠳᠤᠰ ᠬᠤᠳᠠ ᠶᠢᠨ ᠠᠷᠠᠳ ᠤᠨ ᠳᠤᠮᠳᠠ ᠵᠡᠷᠬᠡ ᠶᠢᠨ ᠰᠢᠬᠦᠬᠦ ᠬᠤᠷᠢᠶᠠᠨ ᠳᠤ ᠰᠠᠭᠤᠳᠠᠯ ᠤᠨ ᠬᠤᠷᠠᠯ ᠬᠤᠷᠠᠯᠳᠤᠭᠤᠯᠪᠠ ᠃ ᠬᠤᠳᠠ ᠶᠢᠨ ᠠᠷᠠᠳ ᠤᠨ ᠳᠤᠮᠳᠠ ᠵᠡᠷᠬᠡ ᠶᠢᠨ ᠰᠢᠬᠦᠬᠦ ᠬᠤᠷᠢᠶᠠᠨ ᠤ ᠤᠳᠤᠷᠢᠳᠬᠤ ᠪᠠᠭ ᠤᠨ ᠬᠡᠰᠢᠭᠦᠨ ᠂ ᠤᠤᠯᠰ ᠲᠦᠷᠦ ᠶᠢᠨ ᠬᠡᠯᠳᠡᠰ ᠂ ᠬᠢᠨᠠᠨ ᠪᠠᠢᠴᠠᠭᠠᠬᠤ ᠬᠡᠯᠳᠡᠰ ᠂ ᠠᠯᠪᠠᠨ ᠭᠡᠷ ᠦᠨ ᠬᠠᠷᠢᠭᠤᠴᠠᠯᠭᠠᠳᠠᠨ ᠬᠤᠷᠠᠯ ᠳᠤ ᠤᠷᠤᠯᠴᠠᠪᠠ ᠃
ᠬᠤᠷᠠᠯ ᠳᠡᠭᠡᠷ᠎ᠠ ᠂ ᠬᠤᠳᠠ ᠶᠢᠨ ᠠᠷᠠᠳ ᠤᠨ ᠳᠤᠮᠳᠠ ᠵᠡᠷᠬᠡ ᠶᠢᠨ ᠰᠢᠬᠦᠬᠦ ᠬᠤᠷᠢᠶᠠᠨ ᠤ ᠨᠠᠮ ᠤᠨ ᠤᠳᠤᠷᠢᠳᠬᠤ ᠳᠤᠭᠤᠢᠯᠠᠩ ᠤᠨ ᠱᠦᠵᠢ ᠂ ᠬᠤᠷᠢᠶᠠᠨ ᠳᠠᠷᠤᠭ᠎ᠠ ᠯᠢ ᠾᠦᠩ ᠶᠠᠨ ᠪᠦᠬᠦ ᠬᠤᠳᠠ ᠶᠢᠨ ᠰᠢᠬᠦᠬᠦ ᠬᠤᠷᠢᠶᠠᠨ ᠤ ᠳᠤᠢᠮᠤ ᠪᠠᠢᠳᠠᠯ ᠵᠢᠴᠢ 2016 ᠤᠨ ᠤ ᠪᠦᠬᠦ ᠬᠤᠳᠠ ᠶᠢᠨ ᠰᠢᠬᠦᠬᠦ ᠬᠤᠷᠢᠶᠠᠨ ᠤ ᠶᠡᠷᠦᠩᠬᠡᠢ ᠠᠵᠢᠯ ᠤᠨ ᠪᠠᠢᠳᠠᠯ ᠢ ᠳᠤᠪᠴᠢ ᠬᠠᠷᠢᠬᠤ ᠮᠡᠳᠡᠬᠦᠯᠵᠦ ᠂ 2016 ᠤᠨ ᠤ ᠪᠦᠬᠦ ᠬᠤᠳᠠ ᠶᠢᠨ ᠨᠠᠮ ᠤᠨ ᠰᠤᠷᠳᠠᠯ ᠴᠢᠬᠡᠴᠢ ᠵᠠᠰᠠᠭ ᠤᠨ ᠪᠦᠲᠦᠭᠡᠨ ᠪᠠᠢᠭᠤᠯᠤᠯᠲᠠ ᠪᠠ ᠢᠯᠵᠠᠷᠠᠮᠠᠯ ᠢ ᠡᠰᠡᠷᠭᠦᠴᠡᠬᠦ ᠠᠵᠢᠯ ᠤᠨ ᠪᠠᠢᠳᠠᠯ ᠵᠢᠴᠢ 2017 ᠤᠨ ᠤ ᠪᠦᠬᠦ ᠬᠤᠳᠠ ᠶᠢᠨ ᠰᠢᠬᠦᠬᠦ ᠬᠤᠷᠢᠶᠠᠨ ᠤ ᠨᠠᠮ ᠤᠨ ᠰᠤᠷᠳᠠᠯ ᠴᠢᠬᠡᠴᠢ ᠵᠠᠰᠠᠭ ᠤᠨ ᠪᠦᠲᠦᠭᠡᠨ ᠪᠠᠢᠭᠤᠯᠤᠯᠲᠠ ᠶᠢᠨ ᠠᠵᠢᠯ ᠤᠨ ᠲᠦᠰᠦᠪᠯᠡᠯ ᠂ ᠲᠣᠬᠢᠷᠠᠭᠤᠯᠤᠯᠲᠠ ᠶᠢ ᠨᠠᠷᠢᠯᠢᠭ ᠬᠠᠷᠢᠭᠤ ᠮᠡᠳᠡᠭᠦᠯᠦᠯᠲᠡ ᠬᠢᠪᠡ ᠃
ᠬᠠᠷᠢᠭᠤ ᠮᠡᠳᠡᠬᠦᠯᠦᠯᠲᠡ ᠶᠢ ᠰᠤᠨᠤᠰᠤᠭᠰᠠᠨ ᠤ ᠳᠠᠷᠠᠭ᠎ᠠ ᠂ ᠠᠭᠤᠯᠠ ᠳᠤᠭᠤᠢᠯᠠᠩ ᠤᠨ ᠳᠠᠷᠤᠭ᠎ᠠ 2016 ᠤᠨ ᠤ ᠪᠦᠬᠦ ᠬᠤᠳᠠ ᠶᠢᠨ ᠰᠢᠬᠦᠬᠦ ᠬᠤᠷᠢᠶᠠᠨ ᠤ ᠡᠯ᠎ᠠ ᠠᠵᠢᠯ ᠳᠤ ᠦᠨᠳᠦᠷ ᠦᠨᠡᠨᠯᠡᠯᠲᠡ ᠦᠭᠴᠦ ᠂ 2016 ᠤᠨ ᠤ ᠪᠦᠬᠦ ᠬᠤᠳᠠ ᠶᠢᠨ ᠰᠢᠬᠦᠬᠦ ᠬᠤᠷᠢᠶᠠᠨ ᠤ ᠡᠯ᠎ᠠ ᠲᠦᠷᠦᠯ ᠦᠨ ᠠᠵᠢᠯ ᠵᠢᠴᠢ ᠨᠠᠮ ᠤᠨ ᠰᠤᠷᠳᠠᠯ ᠴᠢᠬᠡᠴᠢ ᠵᠠᠰᠠᠭ ᠤᠨ ᠪᠦᠲᠦᠭᠡᠨ ᠪᠠᠢᠭᠤᠯᠤᠯᠲᠠ ᠪᠤᠯᠤᠨ ᠢᠯᠵᠠᠷᠠᠮᠠᠯ ᠢ ᠡᠰᠡᠷᠬᠦᠴᠡᠬᠦ ᠠᠵᠢᠯ ᠳᠤᠮᠳᠠ ᠤᠯᠤᠭᠰᠠᠨ ᠦᠷ᠎ᠠ ᠪᠦᠲᠦᠮᠵᠢ ᠳᠦ ᠬᠦᠢᠴᠡᠳ ᠨᠤᠳᠠᠯᠠᠯᠲᠠ ᠦᠭᠪᠡ ᠃ ᠠᠭᠤᠯᠠ ᠳᠤᠭᠤᠢᠯᠠᠩ ᠤᠨ ᠳᠠᠷᠤᠭ᠎ᠠ ᠵᠢᠭᠠᠵᠤ ᠭᠠᠷᠭᠠᠭᠰᠠᠨ ᠨᠢ᠂ ᠬᠤᠳᠠ ᠶᠢᠨ ᠠᠷᠠᠳ ᠤᠨ ᠳᠤᠮᠳᠠ ᠵᠡᠷᠬᠡ ᠶᠢᠨ ᠰᠢᠬᠦᠬᠦ ᠬᠤᠷᠢᠶ᠎ᠠ ᠨᠠᠮ ᠤᠨ ᠰᠤᠷᠳᠠᠯ ᠴᠢᠬᠡᠴᠢ ᠵᠠᠰᠠᠭ ᠤᠨ ᠪᠦᠲᠦᠭᠡᠨ ᠪᠠᠢᠭᠤᠯᠤᠯᠲᠠ ᠶᠢᠨ ᠠᠵᠢᠯ ᠳᠤᠮᠳᠠ ᠬᠢᠯᠠᠰ ᠴᠡᠭ ᠤᠯᠠᠨ ᠪᠠᠢᠵᠤ ᠄ ᠨᠢᠬᠡ ᠳᠦ ᠨᠠᠮ ᠢ ᠴᠢᠩᠭ᠎ᠠ ᠵᠠᠰᠠᠬᠤ ᠶᠢ ᠪᠠᠷᠢᠮᠳᠠᠯᠠᠵᠤ ᠂ 《ᠲᠦᠷᠪᠡᠨ ᠵᠦᠢᠯ ᠦᠨ ᠬᠡᠯᠪᠡᠷᠢ》ᠬᠦᠢᠴᠡᠳ ᠬᠡᠷᠡᠭᠯᠡᠵᠦ ᠂ ᠰᠠᠬᠢᠯᠭ᠎ᠠ ᠪᠠᠳᠤ ᠶᠢ ᠬᠠᠮᠤᠭ ᠴᠢᠬᠤᠯᠠᠴᠢᠯᠠᠭᠰᠠᠨ ᠪᠠᠢᠨ᠎ᠠ ᠃ ᠬᠤᠶᠠᠷ ᠲᠤ ᠬᠤᠷᠢᠶᠠᠨ ᠤ ᠨᠠᠮ ᠤᠨ ᠤᠳᠤᠷᠢᠳᠬᠤ ᠳᠤᠭᠤᠢᠯᠠᠩ ᠰᠠᠬᠢᠯᠭ᠎ᠠ ᠪᠠᠳᠤ ᠪᠠᠢᠴᠠᠭᠠᠬᠤ ᠠᠵᠢᠯ ᠢ ᠳᠡᠭᠡᠳᠦ ᠬᠡᠮᠵᠢᠶ᠎ᠠ ᠪᠠᠷ ᠬᠦᠨᠳᠦᠳᠭᠡᠬᠦ ᠪᠠ ᠳᠡᠮᠵᠢᠵᠤ ᠂ ᠰᠠᠬᠢᠯᠭ᠎ᠠ ᠪᠠᠳᠤ ᠪᠠᠢᠴᠠᠭᠠᠬᠤ ᠳᠤᠭᠤᠢᠯᠠᠩ ᠭᠤᠷᠪᠠᠨ ᠥᠭᠡᠷᠡᠴᠢᠯᠡᠯᠲᠡ ᠶᠢ ᠬᠦᠨᠵᠡᠭᠡᠢᠷᠡᠬᠦᠯᠵᠦ ᠂ ᠤᠬᠠᠮᠰᠠᠷ ᠠᠴᠠ ᠪᠠᠨ ᠠᠵᠢᠯᠯᠠᠵᠤ ᠂ ᠤᠬᠠᠮᠰᠠᠷ ᠠᠴᠠ ᠪᠠᠨ ᠠᠵᠢᠯ ᠦᠷᠨᠢᠬᠦᠯᠦᠭᠰᠡᠨ ᠮᠦᠷᠲᠡᠭᠡᠨ ᠰᠢᠯᠢᠳᠡᠭ ᠦᠷ᠎ᠠ ᠪᠦᠲᠦᠮᠵᠢ ᠤᠯᠪᠠ ᠃ ᠭᠤᠷᠪᠠ ᠳᠤ ᠤᠯᠠᠨ ᠰᠢᠨ᠎ᠠ ᠮᠠᠶᠢᠭ ᠤᠨ ᠬᠢᠨᠠᠨ ᠪᠠᠢᠴᠠᠭᠠᠬᠤ ᠠᠷᠭ᠎ᠠ ᠠᠪᠴᠢᠯ ᠡᠭᠦᠳᠴᠦ ᠂ ᠬᠠᠤᠯᠢ ᠴᠠᠭᠠᠵᠠ ᠶᠢᠨ ᠰᠢᠬᠦᠨ ᠲᠠᠰᠤᠷᠠᠯᠲᠠ ᠶᠢ ᠢᠯᠡ ᠳᠤᠳᠤᠷᠬᠠᠢ ᠂ ᠲᠦᠪ ᠭᠤᠤᠯᠴᠢ ᠂ ᠢᠳᠡᠬᠡᠬᠦᠯᠬᠦ ᠬᠦᠴᠦᠨ ᠢ ᠠᠬᠢᠭᠤᠯᠪᠠ ᠃ ᠲᠦᠷᠪᠡ ᠳᠦ ᠨᠠᠮ ᠤᠨ ᠰᠤᠷᠳᠠᠯ ᠴᠢᠬᠡᠴᠢ ᠵᠠᠰᠠᠭ ᠤᠨ ᠪᠦᠲᠦᠭᠡᠨ ᠪᠠᠢᠭᠤᠯᠤᠯᠲᠠ ᠶᠢ ᠤᠯᠠᠨ ᠪᠤᠳᠤᠯᠬᠢᠯᠠᠵᠤ ᠤᠯᠠᠨ ᠶᠠᠷᠢᠯᠴᠠᠵᠤ ᠂ ᠰᠡᠳᠬᠢᠬᠦᠢ ᠳᠠᠢ ᠂ ᠦᠢᠯᠡ ᠠᠵᠢᠯᠯᠠᠭ᠎ᠠ ᠳᠠᠢ ᠮᠦᠷᠲᠡᠭᠡᠨ ᠦᠷ᠎ᠠ ᠪᠦᠲᠦᠮᠵᠢᠲᠠᠢ ᠠᠵᠢᠯ ᠤᠨ ᠠᠷᠭ᠎ᠠ ᠠᠪᠴᠢᠯ ᠢ ᠠᠭᠠᠵᠢᠮ ᠢᠶᠠᠷ ᠲᠦᠷᠢᠮᠵᠢᠬᠦᠯᠦᠭᠰᠡᠨ ᠪᠠᠢᠨ᠎ᠠ ᠃ ᠳᠠᠪᠤ ᠳᠤ ᠤᠳᠤᠷᠢᠳᠬᠤ ᠪᠠᠭ ᠤᠨ ᠪᠦᠲᠦᠭᠡᠨ ᠪᠠᠢᠭᠤᠯᠤᠯᠲᠠ ᠶᠢ ᠴᠢᠩᠭ᠎ᠠ ᠠᠳᠬᠤᠵᠤ ᠂ ᠭᠤᠤᠯ ᠴᠤᠭᠴᠠ ᠶᠢᠨ ᠬᠠᠷᠢᠭᠤᠴᠠᠯᠭ᠎ᠠ ᠂ ᠬᠢᠨᠠᠨᠯᠲᠠ ᠶᠢᠨ ᠬᠠᠷᠢᠭᠤᠴᠠᠯᠭ᠎ᠠ ᠂ ᠬᠤᠪᠢᠶᠠᠨ ᠬᠠᠮᠢᠶᠠᠷᠬᠤ ᠤᠳᠤᠷᠢᠳᠤᠯᠭ᠎ᠠ 《ᠨᠢᠬᠡ ᠠᠵᠢᠯ ᠤᠨ ᠪᠠᠢᠷᠢ ᠬᠤᠶᠠᠷ ᠬᠠᠷᠢᠭᠤᠴᠠᠯᠭ᠎ᠠ》 ᠶᠢᠨ ᠬᠠᠷᠢᠭᠤᠴᠠᠯᠭ᠎ᠠ ᠶᠢ ᠳᠤᠳᠤᠷᠬᠠᠢ ᠪᠤᠯᠭᠠᠪᠠ ᠃ ᠵᠢᠷᠭᠤᠭ᠎ᠠ ᠳᠤ ᠬᠠᠨᠳᠤᠯᠭᠠᠲᠤ ᠴᠢᠨᠠᠷ ᠳᠠᠢ ᠰᠡᠷᠬᠡᠢᠯᠡᠨ ᠡᠵᠡᠮᠳᠡᠬᠦ ᠠᠷᠭ᠎ᠠ ᠬᠡᠮᠵᠢᠶ᠎ᠠ ᠠᠪᠴᠤ᠂ ᠬᠢᠨᠠᠯᠲᠠ ᠶᠢᠨ ᠦᠷ᠎ᠠ ᠪᠦᠲᠦᠮᠵᠢ ᠶᠢ ᠴᠢᠩᠭᠠᠳᠬᠠᠪᠠ ᠃ ᠳᠤᠯᠤᠭ᠎ᠠ ᠳᠤ ᠠᠰᠠᠭᠤᠳᠠᠯ ᠢᠶᠠᠷ ᠤᠳᠤᠷᠢᠳᠤᠮᠵᠢ ᠪᠤᠯᠭᠠᠨ ᠂ ᠤᠯᠠᠨ ᠮᠠᠶᠢᠭ ᠠᠷᠭ᠎ᠠ ᠠᠪᠴᠢᠯ ᠠᠪᠴᠤ ᠰᠤᠷᠳᠠᠯ ᠤᠨ ᠪᠦᠲᠦᠭᠡᠨ ᠪᠠᠢᠭᠤᠯᠤᠯᠲᠠ ᠶᠢ ᠯᠠᠪᠳᠠᠭᠤᠨ ᠢᠶᠠᠷ ᠲᠦᠯᠬᠢᠨ ᠠᠬᠢᠭᠤᠯᠪᠠ ᠃
ᠳᠠᠷᠠᠭᠠᠴᠢ ᠶᠢᠨ ᠠᠯᠬᠤᠮ ᠤᠨ ᠠᠵᠢᠯ ᠳᠤ ᠬᠠᠨᠳᠤᠭᠤᠯᠤᠨ ᠠᠭᠤᠯᠠ ᠳᠤᠭᠤᠢᠯᠠᠩ ᠤᠨ ᠳᠠᠷᠤᠭ᠎ᠠ ᠴᠢᠩᠭᠠᠳᠬᠠᠭᠰᠠᠨ ᠨᠢ ᠂ ᠡᠭᠦᠨ ᠡᠴᠡ ᠬᠤᠵᠢᠮ ᠠᠰᠠᠭᠤᠳᠠᠯ ᠢᠶᠠᠷ ᠤᠳᠤᠷᠢᠳᠤᠮᠵᠢ ᠪᠤᠯᠭᠠᠬᠤ ᠶᠢ ᠦᠷᠬᠦᠯᠵᠢᠨ ᠪᠠᠷᠢᠮᠳᠠᠯᠠᠵᠤ ᠂ ᠨᠠᠮ ᠤᠨ ᠰᠤᠷᠳᠠᠯ ᠴᠢᠬᠡᠴᠢ ᠵᠠᠰᠠᠭ ᠤᠨ ᠠᠵᠢᠯ ᠢ ᠬᠦᠨᠵᠡᠭᠡᠢ ᠨᠠᠷᠢᠯᠢᠭ ᠬᠢᠬᠦ ᠬᠡᠷᠡᠭᠲᠡᠢ ᠃ ᠳᠤᠳᠠᠭᠳᠠᠯ ᠳᠠᠢ ᠳᠠᠯ᠎ᠠ ᠪᠠᠨ ᠨᠦᠬᠦᠪᠦᠷᠢᠯᠡᠵᠦ ᠂ ᠪᠠᠢᠭᠤᠯᠤᠯ ᠤᠨ ᠰᠢᠩᠭᠡᠯᠢᠭ ᠢ ᠴᠢᠩᠭ᠎ᠠ ᠠᠳᠬᠤᠨ᠎ᠠ ᠃ ᠢᠯᠵᠠᠷᠠᠬᠤ ᠶᠢ ᠵᠠᠰᠠᠬᠤ ᠡᠷᠴᠢᠮ ᠢ ᠰᠢᠳᠭᠡᠬᠦ ᠡᠷᠴᠢᠮ ᠢ ᠴᠢᠩᠭᠠᠳᠭᠠᠵᠤ ᠂ 《ᠢᠯᠵᠠᠷᠠᠬᠤ ᠵᠤᠷᠢᠭ ᠦᠬᠡᠢ ᠂ ᠬᠢᠬᠦ ᠵᠤᠷᠢᠭ ᠦᠬᠡᠢ》ᠦᠷ᠎ᠠ ᠳ᠋ᠦᠩ ᠢᠶᠡᠷ ᠬᠦᠷᠬᠦ ᠬᠡᠷᠡᠭᠲᠡᠢ ᠃ ᠠᠮᠠᠷᠬᠠᠨ ᠡᠭᠦᠰᠬᠦ ᠤᠯᠠᠨ ᠡᠭᠦᠰᠬᠦ ᠠᠰᠠᠭᠤᠳᠠᠯ ᠳᠤ ᠬᠠᠨᠳᠤᠭᠤᠯᠤᠨ ᠳᠤᠰᠬᠠᠢ ᠠᠵᠢᠯᠯᠠᠭ᠎ᠠ ᠦᠷᠨᠢᠬᠦᠯᠵᠦ ᠂ ᠳᠤᠰᠬᠠᠢ ᠲᠦᠷᠢᠮ ᠪᠠ ᠠᠷᠭ᠎ᠠ ᠠᠪᠴᠢᠯ ᠢ ᠰᠤᠳᠤᠯᠬᠤ ᠪᠠ ᠭᠠᠷᠭᠠᠨ᠎ᠠ ᠃
ᠠᠭᠤᠯᠠ ᠳᠤᠭᠤᠢᠯᠠᠩ ᠤᠨ ᠳᠠᠷᠤᠭ᠎ᠠ ᠪᠠᠰᠠ ᠴᠢᠩᠭᠠᠳᠭᠠᠭᠰᠠᠨ ᠨᠢ ᠪᠦᠬᠦ ᠬᠤᠳᠠ ᠶᠢᠨ ᠠᠷᠠᠳ ᠤᠨ ᠳᠤᠮᠳᠠ ᠵᠡᠷᠬᠡ ᠰᠢᠬᠦᠬᠦ ᠬᠤᠷᠢᠶ᠎ᠠ ᠶᠢᠨ ᠤᠳᠤᠷᠢᠳᠬᠤ ᠪᠠᠭ ᠤᠨ ᠬᠡᠰᠢᠬᠦᠨ ᠦᠷᠬᠦᠯᠵᠢᠯᠡᠨ ᠡᠬᠦᠷᠭᠡ ᠬᠠᠷᠢᠭᠤᠴᠠᠯᠭ᠎ᠠ ᠡᠬᠦᠷᠭᠡᠯᠡᠬᠦ ᠪᠡᠨ ᠴᠢᠩᠭᠠᠳᠬᠠᠵᠤ ᠂ ᠦᠪᠡᠷ ᠦᠪᠡᠷ ᠦᠨ ᠬᠠᠷᠢᠭᠤᠴᠠᠯᠭ᠎ᠠ ᠪᠠᠨ ᠡᠬᠦᠷᠭᠡᠯᠡᠵᠦ ᠂ ᠬᠦᠴᠦᠨ ᠢᠶᠡᠨ ᠨᠢᠬᠡᠳᠬᠡᠵᠦ ᠂ ᠨᠠᠮ ᠤᠨ ᠪᠦᠲᠦᠭᠡᠨ ᠪᠠᠢᠭᠤᠯᠤᠯᠲᠠ ᠂ ᠨᠠᠮ ᠤᠨ ᠰᠤᠷᠳᠠᠯ ᠴᠢᠬᠡᠴᠢ ᠵᠠᠰᠠᠭ ᠤᠨ ᠪᠦᠲᠦᠭᠡᠨ ᠪᠠᠢᠭᠤᠯᠤᠯᠲᠠ ᠶᠢ ᠴᠢᠩᠭ᠎ᠠ ᠠᠳᠬᠤᠬᠤ ᠪᠠᠷ ᠳᠠᠮᠵᠢᠵᠤ᠂ ᠬᠠᠤᠯᠢ ᠴᠠᠭᠠᠵᠠ ᠶᠢᠨ ᠥᠭᠡᠷᠡᠴᠢᠯᠡᠯᠲᠡ ᠂ ᠰᠢᠬᠦᠨ ᠳᠠᠰᠤᠯᠤᠯᠲᠠ ᠂ ᠭᠦᠢᠴᠡᠳᠬᠡᠬᠦ ᠶᠢᠨ ᠡᠯ᠎ᠠ ᠲᠦᠷᠦᠯ ᠦᠨ ᠠᠵᠢᠯ ᠢ ᠲᠦᠯᠬᠢᠨ ᠠᠬᠢᠭᠤᠯᠵᠤ ᠢᠳᠡᠬᠡᠬᠦᠯᠬᠦ ᠬᠦᠴᠦᠨ ᠪᠠ ᠠᠷᠠᠳ ᠲᠦᠮᠡᠨ ᠦ ᠬᠠᠨᠤᠮᠵᠢ ᠶᠢᠨ ᠬᠡᠮᠵᠢᠶ᠎ᠠ ᠶᠢ ᠳᠡᠭᠡᠭᠰᠢᠯᠡᠬᠦᠯᠬᠦ ᠶᠢ ᠠᠬᠢᠭᠤᠯᠤᠨ᠎ᠠ ᠃
ᠦᠨᠡᠯᠡᠬᠦ 0ᠦᠨᠡᠯᠡᠯᠲᠡ ᠲᠠᠢ