ᠬᠤᠳᠠ ᠶᠢᠨ ᠠᠷᠠᠳ ᠤᠨ ᠲᠦᠯᠦᠭᠡᠯᠡᠭᠴᠢᠳ ᠦᠨ ᠶᠡᠬᠡ ᠬᠤᠷᠠᠯ ᠤᠨ ᠳᠡᠳ᠋ ᠨᠠᠷᠢᠨ ᠪᠢᠴᠢᠭ᠌  ᠦᠨ ᠳᠠᠷᠤᠭ᠎ᠠ ᠷᠸᠨ ᠷᠦᠸᠸ ᠯᠢᠩ ᠵᠡᠷᠬᠡ ᠬᠦᠮᠦᠰ ᠵᠠᠷᠭᠤ ᠶᠢᠨ ᠦᠢᠯᠡᠴᠢᠯᠡᠭᠡᠨ ᠦ ᠲᠦᠪ ᠲᠦ ᠰᠠᠭᠠᠳᠠᠵᠤ ᠳᠤᠭᠤᠷᠢᠨ
2017.03.06 ᠲᠣᠰ ᠥᠷᠲᠡᠭᠡᠨ᠎ᠦ ᠨᠠᠢᠷᠠᠭᠤᠯᠤᠭᠴᠢ

ᠬᠤᠳᠠ ᠶᠢᠨ ᠠᠷᠠᠳ ᠤᠨ ᠲᠦᠯᠦᠭᠡᠯᠡᠭᠴᠢᠳ ᠦᠨ ᠶᠡᠬᠡ ᠬᠤᠷᠠᠯ ᠤᠨ ᠳᠡᠳ᠋ ᠨᠠᠷᠢᠨ ᠪᠢᠴᠢᠭ᠌  ᠦᠨ ᠳᠠᠷᠤᠭ᠎ᠠ ᠷᠸᠨ ᠷᠦᠸᠸ ᠯᠢᠩ ᠵᠡᠷᠬᠡ ᠬᠦᠮᠦᠰ ᠵᠠᠷᠭᠤ ᠶᠢᠨ ᠦᠢᠯᠡᠴᠢᠯᠡᠭᠡᠨ ᠦ ᠲᠦᠪ ᠲᠦ ᠰᠠᠭᠠᠳᠠᠵᠤ ᠳᠤᠭᠤᠷᠢᠨ ᠦᠵᠡᠵᠦ ᠵᠢᠭᠠᠨ ᠵᠢᠯᠤᠭᠤᠳᠪᠠ

 

 

 

     3 ᠰᠠᠷᠠᠢᠨ 2  ᠤ ᠡᠳᠦᠷ ᠦᠨ ᠦᠳᠡ ᠶᠢᠨ ᠡᠮᠦᠨ᠎ᠠ ᠂ ᠬᠤᠳᠠ ᠶᠢᠨ ᠠᠷᠠᠳ ᠤᠨ ᠲᠦᠯᠦᠭᠡᠯᠡᠭᠴᠢᠳ ᠦᠨ ᠶᠡᠬᠡ ᠬᠤᠷᠠᠯ ᠤᠨ ᠳᠡᠳ᠋ ᠨᠠᠷᠢᠨ ᠪᠢᠴᠢᠭ᠌ ᠦᠨ ᠳᠠᠷᠤᠭ᠎ᠠ ᠷᠸᠨ ᠷᠦᠸᠸ ᠯᠢᠩ ᠪᠤᠯᠤᠨ ᠳᠤᠳᠤᠭᠠᠳᠤ ᠵᠤᠷᠭᠠᠨ ᠤ ᠵᠥᠪᠯᠡᠯ ᠂ ᠶᠡᠷᠦᠩᠬᠡᠢ ᠬᠡᠯᠳᠡᠰ ᠦᠨ ᠬᠠᠮᠢᠶ᠎ᠠ ᠪᠦᠬᠦᠢ ᠠᠵᠢᠯᠳᠠᠨ ᠵᠠᠷᠭᠤ ᠶᠢᠨ ᠦᠢᠯᠡᠴᠢᠯᠡᠭᠡᠨ ᠦ ᠲᠦᠪ ᠲᠦ ᠬᠦᠷᠴᠦ ᠳᠤᠭᠤᠷᠢᠨ ᠦᠵᠡᠵᠦ ᠵᠢᠭᠠᠨ ᠵᠢᠯᠤᠭᠤᠳᠪᠠ ᠂ ᠬᠤᠳᠠ ᠶᠢᠨ ᠠᠷᠠᠳ ᠤᠨ ᠳᠤᠮᠳᠠ ᠵᠡᠷᠬᠡ ᠶᠢᠨ ᠰᠢᠬᠦᠬᠦ ᠬᠤᠷᠢᠶᠠᠨ ᠤ ᠨᠠᠮ ᠤᠨ ᠤᠳᠤᠷᠢᠳᠬᠤ ᠳᠤᠭᠤᠢᠯᠠᠩ ᠤᠨ ᠬᠡᠰᠢᠬᠦᠨ᠂ ᠳᠡᠳ᠋ ᠬᠤᠷᠢᠶᠠᠨ ᠳᠠᠷᠤᠭ᠎ᠠ ᠠᠢ ᠹᠸᠢ ᠵᠢᠴᠢ ᠠᠯᠪᠠᠨ ᠭᠡᠷ ᠦᠨ ᠡᠷᠬᠢᠯᠡᠭᠴᠢ ᠸᠠᠩ ᠷᠦᠢ ᠱᠠᠨ ᠵᠡᠷᠬᠡ ᠤᠳᠤᠷᠢᠳᠤᠯᠭ᠎ᠠ ᠳᠠᠢ ᠬᠠᠮᠳᠤ ᠂ ᠵᠠᠷᠭᠤ ᠶᠢᠨ ᠦᠢᠯᠡᠴᠢᠯᠡᠭᠡᠨ ᠦ ᠳᠤᠭᠤᠷᠢᠭ ᠂ ᠬᠡᠷᠡᠭ ᠳᠠᠩᠰᠠᠯᠠᠬᠤ ᠦᠢᠯᠡᠴᠢᠯᠡᠭᠡᠨ ᠦ ᠳᠤᠭᠤᠷᠢᠭ ᠂ ᠠᠷᠠᠳ ᠲᠤ ᠲᠦᠬᠦᠮ ᠦᠢᠯᠡᠴᠢᠯᠡᠭᠡᠨ ᠦ ᠳᠤᠭᠤᠷᠢᠭ ᠪᠠ ᠵᠠᠬᠢᠳᠠᠯ ᠰᠤᠷᠪᠤᠯᠵᠢᠯᠠᠭ᠎ᠠ ᠶᠢᠨ ᠦᠢᠯᠡᠴᠢᠯᠡᠭᠡᠨ ᠦ ᠲᠤᠭᠤᠷᠢᠭ ᠢ ᠳᠤᠭᠤᠷᠢᠨ ᠦᠵᠡᠪᠡ ᠃ ᠷᠸᠨ ᠷᠦᠸᠸ ᠯᠢᠩ ᠳᠡᠳ᠋ ᠨᠠᠷᠢᠨ ᠪᠢᠴᠢᠭ᠌ ᠦᠨ ᠳᠠᠷᠤᠭ᠎ᠠ ᠵᠡᠷᠬᠡ ᠬᠦᠮᠦᠰ 12368 ᠵᠠᠷᠭᠤ ᠶᠢᠨ ᠦᠢᠯᠡᠴᠢᠯᠡᠭᠡᠨ ᠦ ᠬᠠᠯᠠᠮ ᠤᠳᠠᠰᠤ ᠂ 《ᠰᠦᠯᠵᠢᠶᠡᠨ ᠳᠡᠭᠡᠷᠡᠬᠢ ᠰᠢᠬᠦᠬᠦ ᠬᠤᠷᠢᠶ᠎ᠠ》Eᠡᠶᠡᠳᠡᠬᠦᠯᠬᠦ ᠳᠠᠪᠴᠠᠩ ᠤᠨ ᠬᠡᠷᠡᠭᠯᠡᠯᠲᠡ ᠶᠢᠨ ᠪᠠᠢᠳᠠᠯ ᠢ ᠨᠠᠷᠢᠯᠢᠭ ᠤᠢᠯᠭᠠᠵᠤ ᠂ ᠪᠡᠶ᠎ᠠ ᠪᠠᠨ ᠳᠦᠰᠢᠨ ᠬᠡᠷᠡᠭ ᠪᠠᠢᠴᠠᠭᠠᠨ ᠯᠠᠪᠯᠠᠬᠤ ᠰᠢᠰᠲ᠋ᠧᠮ ᠦᠨ ᠲᠦᠬᠦᠮ ᠲᠦᠳᠡ ᠶᠢ ᠪᠡᠶ᠎ᠠ ᠪᠠᠷ ᠢᠶᠠᠨ ᠤᠢᠯᠭᠠᠵᠤ ᠂ ᠳᠤᠬᠠᠢ ᠶᠢᠨ ᠳᠠᠯᠠᠪᠤᠷ ᠲᠤ ᠰᠦᠯᠵᠢᠶᠡᠨ ᠳᠡᠭᠡᠷ᠎ᠠ ᠪᠡᠶ᠎ᠠ ᠪᠠᠨ ᠲᠦᠰᠢᠨ ᠬᠡᠷᠡᠭ ᠳᠠᠩᠰᠠᠯᠠᠬᠤ ᠰᠢᠰᠲ᠋ᠧᠮ ᠦᠨ ᠠᠯᠬᠤᠮ ᠳᠠᠷᠠᠭ᠎ᠠ ᠶᠢ ᠦᠵᠡᠪᠡ ᠃

     ᠷᠸᠨ ᠷᠦᠸᠸ ᠯᠢᠩ ᠳᠡᠳ᠋ ᠨᠠᠷᠢᠨ ᠪᠢᠴᠢᠭ᠌ ᠦᠨ ᠳᠠᠷᠤᠭ᠎ᠠ ᠮᠠᠨ ᠤ ᠬᠤᠷᠢᠶᠠᠨ ᠤ ᠮᠡᠳᠡᠭᠡ ᠵᠠᠩᠭᠢᠴᠢᠯᠠᠯᠲᠠ ᠶᠢᠨ ᠪᠦᠲᠦᠭᠡᠨ ᠪᠠᠢᠭᠤᠯᠤᠯᠲᠠ ᠪᠤᠯᠤᠨ ᠬᠡᠷᠡᠭ ᠳᠠᠩᠰᠠᠯᠠᠬᠤ ᠴᠤᠩᠬᠤ ᠶᠢᠨ ᠠᠵᠢᠯᠳᠠᠨ ᠤ ᠳᠤᠬᠠᠢ ᠶᠢᠨ ᠬᠦᠮᠦᠨ ᠢ ᠬᠠᠯᠠᠭᠤᠮᠰᠤᠭ ᠢᠶᠠᠷ ᠬᠦᠯᠢᠶᠡᠨ ᠠᠪᠴᠤ ᠪᠠᠢᠬᠤ ᠤᠪᠤᠷ ᠲᠤ ᠦᠨᠳᠦᠷ ᠦᠨᠡᠯᠡᠯᠲᠡ ᠥᠭᠭᠦᠭᠰᠡᠨ ᠮᠦᠷᠲᠡᠭᠡᠨ ᠮᠠᠨ ᠤ ᠬᠤᠷᠢᠶ᠎ᠠ ᠦᠷᠬᠦᠯᠵᠢᠯᠡᠨ 12368 ᠬᠠᠯᠠᠮ ᠤᠳᠠᠰᠤ ᠂ E ᠡᠶᠡᠳᠡᠬᠦᠯᠬᠡ ᠵᠡᠷᠬᠡ ᠠᠷᠠᠳ ᠲᠤ ᠲᠦᠬᠦᠮ ᠦᠢᠯᠡᠴᠢᠯᠡᠭᠡᠨ ᠦ ᠳᠠᠪᠴᠠᠩ ᠤᠨ ᠤᠬᠠᠭᠤᠯᠭ᠎ᠠ ᠶᠢᠨ ᠡᠷᠴᠢᠮ ᠢ ᠴᠢᠩᠭᠠᠳᠭᠠᠬᠤ ᠶᠢ ᠰᠠᠨᠠᠭᠤᠯᠵᠤ ᠂ ᠦᠷᠭᠡᠨ ᠤᠯᠠᠨ ᠠᠷᠠᠳ ᠲᠦᠮᠡᠨ ᠳᠦ ᠨᠡᠩ ᠢᠯᠡᠬᠦᠦ ᠴᠢᠨᠠᠷ ᠳᠠᠢ ᠬᠠᠤᠯᠢ ᠴᠠᠭᠠᠵᠠ ᠶᠢᠨ ᠦᠢᠯᠡᠴᠢᠯᠡᠭᠡ ᠪᠤᠳᠠᠳᠠᠢ  ᠪᠠᠷ ᠬᠠᠩᠭᠠᠨ᠎ᠠ᠃

ᠦᠨᠡᠯᠡᠬᠦ 0ᠦᠨᠡᠯᠡᠯᠲᠡ᠎ᠲᠠᠢ


( ᠨᠧᠲ ᠨᠠᠢᠵᠠ ᠵᠢᠨ ᠦᠨᠡᠯᠡᠯᠲᠡ᠎ᠨᠢ ᠵᠦᠪᠭᠡᠨ ᠲᠡᠭᠦᠨ ᠊ᠤ᠌ ᠬᠤᠪᠢ ᠭᠦᠮᠦᠨ ᠊ᠤ᠌ ᠦᠵᠡᠯᠲᠡ ᠲᠡᠳᠦᠢ᠂ ᠲᠤᠰ ᠨᠧᠲ ᠦᠷᠳᠡᠭᠡ ᠲᠡᠭᠦᠨ ᠊ᠤ᠌ ᠦᠵᠡᠯᠲᠡ ᠵᠢ ᠵᠦᠪᠱᠢᠶᠡᠷᠡᠭᠰᠡᠨ ᠶᠠᠪᠤᠳᠠᠯ ᠤᠭᠳᠤ ᠪᠢᠱᠢ᠎ᠶᠤᠮ᠃ )