ᠥᠪᠡᠷᠲᠡᠭᠡᠨ ᠵᠠᠰᠠᠬᠤ ᠤᠷᠤᠨ ᠠᠴᠠ ᠳᠣᠷᠤᠭᠰᠢᠬᠢ ᠰᠢᠬᠦᠬᠦ ᠬᠤᠷᠢᠶ᠎ᠠ ᠪᠠᠢᠴᠠᠭᠠᠬᠤ ᠬᠤᠷᠢᠶ᠎ᠠ ᠶᠢᠨ ᠵᠤᠭᠤᠰ ᠮᠦᠩᠭᠦ ᠡᠳ᠋ ᠪᠤᠳᠠᠰ ᠢ ᠨᠢᠬᠡᠳᠦᠯᠲᠡᠢ ᠬᠠᠮᠢᠶᠠᠷᠴᠤ ᠬᠦᠢᠴᠡᠳᠬᠡᠨ ᠪᠤᠳᠤᠬᠤ ᠶᠢ ᠬᠦᠢᠴᠡᠳᠬᠡᠭᠰᠡᠨ ᠪᠠᠢᠳᠠᠯ ᠢ ᠪᠠᠢᠴᠠᠭᠠᠨ ᠰᠤᠳᠤᠯᠬᠤ ᠰᠠᠭᠤᠳᠠᠯ ᠤᠨ ᠬᠤᠷᠠᠯ ᠤᠷᠳᠤᠰ ᠬᠤᠳᠠ ᠶᠢᠨ ᠠᠷᠠᠳ ᠤᠨ ᠳᠤᠮᠳᠠ ᠵᠡᠷᠬᠡ ᠶᠢᠨ ᠰᠢᠬᠦᠬᠦ ᠬᠤᠷᠢᠶᠠᠨ ᠳᠤ ᠶᠠᠪᠤᠭᠳᠠᠪᠠ
3 ᠰᠠᠷᠠᠢᠨ 6 ᠤ ᠡᠳᠦᠷ ᠂ ᠥᠪᠡᠷᠲᠡᠭᠡᠨ ᠵᠠᠰᠠᠬᠤ ᠤᠷᠤᠨ ᠤ ᠡᠳ᠋ ᠦᠨ ᠵᠠᠰᠠᠭ ᠲᠢᠩᠬᠢᠮ ᠂ ᠰᠢᠬᠦᠬᠦ ᠬᠤᠷᠢᠶ᠎ᠠ ᠂ ᠪᠠᠢᠴᠠᠭᠠᠬᠤ ᠬᠤᠷᠢᠶ᠎ᠠ ᠪᠠ ᠬᠦᠮᠦᠨ ᠦ ᠡᠬᠢ ᠪᠠᠶᠠᠯᠢᠭ ᠨᠡᠢᠬᠡᠮ ᠦᠨ ᠪᠠᠳᠤᠯᠭᠠᠨ ᠤ ᠲᠢᠩᠬᠢᠮ ᠬᠠᠮᠳᠤᠷᠠᠨ ᠪᠦᠷᠢᠯᠳᠦᠭᠰᠡᠨ ᠪᠠᠢᠴᠠᠭᠠᠨ ᠰᠤᠳᠤᠯᠬᠤ ᠳᠤᠭᠤᠢᠯᠠᠩ ᠥᠪᠡᠷᠲᠡᠭᠡᠨ ᠵᠠᠰᠠᠬᠤ ᠤᠷᠤᠨ ᠠᠴᠠ ᠳᠣᠷᠤᠭᠰᠢᠬᠢ ᠰᠢᠬᠦᠬᠦ ᠬᠤᠷᠢᠶ᠎ᠠ ᠪᠠᠢᠴᠠᠭᠠᠬᠤ ᠬᠤᠷᠢᠶᠠᠨ ᠤ ᠵᠤᠭᠤᠰ ᠮᠦᠩᠬᠦ ᠡᠳ᠋ ᠬᠥᠷᠦᠩᠭᠡ ᠶᠢ ᠨᠢᠬᠡᠳᠦᠯᠲᠡᠢ ᠬᠠᠮᠢᠶᠠᠷᠴᠤ ᠬᠦᠢᠴᠡᠳᠬᠡᠨ ᠪᠤᠳᠤᠬᠤ ᠶᠢ ᠬᠦᠢᠴᠡᠳᠬᠡᠭᠰᠡᠨ ᠪᠠᠢᠳᠠᠯ ᠤᠨ ᠳᠤᠬᠠᠢ ᠤᠷᠳᠤᠰ ᠲᠤ ᠬᠦᠷᠴᠦ ᠪᠠᠢᠴᠠᠭᠠᠨ ᠰᠤᠳᠤᠯᠪᠠ ᠂ ᠪᠠᠢᠴᠠᠭᠠᠨ ᠰᠤᠳᠤᠯᠬᠤ ᠳᠤᠭᠤᠢᠯᠠᠩ ᠤᠷᠳᠤᠰ ᠬᠤᠳᠠ ᠶᠢᠨ ᠠᠷᠠᠳ ᠤᠨ ᠳᠤᠮᠳᠠ ᠵᠡᠷᠬᠡ ᠶᠢᠨ ᠰᠢᠬᠦᠬᠦ ᠬᠤᠷᠢᠶ᠎ᠠ ᠪᠤᠯᠤᠨ ᠬᠠᠮᠢᠶ᠎ᠠ ᠪᠦᠬᠦᠢ ᠰᠠᠯᠠᠭ᠎ᠠ ᠮᠦᠴᠢᠷ ᠲᠦ ᠰᠠᠭᠤᠳᠠᠯ ᠤᠨ ᠬᠤᠷᠠᠯ ᠬᠤᠷᠠᠯᠳᠤᠪᠠ ᠃ ᠤᠷᠳᠤᠰ ᠬᠤᠳᠠ ᠶᠢᠨ ᠨᠠᠮ ᠤᠨ ᠬᠤᠷᠢᠶᠠᠨ ᠤ ᠵᠤᠬᠢᠶᠠᠨ ᠪᠠᠢᠭᠤᠯᠬᠤ ᠬᠡᠯᠳᠡᠰ ᠂ ᠡᠳ᠋ ᠦᠨ ᠵᠠᠰᠠᠭ ᠤᠨ ᠳᠤᠪᠴᠢᠶ᠎ᠠ᠂ ᠬᠦᠮᠦᠨ ᠦ ᠡᠬᠢ ᠪᠠᠶᠠᠯᠢᠭ ᠨᠡᠢᠬᠡᠮ ᠦᠨ ᠪᠠᠳᠤᠯᠭᠠᠨ ᠤ ᠳᠤᠪᠴᠢᠶ᠎ᠠ ᠂ ᠰᠢᠬᠦᠬᠦ ᠬᠤᠷᠢᠶ᠎ᠠ ᠂ ᠪᠠᠢᠴᠠᠭᠠᠬᠤ ᠬᠤᠷᠢᠶ᠎ᠠ ᠂ ᠵᠢᠴᠢ ᠳ᠋ᠦᠩᠱᠧᠩ ᠳᠤᠭᠤᠷᠢᠭ ᠂ ᠡᠵᠡᠨ ᠬᠤᠷᠤᠭ᠎ᠠ ᠬᠤᠰᠢᠭᠤᠨ ᠤ ᠨᠠᠮ ᠤᠨ ᠬᠤᠷᠢᠶᠠᠨ ᠤ ᠵᠤᠬᠢᠶᠠᠨ ᠪᠠᠢᠭᠤᠯᠬᠤ ᠬᠡᠯᠳᠡᠰ ᠂ ᠡᠳ᠋ ᠦᠨ ᠵᠠᠰᠠᠭ ᠤᠨ ᠳᠤᠪᠴᠢᠶ᠎ᠠ ᠂ ᠬᠦᠮᠦᠨ ᠦ ᠡᠬᠢ ᠪᠠᠶᠠᠯᠢᠭ ᠨᠡᠢᠬᠡᠮ ᠦᠨ ᠪᠠᠳᠤᠯᠭᠠᠨ ᠤ ᠳᠤᠪᠴᠢᠶ᠎ᠠ᠂ ᠰᠢᠬᠦᠬᠦ ᠬᠤᠷᠢᠶ᠎ᠠ ᠂ ᠪᠠᠢᠴᠠᠭᠠᠬᠤ ᠬᠤᠷᠢᠶ᠎ᠠ ᠶᠢᠨ ᠤᠳᠤᠷᠢᠳᠤᠯᠭ᠎ᠠ ᠪᠠ ᠬᠠᠮᠢᠶ᠎ᠠ ᠪᠦᠬᠦᠢ ᠠᠵᠢᠯᠳᠠᠨ ᠬᠤᠷᠠᠯ ᠳᠤ ᠤᠷᠤᠯᠴᠠᠪᠠ ᠃
ᠬᠤᠷᠠᠯ ᠳᠡᠭᠡᠷ᠎ᠠ ᠂ ᠥᠪᠡᠷᠲᠡᠭᠡᠨ ᠵᠠᠰᠠᠬᠤ ᠤᠷᠤᠨ ᠤ ᠡᠳ᠋ ᠦᠨ ᠵᠠᠰᠠᠭ ᠤᠨ ᠲᠢᠩᠬᠢᠮ ᠦᠨ ᠳᠡᠳ᠋ ᠲᠢᠩᠬᠢᠮ ᠦᠨ ᠳᠠᠷᠤᠭ᠎ᠠ ᠬᠠᠨ ᠱᠦ ᠴᠢᠩ ᠳᠤᠰ ᠤᠳᠠᠭᠠᠨ ᠤ ᠪᠠᠢᠴᠠᠭᠠᠨ ᠰᠤᠳᠤᠯᠬᠤ ᠠᠵᠢᠯ ᠤᠨ ᠬᠠᠮᠢᠶ᠎ᠠ ᠪᠦᠬᠦᠢ ᠠᠭᠤᠯᠭ᠎ᠠ ᠶᠢ ᠲᠠᠨᠢᠯᠴᠠᠭᠤᠯᠪᠠ ᠃ ᠬᠤᠳᠠ ᠶᠢᠨ ᠰᠢᠬᠦᠬᠦ ᠬᠤᠷᠢᠶᠠᠨ ᠤ ᠬᠤᠷᠢᠶᠠᠨ ᠳᠠᠷᠤᠭ᠎ᠠ ᠯᠢ ᠾᠦᠩ ᠶᠠᠨ ᠂ ᠬᠤᠳᠠ ᠶᠢᠨ ᠪᠠᠢᠴᠠᠭᠠᠬᠤ ᠬᠤᠷᠢᠶᠠᠨ ᠤ ᠪᠠᠢᠴᠠᠭᠠᠬᠤ ᠳᠠᠷᠤᠭ᠎ᠠ ᠶᠠᠩ ᠱᠢ ᠯᠢᠨ ᠂ ᠳ᠋ᠦᠩᠱᠧᠩ ᠳᠤᠭᠤᠷᠢᠭ ᠂ ᠡᠵᠡᠨ ᠬᠤᠷᠤᠭ᠎ᠠ ᠬᠤᠰᠢᠭᠤᠨ ᠤ ᠰᠢᠬᠦᠬᠦ ᠬᠤᠷᠢᠶ᠎ᠠ ᠪᠠᠢᠴᠠᠭᠠᠬᠤ ᠬᠤᠷᠢᠶ᠎ᠠ ᠳᠤᠰᠪᠤᠷᠢ ᠬᠠᠮᠢᠶ᠎ᠠ ᠪᠦᠬᠦᠢ ᠠᠵᠢᠯ ᠤᠨ ᠪᠠᠢᠳᠠᠯ ᠢ ᠬᠠᠷᠢᠭᠤ ᠮᠡᠳᠡᠬᠦᠯᠪᠡ ᠃ ᠵᠤᠬᠢᠶᠠᠨ ᠪᠠᠢᠭᠤᠯᠬᠤ ᠬᠡᠯᠳᠡᠰ ᠂ ᠡᠳ᠋ ᠦᠨ ᠵᠠᠰᠠᠭ ᠤᠨ ᠳᠤᠪᠴᠢᠶ᠎ᠠ ᠂ ᠬᠦᠮᠦᠨ ᠦ ᠡᠬᠢ ᠪᠠᠶᠠᠯᠢᠭ ᠨᠡᠢᠬᠡᠮ ᠦᠨ ᠪᠠᠳᠤᠯᠭᠠᠨ ᠤ ᠳᠤᠪᠴᠢᠶ᠎ᠠ ᠵᠡᠷᠬᠡ ᠬᠤᠷᠠᠯ ᠳᠤ ᠤᠷᠤᠯᠴᠠᠭᠰᠠᠨ ᠬᠠᠮᠳᠤ ᠨᠢᠬᠡᠴᠡ ᠳᠤᠰ ᠤᠳᠠᠭᠠᠨ ᠤ ᠬᠤᠷᠠᠯ ᠤᠨ ᠠᠭᠤᠯᠭ᠎ᠠ ᠶᠢᠨ ᠳᠤᠬᠠᠢ ᠶᠠᠷᠢᠶ᠎ᠠ ᠳᠠᠯᠪᠢᠨ ᠶᠠᠷᠢᠯᠴᠠᠪᠠ ᠃
ᠦᠨᠡᠯᠡᠬᠦ 0ᠦᠨᠡᠯᠡᠯᠲᠡ᠎ᠲᠠᠢ