2017 ᠤᠨ ᠤ ᠪᠦᠬᠦ ᠬᠤᠳᠠ ᠶᠢᠨ ᠰᠢᠬᠦᠬᠦ ᠬᠤᠷᠢᠶᠠᠨ ᠤ ᠠᠵᠢᠯ ᠤᠨ ᠵᠢᠯ ᠦᠨ ᠬᠤᠷᠠᠯ ᠵᠢᠴᠢ ᠨᠠᠮ ᠤᠨ ᠰᠤᠷᠳᠠᠯ ᠴᠢᠬᠡᠴᠢ ᠵᠠᠰᠠᠭ ᠤᠨ ᠪᠦᠲᠦᠭᠡᠨ ᠪᠠᠢᠭᠤᠯᠤᠯᠲᠠ ᠪᠤᠯᠤᠨ ᠢᠯᠵᠠᠷᠠᠬᠤ ᠶᠢ ᠡᠰᠡᠷᠭᠦᠴᠡᠬᠦ ᠠᠵᠢᠯ ᠤᠨ ᠬᠤᠷᠠᠯ ᠢ ᠤᠷᠳᠤᠰ ᠬᠤᠳᠠ ᠶᠢᠨ ᠠᠷᠠᠳ ᠤᠨ ᠳᠤᠮᠳᠠ ᠵᠡᠷᠬᠡ ᠶᠢᠨ ᠰᠢᠬᠦᠬᠦ ᠬᠤᠷᠢᠶᠠᠨ ᠳᠤ ᠶᠠᠪᠤᠭᠳᠠᠪᠠ
ᠲᠦᠪ ᠂ ᠥᠪᠡᠷᠲᠡᠭᠡᠨ ᠵᠠᠰᠠᠬᠤ ᠤᠷᠤᠨ ᠂ ᠬᠤᠳᠠ ᠶᠢᠨ ᠨᠠᠮ ᠤᠨ ᠬᠤᠷᠢᠶᠠᠨ ᠤ ᠤᠯᠤᠰ ᠲᠦᠷᠦ ᠬᠠᠤᠯᠢ ᠴᠠᠭᠠᠵᠠ ᠶᠢᠨ ᠠᠵᠢᠯ ᠤᠨ ᠬᠤᠷᠠᠯᠳᠤᠭᠠᠨ ᠵᠢᠴᠢ ᠪᠦᠬᠦ ᠤᠯᠤᠰ ᠂ ᠪᠦᠬᠦ ᠤᠷᠤᠨ ᠤ ᠰᠢᠬᠦᠬᠦ ᠬᠤᠷᠢᠶᠠᠨ ᠤ ᠬᠤᠷᠢᠶᠠᠨ ᠳᠠᠷᠤᠭ᠎ᠠ ᠶᠢᠨ ᠬᠤᠷᠠᠯᠳᠤᠭᠠᠨ ᠤ ᠵᠤᠷᠢᠭ ᠰᠠᠨᠠᠭ᠎ᠠ ᠶᠢ ᠨᠠᠢᠳᠠᠪᠤᠷᠢᠵᠢᠭᠤᠯᠬᠤ ᠶᠢᠨ ᠲᠦᠯᠦᠭᠡ ᠂ 3 ᠰᠠᠷᠠᠢᠨ 13 ᠤ ᠡᠳᠦᠷ ᠂ 2017 ᠤᠨ ᠤ ᠪᠦᠬᠦ ᠬᠤᠳᠠ ᠶᠢᠨ ᠰᠢᠬᠦᠬᠦ ᠬᠤᠷᠢᠶᠠᠨ ᠤ ᠠᠵᠢᠯ ᠤᠨ ᠬᠤᠷᠠᠯᠳᠤᠭᠠᠨ ᠵᠢᠴᠢ ᠨᠠᠮ ᠤᠨ ᠰᠤᠷᠳᠠᠯ ᠴᠢᠬᠡᠴᠢ ᠵᠠᠰᠠᠭ ᠤᠨ ᠪᠦᠲᠦᠭᠡᠨ ᠪᠠᠢᠭᠤᠯᠤᠯᠲᠠ ᠪᠤᠯᠤᠨ ᠢᠯᠵᠠᠷᠠᠬᠤ ᠶᠢ ᠡᠰᠡᠷᠭᠦᠴᠡᠬᠦ ᠠᠵᠢᠯ ᠤᠨ ᠬᠤᠷᠠᠯᠳᠤᠭᠠᠨ ᠢ ᠤᠷᠳᠤᠰ ᠬᠤᠳᠠ ᠶᠢᠨ ᠠᠷᠠᠳ ᠤᠨ ᠳᠤᠮᠳᠠ ᠵᠡᠷᠬᠡ ᠶᠢᠨ ᠰᠢᠬᠦᠬᠦ ᠬᠤᠷᠢᠶᠠᠨ ᠳᠤ ᠬᠤᠷᠠᠯᠳᠤᠪᠠ ᠃ ᠬᠤᠷᠠᠯᠳᠤᠭᠠᠨ ᠨᠢ ᠸᠢᠳᠢᠣ᠋ ᠶᠢᠨ ᠬᠡᠯᠪᠡᠷᠢ ᠪᠡᠷ ᠶᠠᠪᠤᠭᠳᠠᠵᠤ ᠂ ᠠᠷᠠᠳ ᠤᠨ ᠳᠤᠮᠳᠠ ᠵᠡᠷᠭᠡ ᠶᠢᠨ ᠰᠢᠬᠦᠬᠦ ᠬᠤᠷᠢᠶᠠᠨ ᠤ ᠭᠤᠤᠯ ᠬᠤᠷᠠᠯ ᠤᠨ ᠳᠠᠯᠠᠪᠤᠷ ᠲᠤ ᠤᠷᠤᠯᠴᠠᠭᠰᠠᠨ ᠨᠢ᠄ ᠤᠷᠳᠤᠰ ᠬᠤᠳᠠ ᠶᠢᠨ ᠠᠷᠠᠳ ᠤᠨ ᠳᠤᠮᠳᠠ ᠵᠡᠷᠬᠡ ᠶᠢᠨ ᠰᠢᠬᠦᠬᠦ ᠬᠤᠷᠢᠶᠠᠨ ᠤ ᠪᠦᠬᠦ ᠤᠳᠤᠷᠢᠳᠬᠤ ᠪᠠᠭ ᠂ ᠡᠯ᠎ᠠ ᠬᠤᠰᠢᠭᠤ ᠳᠤᠭᠤᠷᠢᠭ ᠤᠨ ᠠᠷᠠᠳ ᠤᠨ ᠰᠢᠬᠦᠬᠦ ᠬᠤᠷᠢᠶᠠᠨ ᠤ ᠬᠤᠷᠢᠶᠠᠨ ᠳᠠᠷᠤᠭ᠎ᠠ ᠂ ᠰᠠᠬᠢᠯᠭ᠎ᠠ ᠪᠠᠳᠤ ᠪᠠᠢᠴᠠᠭᠠᠬᠤ ᠳᠤᠭᠤᠢᠯᠠᠩ ᠤᠨ ᠳᠠᠷᠤᠭ᠎ᠠ ᠂ ᠬᠢᠨᠠᠨ ᠪᠠᠢᠴᠠᠭᠠᠬᠤ ᠳᠠᠰᠤᠭ ᠤᠨ ᠡᠷᠬᠢᠯᠡᠭᠴᠢ ᠵᠢᠴᠢ ᠤᠷᠳᠤᠰ ᠬᠤᠳᠠ ᠶᠢᠨ ᠠᠷᠠᠳ ᠤᠨ ᠳᠤᠮᠳᠠ ᠵᠡᠷᠬᠡ ᠶᠢᠨ ᠰᠢᠬᠦᠬᠦ ᠬᠤᠷᠢᠶᠠᠨ ᠤ ᠪᠦᠬᠦ ᠺᠠᠳᠠᠷ ᠴᠠᠭᠳᠠᠭ᠎ᠠ ᠃ ᠡᠯ᠎ᠠ ᠬᠤᠰᠢᠭᠤ ᠳᠤᠭᠤᠷᠢᠭ ᠤᠨ ᠰᠢᠬᠦᠬᠦ ᠬᠤᠷᠢᠶᠠᠨ ᠤ ᠪᠤᠰᠤᠳ ᠤᠳᠤᠷᠢᠳᠬᠤ ᠪᠠᠭ ᠤᠨ ᠬᠡᠰᠢᠬᠦᠨ ᠪᠤᠯᠤᠨ ᠪᠦᠬᠦ ᠺᠠᠳᠠᠷ ᠴᠠᠭᠳᠠᠭ᠎ᠠ ᠬᠤᠪᠢᠶᠠᠷᠢ ᠬᠤᠷᠠᠯ ᠤᠨ ᠳᠠᠯᠠᠪᠤᠷ ᠲᠤ ᠬᠤᠷᠠᠯ ᠳᠤ ᠤᠷᠤᠯᠴᠠᠪᠠ ᠃ ᠬᠤᠷᠠᠯᠳᠤᠭᠠᠨ ᠢ ᠤᠷᠳᠤᠰ ᠬᠤᠳᠠ ᠶᠢᠨ ᠠᠷᠠᠳ ᠤᠨ ᠳᠤᠮᠳᠠ ᠵᠡᠷᠬᠡ ᠶᠢᠨ ᠰᠢᠬᠦᠬᠦ ᠬᠤᠷᠢᠶᠠᠨ ᠤ ᠳᠡᠳ᠋ ᠬᠤᠷᠢᠶᠠᠨ ᠳᠠᠷᠤᠭ᠎ᠠ ᠠᠢ ᠹᠸᠢ ᠡᠷᠬᠢᠯᠡᠪᠡ ᠃
ᠬᠤᠷᠠᠯ ᠳᠡᠭᠡᠷ᠎ᠠ ᠂ ᠤᠷᠳᠤᠰ ᠬᠤᠳᠠ ᠶᠢᠨ ᠠᠷᠠᠳ ᠤᠨ ᠳᠤᠮᠳᠠ ᠵᠡᠷᠬᠡ ᠶᠢᠨ ᠰᠢᠬᠦᠬᠦ ᠬᠤᠷᠢᠶᠠᠨ ᠤ ᠰᠠᠬᠢᠯᠭ᠎ᠠ ᠪᠠᠳᠤ ᠪᠠᠢᠴᠠᠭᠠᠬᠤ ᠳᠤᠭᠤᠢᠯᠠᠩ ᠤᠨ ᠳᠠᠷᠤᠭ᠎ᠠ ᠬᠥ᠋ ᠴᠢᠩ ᠴᠢᠶᠤᠸᠠᠨ ᠪᠦᠬᠦ ᠬᠤᠳᠠ ᠶᠢᠨ ᠰᠢᠬᠦᠬᠦ ᠬᠤᠷᠢᠶᠠᠨ ᠤ 2017 ᠤᠨ ᠤ ᠨᠠᠮ ᠤᠨ ᠰᠤᠷᠳᠠᠯ ᠴᠢᠬᠡᠴᠢ ᠵᠠᠰᠠᠭ ᠤᠨ ᠪᠦᠲᠦᠭᠡᠨ ᠪᠠᠢᠭᠤᠯᠤᠯᠲᠠ ᠪᠤᠯᠤᠨ ᠢᠯᠵᠠᠷᠠᠬᠤ ᠶᠢ ᠡᠰᠡᠷᠭᠦᠴᠡᠬᠦ ᠠᠵᠢᠯ ᠳᠤ ᠪᠠᠢᠷᠢᠰᠢᠭᠤᠯᠤᠯᠲᠠ ᠬᠢᠪᠡ ᠃ ᠤᠷᠳᠤᠰ ᠬᠤᠳᠠ ᠶᠢᠨ ᠠᠷᠠᠳ ᠤᠨ ᠳᠤᠮᠳᠠ ᠵᠡᠷᠬᠡ ᠶᠢᠨ ᠰᠢᠬᠦᠬᠦ ᠬᠤᠷᠢᠶᠠᠨ ᠤ ᠰᠤᠳᠤᠯᠠᠨ ᠪᠠᠢᠴᠠᠭᠠᠭᠴᠢ ᠽᠠᠩ ᠵᠢᠶᠠᠨ ᠫᠢᠩ《ᠤᠷᠳᠤᠰ ᠬᠤᠳᠠ ᠶᠢᠨ ᠠᠷᠠᠳ ᠤᠨ ᠳᠤᠮᠳᠠ ᠵᠡᠷᠬᠡ ᠶᠢᠨ ᠰᠢᠬᠦᠬᠦ ᠬᠤᠷᠢᠶᠠᠨ ᠤ ᠪᠦᠬᠦ ᠬᠤᠳᠠ ᠶᠢᠨ ᠰᠢᠬᠦᠬᠦ ᠬᠤᠷᠢᠶ᠎ᠠ<ᠦᠨᠡᠨᠴᠢ ᠰᠢᠳᠤᠷᠭᠤ ᠂ᠠᠷᠢᠭᠤᠨ ᠴᠡᠪᠡᠷ ᠂ ᠬᠠᠷᠢᠭᠤᠴᠠᠯᠭ᠎ᠠ ᠳᠠᠢ>ᠡᠩᠨᠡᠭᠡ ᠶᠢ ᠴᠡᠭᠴᠡᠯᠡᠨ ᠪᠦᠲᠦᠭᠡᠨ ᠪᠠᠢᠭᠤᠯᠬᠤ ᠠᠵᠢᠯ ᠤᠨ ᠳᠤᠬᠠᠢ ᠪᠣᠳᠠᠲᠠᠢ ᠲᠦᠰᠦᠪ 》 ᠶᠢ ᠤᠩᠰᠢᠪᠠ ᠃ ᠤᠷᠳᠤᠰ ᠬᠤᠳᠠ ᠶᠢᠨ ᠠᠷᠠᠳ ᠤᠨ ᠳᠤᠮᠳᠠ ᠵᠡᠷᠬᠡ ᠶᠢᠨ ᠠᠷᠠᠳ ᠤᠨ ᠰᠢᠬᠦᠬᠦ ᠬᠤᠷᠢᠶᠠᠨ ᠤ ᠨᠠᠮ ᠤᠨ ᠤᠳᠤᠷᠢᠳᠬᠤ ᠳᠤᠭᠤᠢᠯᠠᠩ ᠤᠨ ᠱᠦᠵᠢ ᠂ ᠬᠤᠷᠢᠶᠠᠨ ᠳᠠᠷᠤᠭ᠎ᠠ ᠯᠢ ᠾᠦᠩ ᠶᠠᠨ 2017 ᠤᠨ ᠤ ᠪᠦᠬᠦ ᠬᠤᠳᠠ ᠶᠢᠨ ᠰᠢᠬᠦᠬᠦ ᠬᠤᠷᠢᠶᠠᠨ ᠤ ᠠᠵᠢᠯ ᠳᠤ ᠪᠦᠬᠦ ᠳᠠᠯ᠎ᠠ ᠶᠢᠨ ᠪᠠᠢᠷᠢᠰᠢᠭᠤᠯᠤᠯᠲᠠ ᠬᠢᠪᠡ ᠃
ᠯᠢ ᠾᠦᠩ ᠶᠠᠨ ᠬᠤᠷᠢᠶᠠᠨ ᠳᠠᠷᠤᠭ᠎ᠠ ᠲᠦᠪ ᠂ ᠥᠪᠡᠷᠲᠡᠭᠡᠨ ᠵᠠᠰᠠᠬᠤ ᠤᠷᠤᠨ ᠂ ᠬᠤᠳᠠ ᠶᠢᠨ ᠨᠠᠮ ᠤᠨ ᠬᠤᠷᠢᠶᠠᠨ ᠤ ᠤᠯᠤᠰ ᠲᠦᠷᠦ ᠬᠠᠤᠯᠢ ᠴᠠᠭᠠᠵᠠ ᠶᠢᠨ ᠠᠵᠢᠯ ᠤᠨ ᠬᠤᠷᠠᠯᠳᠤᠭᠠᠨ ᠵᠢᠴᠢ ᠪᠦᠬᠦ ᠤᠯᠤᠰ ᠂ ᠪᠦᠬᠦ ᠤᠷᠤᠨ ᠤ ᠰᠢᠬᠦᠬᠦ ᠬᠤᠷᠢᠶᠠᠨ ᠤ ᠬᠤᠷᠢᠶᠠᠨ ᠳᠠᠷᠤᠭ᠎ᠠ ᠶᠢᠨ ᠬᠤᠷᠠᠯᠳᠤᠭᠠᠨ ᠤ ᠵᠤᠷᠢᠭ ᠰᠠᠨᠠᠭ᠎ᠠ ᠶᠢ ᠨᠠᠢᠳᠠᠪᠤᠷᠢᠵᠢᠭᠤᠯᠬᠤ ᠶᠢ ᠲᠥᠪᠯᠡᠷᠡᠭᠦᠯᠦᠨ ᠂ ᠤᠳᠤᠬᠠᠨ ᠤ ᠮᠠᠨ ᠤ ᠬᠤᠳᠠ ᠶᠢᠨ ᠰᠢᠬᠦᠬᠦ ᠬᠤᠷᠢᠶ᠎ᠠ ᠳᠤ ᠳᠤᠯᠭᠠᠷᠠᠵᠤ ᠪᠠᠢᠭ᠎ᠠ ᠪᠠᠢᠳᠠᠯ ᠪᠠ ᠠᠵᠢᠯ ᠤᠨ ᠳᠤᠮᠳᠠ ᠤᠷᠤᠰᠢᠵᠤ ᠪᠠᠢᠬᠤ ᠠᠰᠠᠭᠤᠳᠠᠯ ᠢ ᠨᠠᠷᠢᠯᠢᠭ ᠵᠠᠳᠠᠯᠤᠯᠲᠠ ᠬᠢᠪᠡ ᠃ ᠬᠡᠷᠬᠢᠨ ᠭᠠᠵᠠᠷ ᠤᠷᠤᠨ ᠤ ᠠᠵᠤ ᠠᠬᠤᠢ ᠨᠡᠢᠬᠡᠮ ᠦᠨ ᠬᠦᠭᠵᠢᠯᠲᠡ ᠳᠦ ᠦᠢᠯᠡᠴᠢᠯᠡᠬᠦ ᠳᠤᠬᠠᠢ ᠂ 2017 ᠤᠨ ᠤ ᠪᠦᠬᠦ ᠬᠤᠳᠠ ᠶᠢᠨ ᠰᠢᠬᠦᠬᠦ ᠬᠤᠷᠢᠶᠠᠨ ᠤ ᠭᠣᠣᠯᠳᠠᠯᠭ᠎ᠠ ᠳᠠᠢ ᠠᠵᠢᠯ ᠢ ᠨᠠᠢ᠍ᠮᠠᠨ ᠳᠠᠯ᠎ᠠ ᠠᠴᠠ ᠪᠠᠢᠷᠢᠰᠢᠭᠤᠯᠤᠯᠲᠠ ᠬᠢᠭᠰᠡᠨ ᠮᠦᠷᠲᠡᠭᠡᠨ ᠠᠵᠢᠯ ᠤᠨ ᠦᠨᠳᠦᠰᠦᠨ ᠱᠠᠭᠠᠷᠳᠠᠯᠭ᠎ᠠ ᠶᠢ ᠳᠤᠷᠠᠳᠪᠠ ᠃
ᠯᠢ ᠾᠦᠩ ᠶᠠᠨ ᠬᠤᠷᠢᠶᠠᠨ ᠳᠠᠷᠤᠭ᠎ᠠ ᠤᠷᠢᠶᠠᠯᠠᠭᠰᠠᠨ ᠨᠢ ᠂ 2017 ᠤᠨ ᠂ ᠪᠢᠳᠡᠨ ᠳᠦ ᠳᠤᠯᠭᠠᠷᠠᠵᠤ ᠪᠠᠢᠭ᠎ᠠ ᠠᠵᠢᠯ ᠡᠬᠦᠷᠭᠡ ᠶᠢᠨ ᠬᠦᠨᠳᠦ ᠨᠦᠰᠡᠷ ᠂ ᠠᠵᠢᠯ ᠤᠨ ᠳᠠᠷᠤᠯᠳᠠ ᠶᠡᠬᠡ ᠨᠢ ᠤᠤᠯ ᠳᠤ ᠪᠠᠢᠭ᠎ᠠ ᠦᠬᠡᠢ ᠶᠤᠮ ᠃ ᠬᠡᠪᠡᠴᠦ ᠶᠠᠭ ᠰᠢ ᠵᠢᠨ ᠫᠢᠩ ᠶᠡᠷᠦᠩᠬᠡᠢ ᠱᠦᠵᠢ ᠶᠢᠨ ᠬᠡᠯᠡᠭᠰᠡᠨ ᠠᠳᠠᠯᠢ᠂ 《ᠳᠠᠷᠤᠯᠳᠠ ᠬᠡᠳᠦᠢ ᠶᠡᠬᠡ ᠪᠤᠯ ᠂ ᠵᠤᠷᠢᠭ ᠰᠦᠰᠦ ᠬᠡᠳᠦᠢ ᠴᠢᠩᠭ᠎ᠠ ᠪᠠᠢᠬᠤ ᠬᠡᠷᠡᠭᠲᠡᠢ》᠂ ᠡᠨᠡᠬᠦ ᠵᠠᠩᠭᠢᠯᠠᠭ᠎ᠠ ᠶᠢᠨ ᠦᠶ᠎ᠠ ᠪᠤᠯ ᠮᠦᠨᠴᠦ ᠪᠢᠳᠡᠨ ᠦ ᠤᠳᠤᠷᠢᠳᠤᠯᠭ᠎ᠠ ᠺᠠᠳᠠᠷ ᠨᠠᠷ ᠤᠨ ᠵᠤᠷᠢᠭ ᠰᠦᠰᠦ ᠂ ᠤᠶᠤᠨ ᠤᠬᠠᠭᠠᠨ ᠪᠤᠯᠤᠨ ᠴᠢᠳᠠᠪᠤᠷᠢ ᠶᠢᠨ ᠰᠢᠯᠭᠠᠯᠲᠠ ᠮᠦᠨ ᠃ 《ᠵᠠᠮ ᠤᠢᠷ᠎ᠠ ᠪᠤᠯᠪᠠᠴᠤ ᠂ ᠶᠠᠪᠤᠬᠤ ᠦᠬᠡᠢ ᠪᠤᠯ ᠪᠤᠯᠪᠠᠰᠤ ᠦᠯᠦ ᠬᠦᠷᠦᠮᠤᠢ ᠂ ᠶᠠᠪᠤᠳᠠᠯ ᠪᠠᠭ᠎ᠠ ᠪᠤᠯᠪᠠᠴᠤ ᠂ ᠬᠢᠬᠦ ᠦᠬᠡᠢ ᠪᠤᠯᠪᠠᠰᠤ ᠦᠯᠦ ᠪᠦᠳᠦᠮᠤᠢ》᠂ ᠳᠤᠷᠠᠲᠠᠢᠠ ᠬᠢᠵᠦ ᠂ ᠪᠤᠳᠠᠳᠠᠢ ᠬᠢᠵᠦ ᠂ ᠬᠢᠵᠦ ᠴᠢᠳᠠᠬᠤ ᠪᠤᠯ ᠬᠠᠮᠤᠭ ᠤᠨ ᠪᠤᠷᠤᠭᠵᠢᠭᠤᠨ ᠠᠷᠭ᠎ᠠ ᠶᠢᠨ ᠤᠨᠤᠯ ᠮᠦᠨ ᠃ ᠬᠦᠰᠡᠬᠦ ᠨᠢ ᠂ ᠡᠯ᠎ᠠ ᠰᠢᠬᠦᠬᠦ ᠬᠤᠷᠢᠶ᠎ᠠ ᠨᠢᠬᠡᠳᠦᠭᠡᠷ ᠭᠠᠷ᠂ ᠨᠠᠮ᠎ᠠ ᠶᠢ ᠪᠠᠰᠠ ᠪᠠᠭᠳᠠᠭᠠᠵᠤ ᠂ ᠪᠢᠳᠡᠨ ᠦ ᠪᠦᠬᠦ ᠺᠠᠳᠠᠷ ᠴᠠᠭᠳᠠᠭ᠎ᠠ ᠨᠠᠷ ᠂ ᠡᠷᠭᠡᠪᠰᠢ ᠪᠡᠷᠬᠡ ᠬᠦᠴᠢᠷᠳᠡᠯ ᠳᠠᠢ ᠪᠠᠢᠳᠠᠯ ᠢ ᠳᠠᠨᠢᠵᠤ ᠂ ᠬᠦᠢᠴᠡᠳ ᠦᠵᠡᠯ ᠰᠠᠨᠠᠭᠠᠨ ᠤ ᠪᠡᠯᠡᠳᠬᠡᠯ ᠳᠠᠢ ᠪᠠᠢᠵᠤ ᠂ ᠢᠳᠡᠪᠬᠢᠳᠠᠢ ᠪᠠᠷ ᠡᠯ᠎ᠠ ᠵᠦᠢᠯ ᠦᠨ ᠰᠢᠯᠭᠠᠯᠲᠠ ᠶᠢ ᠠᠷᠭᠠᠴᠠᠭᠠᠵᠤ ᠂ ᠬᠠᠳᠠᠭᠤ ᠪᠡᠷᠭᠡᠰᠢᠶᠠᠯ ᠢ ᠳᠤᠭᠤᠯᠤᠨ ᠳᠠᠪᠠᠵᠤ ᠂ ᠵᠤᠷᠢᠭᠳᠠᠢ ᠬᠠᠷᠢᠭᠤᠴᠠᠯᠭ᠎ᠠ ᠡᠬᠦᠷᠭᠡᠯᠡᠬᠦ ᠰᠢᠯᠢᠳᠡᠭ ᠰᠤᠷᠳᠠᠯ ᠢ ᠦᠷᠬᠦᠯᠵᠢᠯᠡᠨ ᠪᠠᠳᠠᠷᠠᠭᠤᠯᠵᠤ ᠂ ᠵᠤᠷᠢᠭ ᠰᠠᠨᠠᠭ᠎ᠠ ᠪᠠᠨ ᠬᠦᠪᠴᠢᠯᠡᠵᠦ ᠂ ᠬᠦᠴᠢᠷ ᠪᠡᠷᠬᠡ ᠡᠴᠡ ᠦᠯᠦ ᠠᠶᠤᠨ ᠂ ᠪᠦᠬᠦ ᠬᠦᠴᠦᠨ ᠢᠶᠡᠷ ᠡᠯ᠎ᠠ ᠲᠦᠷᠦᠯ ᠦᠨ ᠠᠵᠢᠯ ᠢ ᠰᠠᠢᠨ ᠬᠢᠵᠦ ᠂ ᠰᠢᠯᠢᠳᠡᠭ ᠠᠵᠢᠯ ᠤᠨ ᠪᠦᠲᠦᠮᠵᠢ ᠪᠡᠷ ᠨᠠᠮ ᠤᠨ ᠠᠷᠪᠠ ᠶᠢᠰᠦᠳᠦᠭᠡᠷ ᠶᠡᠬᠡ ᠬᠤᠷᠠᠯ ᠠᠮᠵᠢᠯᠲᠠᠢ ᠪᠠᠷ ᠶᠠᠪᠤᠭᠳᠠᠬᠤ ᠂ ᠥᠪᠡᠷᠲᠡᠭᠡᠨ ᠵᠠᠰᠠᠬᠤ ᠤᠷᠤᠨ ᠪᠠᠢᠭᠤᠯᠤᠭᠳᠠᠭᠰᠠᠨ 70 ᠵᠢᠯ ᠦᠨ ᠤᠢ ᠳᠤ ᠪᠠᠳᠤ ᠪᠡᠬᠢ ᠬᠠᠤᠯᠢ ᠴᠠᠭᠠᠵᠠ ᠶᠢᠨ ᠪᠠᠲᠤᠯᠠᠭ᠎ᠠ ᠬᠠᠩᠭᠠᠵᠤ ᠂ ᠤᠷᠳᠤᠰ ᠢ ᠡᠬᠡ ᠤᠯᠤᠰ ᠤᠨ ᠤᠮᠠᠷᠠᠳᠤ ᠬᠢᠵᠠᠭᠠᠷ ᠤᠨ ᠦᠵᠡᠰᠭᠦᠯᠡᠩᠲᠦ ᠦᠵᠡᠮᠵᠢ ᠳᠡᠬᠢ ᠬᠡᠷᠡᠯ ᠰᠠᠴᠤᠷᠠᠭᠰᠠᠨ ᠰᠤᠪᠤᠳ ᠪᠤᠯᠭᠠᠨ ᠪᠦᠲᠦᠬᠡᠨ ᠪᠠᠢᠭᠤᠯᠬᠤ ᠳᠤ ᠨᠡᠩ ᠶᠡᠬᠡ ᠬᠤᠪᠢ ᠨᠡᠮᠡᠷᠢ ᠡᠷᠬᠦᠶ᠎ᠠ ᠃
ᠦᠳᠡ ᠶᠢᠨ ᠬᠤᠢᠨ᠎ᠠ ᠂ ᠬᠤᠷᠠᠯᠳᠤᠭᠠᠨ ᠨᠢ ᠳᠤᠭᠤᠢᠯᠠᠩ ᠬᠤᠪᠢᠶᠠᠵᠤ ᠶᠠᠷᠢᠯᠴᠠᠬᠤ ᠬᠡᠯᠪᠡᠷᠢ ᠪᠡᠷ ᠶᠠᠪᠤᠭᠳᠠᠪᠠ ᠃ ᠰᠠᠬᠢᠯᠭ᠎ᠠ ᠪᠠᠳᠤ ᠪᠠᠢᠴᠠᠭᠠᠬᠤ ᠶᠠᠷᠢᠯᠴᠠᠬᠤ ᠳᠤᠭᠤᠢᠯᠠᠩ 2016 ᠤᠨ ᠤ ᠪᠦᠬᠦ ᠬᠤᠳᠠ ᠶᠢᠨ ᠰᠢᠬᠦᠬᠦ ᠬᠤᠷᠢᠶᠠᠨ ᠤ ᠨᠠᠮ ᠤᠨ ᠰᠤᠷᠳᠠᠯ ᠴᠢᠬᠡᠴᠢ ᠵᠠᠰᠠᠭ ᠤᠨ ᠪᠦᠲᠦᠭᠡᠨ ᠪᠠᠢᠭᠤᠯᠤᠯᠲᠠ ᠪᠤᠯᠤᠨ ᠢᠯᠵᠠᠷᠠᠬᠤ ᠶᠢ ᠡᠰᠡᠷᠬᠦᠴᠡᠬᠦ ᠵᠢᠯ ᠢ ᠳ᠋ᠦᠩᠨᠡᠵᠦ ᠂ ᠪᠠᠰᠠ ᠰᠠᠬᠢᠯᠭ᠎ᠠ ᠪᠠᠳᠤ ᠪᠠᠢᠴᠠᠭᠠᠬᠤ ᠳᠤᠭᠤᠢᠯᠠᠩ ᠳᠤᠮᠢᠯᠠᠬᠤ ᠪᠤᠯᠤᠨ ᠰᠢᠬᠦᠬᠦ ᠬᠤᠷᠢᠶᠠᠨ ᠤ ᠬᠢᠨᠠᠨ ᠪᠠᠢᠴᠠᠭᠠᠬᠤ ᠳᠠᠰᠤᠭ ᠤᠨ ᠠᠵᠢᠯ ᠢ ᠨᠡᠢᠯᠡᠬᠦᠯᠬᠦ ᠵᠢᠴᠢ ᠬᠠᠤᠯᠢ ᠴᠠᠭᠠᠵᠠ ᠶᠢᠨ ᠥᠭᠡᠷᠡᠴᠢᠯᠡᠯᠲᠡ ᠶᠢᠨ ᠠᠵᠢᠯ ᠳᠤᠮᠳᠠ ᠰᠠᠬᠢᠯᠭ᠎ᠠ ᠪᠠᠳᠤ ᠪᠠᠢᠴᠠᠭᠠᠬᠤ ᠬᠢᠨᠠᠨ ᠪᠠᠢᠴᠠᠭᠠᠬᠤ ᠬᠠᠮᠢᠶ᠎ᠠ ᠪᠦᠬᠦᠢ ᠠᠵᠢᠯ ᠤᠨ ᠳᠤᠬᠠᠢ ᠶᠠᠷᠢᠯᠴᠠᠪᠠ ᠃ ᠤᠷᠳᠤᠰ ᠬᠤᠳᠠ ᠶᠢᠨ ᠠᠷᠠᠳ ᠤᠨ ᠳᠤᠮᠳᠠ ᠵᠡᠷᠬᠡ ᠶᠢᠨ ᠰᠢᠬᠦᠬᠦ ᠬᠤᠷᠢᠶᠠᠨ ᠤ ᠰᠠᠬᠢᠯᠭ᠎ᠠ ᠪᠠᠳᠤ ᠪᠠᠢᠴᠠᠭᠠᠬᠤ ᠳᠤᠭᠤᠢᠯᠠᠩ ᠤᠨ ᠳᠠᠷᠤᠭ᠎ᠠ ᠬᠥ᠋ ᠴᠢᠩ ᠴᠢᠶᠤᠸᠠᠨ ᠬᠤᠷᠠᠯ ᠳᠤ ᠤᠷᠤᠯᠴᠠᠭᠰᠠᠳ ᠢ ᠶᠠᠷᠢᠶ᠎ᠠ ᠳᠠᠯᠪᠢᠬᠤ ᠳᠠᠯᠪᠢᠵᠤ ᠂ ᠢᠳᠡᠪᠬᠢᠳᠠᠢ ᠶᠠᠷᠢᠯᠴᠠᠬᠤ ᠶᠢ ᠵᠣᠷᠢᠭᠵᠢᠭᠤᠯᠪᠠ ᠃ ᠡᠯ᠎ᠠ ᠬᠤᠰᠢᠭᠤ ᠳᠤᠭᠤᠷᠢᠭ ᠤᠨ ᠳᠤᠮᠢᠯᠠᠭᠰᠠᠨ ᠰᠠᠬᠢᠯᠭ᠎ᠠ ᠪᠠᠳᠤ ᠪᠠᠢᠴᠠᠭᠠᠬᠤ ᠳᠤᠭᠤᠢᠯᠠᠩ ᠤᠨ ᠳᠠᠷᠤᠭ᠎ᠠ ᠂ ᠬᠢᠨᠠᠨ ᠪᠠᠢᠴᠠᠭᠠᠬᠤ ᠳᠠᠰᠤᠭ ᠤᠨ ᠡᠷᠬᠢᠯᠡᠭᠴᠢ ᠬᠤᠷᠠᠯ ᠳᠡᠭᠡᠷ᠎ᠠ ᠳᠤᠰ ᠬᠤᠷᠢᠶᠠᠨ ᠤ ᠰᠠᠬᠢᠯᠭ᠎ᠠ ᠪᠠᠳᠤ ᠪᠠᠢᠴᠠᠭᠠᠬᠤ ᠬᠢᠨᠠᠨ ᠪᠠᠢᠴᠠᠭᠠᠬᠤ ᠠᠵᠢᠯ ᠳᠤᠮᠳᠠ ᠤᠷᠤᠰᠢᠵᠤ ᠪᠠᠢᠬᠤ ᠠᠰᠠᠭᠤᠳᠠᠯ ᠵᠢᠴᠢ ᠠᠮᠵᠢᠯᠲᠠ ᠤᠯᠤᠭᠰᠠᠨ ᠳᠤᠷᠰᠢᠯᠭ᠎ᠠ ᠶᠢᠨ ᠳᠤᠬᠠᠢ ᠬᠦᠢᠴᠡᠳ ᠶᠠᠷᠢᠯᠴᠠᠪᠠ ᠃
ᠬᠤᠷᠢᠶᠠᠨ ᠳᠠᠷᠤᠭ᠎ᠠ ᠶᠢᠨ ᠶᠠᠷᠢᠯᠴᠠᠬᠤ ᠳᠤᠭᠤᠢᠯᠠᠩ ᠤᠨ ᠬᠤᠷᠠᠯᠳᠤᠭᠠᠨ ᠳᠡᠭᠡᠷ᠎ᠠ ᠂ ᠡᠯ᠎ᠠ ᠬᠤᠰᠢᠭᠤ ᠳᠤᠭᠤᠷᠢᠭ ᠤᠨ ᠰᠢᠬᠦᠬᠦ ᠬᠤᠷᠢᠶᠠᠨ ᠤ ᠬᠤᠷᠢᠶᠠᠨ ᠳᠠᠷᠤᠭ᠎ᠠ ᠯᠢ ᠾᠦᠩ ᠶᠠᠨ ᠬᠤᠷᠢᠶᠠᠨ ᠳᠠᠷᠤᠭ᠎ᠠ ᠶᠢᠨ 2017 ᠤᠨ ᠤ ᠠᠵᠢᠯ ᠤᠨ ᠪᠠᠢᠷᠢᠰᠢᠭᠤᠯᠤᠯᠲᠠ ᠶᠢᠨ ᠶᠠᠷᠢᠶᠠᠨ ᠤ ᠠᠭᠤᠯᠭ᠎ᠠ ᠶᠢ ᠲᠥᠪᠯᠡᠷᠡᠭᠦᠯᠦᠨ ᠂ ᠥᠩᠭᠡᠷᠡᠭᠰᠡᠨ ᠨᠢᠬᠡ ᠵᠢᠯ ᠦᠨ ᠳᠤᠰ ᠬᠤᠷᠢᠶᠠᠨ ᠤ ᠡᠯ᠎ᠠ ᠲᠦᠷᠦᠯ ᠦᠨ ᠠᠵᠢᠯ ᠶᠠᠪᠤᠭᠳᠠᠭᠤᠯᠬᠤ ᠶᠠᠪᠤᠴᠠ ᠳᠤᠮᠳᠠ ᠤᠷᠤᠰᠢᠵᠤ ᠪᠠᠢᠬᠤ ᠠᠰᠠᠭᠤᠳᠠᠯ ᠪᠠ ᠬᠦᠴᠢᠷᠳᠡᠯ ᠢ ᠨᠠᠷᠢᠨ ᠬᠢᠨᠠᠮᠠᠭᠠᠢ ᠡᠮᠬᠢᠳᠬᠡᠵᠦ ᠂ ᠳᠠᠷᠠᠭᠠᠴᠢ ᠶᠢᠨ ᠠᠯᠬᠤᠮ ᠤᠨ ᠠᠵᠢᠯ ᠤᠨ ᠰᠡᠳᠬᠢᠮᠵᠢ ᠵᠢᠴᠢ ᠠᠰᠠᠭᠤᠳᠠᠯ ᠰᠢᠢᠳᠪᠦᠷᠢᠯᠡᠬᠦ ᠠᠷᠭ᠎ᠠ ᠬᠡᠮᠵᠢᠶ᠎ᠠ ᠪᠠ ᠠᠷᠭ᠎ᠠ ᠠᠪᠴᠢᠯ ᠢ ᠳᠤᠷᠠᠳᠪᠠ ᠃ ᠶᠠᠷᠢᠯᠴᠠᠬᠤ ᠬᠤᠷᠠᠯ ᠳᠡᠭᠡᠷ᠎ᠠ ᠂ ᠤᠷᠳᠤᠰ ᠬᠤᠳᠠ ᠶᠢᠨ ᠠᠷᠠᠳ ᠤᠨ ᠳᠤᠮᠳᠠ ᠵᠡᠷᠬᠡ ᠶᠢᠨ ᠰᠢᠬᠦᠬᠦ ᠬᠤᠷᠢᠶᠠᠨ ᠤ ᠡᠯ᠎ᠠ ᠬᠤᠪᠢᠶᠠᠨ ᠬᠠᠮᠢᠶᠠᠷᠤᠯᠲᠠ ᠶᠢᠨ ᠤᠳᠤᠷᠢᠳᠤᠯᠭ᠎ᠠ ᠳᠤᠰᠪᠤᠷᠢ ᠶᠢᠨ ᠬᠤᠪᠢᠶᠠᠨ ᠬᠠᠮᠢᠶᠠᠷᠬᠤ ᠠᠵᠢᠯ ᠳᠠᠢ ᠤᠶᠠᠯᠳᠤᠭᠤᠯᠵᠤ ᠳᠤᠰᠪᠦᠷᠢ ᠶᠢᠨ ᠬᠤᠰᠢᠭᠤ ᠳᠤᠭᠤᠷᠢᠭ ᠤᠨ ᠰᠢᠬᠦᠬᠦ ᠬᠤᠷᠢᠶ᠎ᠠ᠂ ᠬᠤᠳᠠ ᠶᠢᠨ ᠠᠷᠠᠳ ᠤᠨ ᠳᠤᠮᠳᠠ ᠵᠡᠷᠬᠡ ᠶᠢᠨ ᠰᠢᠬᠦᠬᠦ ᠬᠤᠷᠢᠶᠠᠨ ᠤ ᠡᠯ᠎ᠠ ᠬᠡᠯᠳᠡᠰ ᠦᠨ ᠳᠡᠭᠡᠷ᠎ᠠ ᠵᠢᠯ ᠦᠨ ᠠᠵᠢᠯ ᠤᠨ ᠳᠤᠬᠠᠢ ᠲᠦᠬᠦᠮ ᠦᠨᠡᠯᠡᠯᠲᠡ ᠬᠢᠵᠦ ᠂ ᠳᠠᠷᠠᠭᠠᠴᠢ ᠶᠢᠨ ᠠᠯᠬᠤᠮ ᠤᠨ ᠠᠵᠢᠯ ᠳᠤ ᠪᠤᠳᠠᠳᠠᠢ ᠱᠠᠭᠠᠷᠳᠠᠯᠭ᠎ᠠ ᠳᠤᠷᠠᠳᠪᠠ ᠃ ᠯᠢ ᠾᠦᠩ ᠶᠠᠨ ᠬᠤᠷᠢᠶᠠᠨ ᠳᠠᠷᠤᠭ᠎ᠠ ᠡᠯ᠎ᠠ ᠦᠨᠳᠦᠰᠦᠨ ᠱᠠᠳᠤᠨ ᠤ ᠰᠢᠬᠦᠬᠦ ᠬᠤᠷᠢᠶᠠᠨ ᠤ ᠬᠤᠷᠢᠶᠠᠨ ᠳᠠᠷᠤᠭ᠎ᠠ ᠪᠠ ᠤᠷᠳᠤᠰ ᠬᠤᠳᠠ ᠶᠢᠨ ᠠᠷᠠᠳ ᠤᠨ ᠳᠤᠮᠳᠠ ᠵᠡᠷᠬᠡ ᠶᠢᠨ ᠰᠢᠬᠦᠬᠦ ᠬᠤᠷᠢᠶᠠᠨ ᠤ ᠡᠯ᠎ᠠ ᠬᠤᠪᠢᠶᠠᠨ ᠬᠠᠮᠢᠶᠠᠷᠤᠯᠲᠠ ᠶᠢᠨ ᠳᠡᠳ᠋ ᠬᠤᠷᠢᠶᠠᠨ ᠤ ᠶᠠᠷᠢᠶ᠎ᠠ ᠶᠢ ᠰᠤᠨᠤᠭᠰᠠᠨ ᠰᠠᠭᠤᠷᠢᠨ ᠳᠡᠭᠡᠷ᠎ᠠ ᠣᠨᠴᠠᠭᠠᠢᠯᠠᠨ ᠭᠤᠷᠪᠠᠨ ᠱᠠᠭᠠᠷᠳᠠᠯᠭ᠎ᠠ ᠳᠤᠷᠠᠳᠴᠤ ᠄ ᠨᠢᠬᠡ ᠳᠦ ᠳᠤᠰ ᠵᠢᠯ ᠦᠨ ᠡᠮᠦᠨ᠎ᠡ ᠬᠤᠶᠠᠷ ᠰᠠᠷ᠎ᠠ ᠶᠢᠨ ᠬᠡᠷᠡᠭ ᠬᠦᠯᠢᠶᠡᠨ ᠠᠪᠬᠤ ᠬᠡᠷᠡᠭ ᠳᠠᠭᠤᠰᠬᠠᠭᠰᠠᠨ ᠪᠠᠢᠳᠠᠯ ᠢ ᠨᠠᠷᠢᠨ ᠨᠢᠮᠪᠠᠢ ᠰᠤᠳᠤᠯᠵᠤ ᠂ ᠵᠠᠳᠠᠯᠤᠯᠲᠠ ᠬᠢᠵᠦ ᠂ ᠠᠵᠢᠯᠯᠠᠬᠤ ᠪᠠᠢᠳᠠᠯ ᠳᠤ ᠲᠦᠷᠭᠡᠨ ᠤᠷᠤᠵᠤ ᠂ ᠪᠦᠬᠦ ᠵᠢᠯ ᠦᠨ ᠰᠢᠬᠦᠬᠦ ᠭᠦᠢᠴᠡᠳᠬᠡᠬᠦ ᠠᠵᠢᠯ ᠠᠮᠵᠢᠯᠲᠠᠢ ᠶᠠᠪᠤᠭᠳᠠᠬᠤ ᠳᠤ ᠰᠠᠢᠨ ᠡᠬᠢᠯᠡᠯᠲᠡ ᠬᠢᠵᠦ ᠂ ᠤᠪᠤᠷ ᠢᠶᠠᠨ ᠰᠠᠢᠨ ᠳᠤᠭᠳᠠᠭᠠᠨ᠎ᠠ ᠃ ᠬᠤᠶᠠᠷ ᠲᠤ ᠰᠠᠬᠢᠯᠭ᠎ᠠ ᠪᠠᠳᠤ ᠰᠤᠷᠳᠠᠯ ᠤᠨ ᠪᠦᠲᠦᠭᠡᠨ ᠪᠠᠢᠭᠤᠯᠤᠯᠲᠠ ᠶᠢ ᠪᠤᠳᠠᠳᠠᠢ ᠴᠢᠩᠭᠠᠳᠭᠠᠵᠤ ᠂ ᠬᠤᠶᠠᠷ ᠱᠠᠳᠤᠨ ᠤ ᠰᠢᠬᠦᠬᠦ ᠬᠤᠷᠢᠶᠠᠨ ᠤ ᠤᠳᠤᠷᠢᠳᠤᠯᠭ᠎ᠠ ᠺᠠᠳᠠᠷ ᠡᠷᠬᠡᠪᠰᠢ《ᠨᠢᠬᠡ ᠠᠵᠢᠯ ᠤᠨ ᠪᠠᠢᠷᠢ ᠬᠤᠶᠠᠷ ᠬᠠᠷᠢᠭᠤᠴᠠᠯᠭ᠎ᠠ》 ᠶᠢ ᠡᠬᠦᠷᠭᠡᠯᠡᠵᠦ ᠂ ᠵᠢᠩᠬᠢᠨᠢ ᠪᠡᠷ ᠰᠠᠬᠢᠯᠭ᠎ᠠ ᠪᠠᠳᠤ ᠰᠤᠷᠳᠠᠯ ᠤᠨ ᠪᠦᠲᠦᠬᠡᠨ ᠪᠠᠢᠭᠤᠯᠤᠯᠲᠠ ᠶᠢ ᠰᠡᠳᠬᠢᠯ ᠳᠦ ᠪᠡᠨ ᠳᠠᠯᠪᠢᠵᠤ ᠰᠠᠢᠳᠤᠷ ᠬᠢᠬᠦ ᠬᠡᠷᠡᠭᠲᠡᠢ ᠃ ᠭᠤᠷᠪᠠ ᠳᠤ ᠪᠦᠬᠦ ᠬᠤᠳᠠ ᠶᠢᠨ ᠰᠢᠬᠦᠬᠦ ᠬᠤᠷᠢᠶᠠᠨ ᠤ ᠤᠳᠤᠷᠢᠳᠤᠯᠭ᠎ᠠ ᠺᠠᠳᠠᠷ ᠂ ᠣᠨᠴᠠᠭᠠᠢᠯᠠᠨ ᠡᠯ᠎ᠠ ᠬᠤᠷᠢᠶᠠᠨ ᠤ《ᠨᠢᠬᠡᠳᠦᠭᠡᠷ ᠭᠠᠷ》 ᠡᠷᠭᠡᠪᠰᠢ ᠰᠢᠬᠦᠬᠦ ᠬᠤᠷᠢᠶᠠᠨ ᠤ ᠠᠵᠢᠯ ᠤᠨ ᠭᠠᠷᠮᠠᠭᠠᠢ ᠭᠠᠷ ᠪᠠᠢᠵᠤ ᠂ ᠵᠢᠩᠬᠢᠨᠢ ᠪᠡᠷ ᠴᠢᠭᠯᠡᠯ ᠢᠶᠡᠨ ᠵᠦᠪ ᠠᠳᠬᠤᠵᠤ ᠂ ᠡᠩᠨᠡᠭᠡ ᠪᠡᠨ ᠰᠠᠢᠳᠤᠷ ᠳᠠᠭᠠᠭᠤᠯᠵᠤ ᠂ ᠠᠵᠢᠯ ᠢᠶᠠᠨ ᠰᠠᠢᠨ ᠬᠢᠵᠦ ᠂ ᠪᠦᠬᠦ ᠬᠤᠳᠠ ᠶᠢᠨ ᠰᠢᠬᠦᠬᠦ ᠬᠤᠷᠢᠶᠠᠨ ᠤ ᠠᠵᠢᠯ ᠢ ᠰᠠᠢᠨ ᠡᠷᠬᠢᠯᠲᠡ ᠶᠢᠨ ᠵᠠᠮ ᠳᠤ ᠤᠷᠤᠭᠤᠯᠬᠤ ᠬᠡᠷᠡᠭᠲᠡᠢ ᠃
ᠬᠤᠷᠠᠯᠳᠤᠭᠠᠨ ᠳᠠᠭᠤᠰᠤᠭᠰᠠᠨ ᠤ ᠳᠠᠷᠠᠭ᠎ᠠ ᠂ ᠯᠢ ᠾᠦᠩ ᠶᠠᠨ ᠬᠤᠷᠢᠶᠠᠨ ᠳᠠᠷᠤᠭ᠎ᠠ ᠰᠢ ᠵᠢᠨ ᠫᠢᠩ ᠶᠡᠷᠦᠩᠬᠡᠢ ᠱᠦᠵᠢ ᠶᠢᠨ ᠳᠡᠯᠡᠬᠡᠢ ᠶᠢᠨ ᠠᠵᠤ ᠠᠬᠤᠢ ᠶᠢᠨ ᠶᠠᠷᠢᠶᠠᠨ ᠤ ᠳᠠᠪᠴᠠᠩ 2017 ᠤᠨ ᠤ ᠤᠨ ᠤ ᠬᠤᠷᠠᠯ ᠤᠨ ᠡᠬᠢᠯᠡᠬᠦ ᠶᠤᠰᠤᠯᠠᠯ ᠳᠡᠭᠡᠷ᠎ᠠ ᠳᠠᠯᠪᠢᠭᠰᠠᠨ ᠶᠠᠷᠢᠶ᠎ᠠ ᠢᠯᠡᠳᠭᠡᠯ ᠦᠨ ᠳᠤᠮᠳᠠᠬᠢ ᠨᠢᠬᠡ ᠬᠡᠰᠡᠭ ᠢ ᠤᠯᠠᠨ ᠳᠠᠢ ᠬᠤᠪᠢᠶᠠᠯᠴᠠᠪᠠ ᠄ ᠬᠦᠴᠢᠷᠳᠡᠯ ᠳᠦ ᠳᠤᠯᠭᠠᠷᠠᠪᠠᠯ ᠂ ᠦᠪᠡᠷ ᠦᠨ ᠪᠡᠶ᠎ᠠ ᠳᠤ ᠪᠠᠨ ᠭᠣᠮᠤᠳᠠᠵᠤ ᠪᠤᠯᠬᠤ ᠦᠬᠡᠢ ᠂ ᠪᠤᠰᠤᠳ ᠢ ᠵᠢᠮᠡᠯᠡᠵᠦ ᠪᠤᠯᠬᠤ ᠦᠬᠡᠢ ᠂ ᠢᠳᠡᠬᠡᠯ ᠠᠯᠳᠠᠵᠤ ᠪᠤᠯᠬᠤ ᠦᠬᠡᠢ ᠂ ᠬᠠᠷᠢᠭᠤᠴᠠᠯᠭ᠎ᠠ ᠠᠴᠠ ᠵᠠᠢᠯᠠᠵᠤ ᠪᠤᠯᠬᠤ ᠦᠬᠡᠢ ᠂ ᠬᠠᠷᠢᠨ ᠬᠠᠮᠳᠤᠪᠠᠷ ᠬᠦᠴᠢᠷᠳᠡᠯ ᠢ ᠢᠯᠠᠬᠤ ᠬᠡᠷᠡᠭᠲᠡᠢ ᠃ ᠳᠡᠤᠬᠡ ᠶᠢ ᠪᠤᠯ ᠰᠦᠰᠦ ᠵᠤᠷᠢᠭᠳᠠᠢ ᠬᠦᠮᠦᠰ ᠡᠬᠦᠳᠦᠭᠰᠡᠨ ᠶᠤᠮ ᠂ ᠪᠢᠳᠡ ᠢᠳᠡᠬᠡᠯ ᠵᠤᠷᠢᠭ ᠢᠶᠠᠨ ᠬᠦᠪᠴᠢᠯᠡᠵᠦ ᠂ ᠦᠢᠯᠡ ᠠᠵᠢᠯᠯᠠᠭ᠎ᠠ ᠬᠢᠵᠦ ᠂ ᠭᠠᠷ ᠬᠣᠯᠪᠤᠯᠴᠠᠨ ᠢᠷᠡᠭᠡᠳᠦᠢ ᠦᠬᠡᠳᠡ ᠤᠷᠤᠭᠰᠢᠯᠠᠶ᠎ᠠ᠃
ᠦᠨᠡᠯᠡᠬᠦ 0ᠦᠨᠡᠯᠡᠯᠲᠡ᠎ᠲᠠᠢ