ᠤᠯᠠᠮ ᠨᠢᠬᠡ ᠠᠯᠬᠤᠮ ᠤᠳᠤ ᠪᠠᠢᠭ᠎ᠠ ᠰᠣᠹᠲ ᠢ ᠬᠡᠷᠡᠭᠯᠡᠬᠦ ᠶᠢ ᠬᠦᠨᠵᠡᠭᠡᠢᠷᠡᠬᠦᠯᠵᠦ ᠂ ᠰᠣᠹᠲ ᠢ ᠬᠡᠷᠡᠭᠯᠡᠬᠦ ᠪᠦᠲᠦᠮᠵᠢ ᠶᠢ ᠳᠡᠭᠡᠭᠰᠢᠯᠡᠭᠦᠯᠵᠦ ᠂ ᠮᠡᠳᠡᠬᠡ ᠵᠠᠩᠭᠢᠴᠢᠯᠠᠯᠲᠠ ᠶᠢᠨ ᠬᠡᠷᠡᠭᠯᠡᠯᠲᠡ ᠨᠢ ᠲᠦᠪ ᠭᠤᠤᠯᠴᠢ ᠬᠠᠤᠯᠢ ᠴᠠᠭᠠᠵᠠ ᠂ ᠦᠨᠳᠦᠷ ᠪᠦᠲᠦᠮᠵᠢᠲᠦ ᠬᠠᠤᠯᠢ ᠴᠠᠭᠠᠵᠠ ᠶᠢᠨ《ᠬᠦᠴᠦᠨ ᠨᠡᠮᠡᠭᠴᠢ》ᠪᠠ 《ᠳᠠᠬᠢᠨ ᠢᠶᠠᠷ ᠨᠡᠮᠡᠭᠴᠢ》 ᠶᠢᠨ ᠴᠢᠬᠤᠯᠠ ᠦᠢᠯᠡᠳᠦᠯ ᠢ ᠬᠦᠢᠴᠡᠳ ᠪᠠᠳᠠᠷᠠᠭᠤᠯᠬᠤ ᠶᠢᠨ ᠲᠦᠯᠦᠭᠡ᠂ 3 ᠰᠠᠷᠠᠢᠨ 14 ᠤ ᠡᠳᠦᠷ—— 16 ᠤ ᠡᠳᠦᠷ ᠂ ᠥᠪᠡᠷᠲᠡᠭᠡᠨ ᠵᠠᠰᠠᠬᠤ ᠤᠷᠤᠨ ᠤ ᠠᠷᠠᠳ ᠤᠨ ᠳᠡᠭᠡᠳᠦ ᠵᠡᠷᠬᠡ ᠶᠢᠨ ᠰᠢᠬᠦᠬᠦ ᠬᠤᠷᠢᠶᠠᠨ ᠤ ᠨᠢᠭᠡᠳᠦᠯᠲᠡᠢ ᠲᠣᠬᠢᠷᠠᠭᠤᠯᠤᠯᠲᠠ ᠳᠤᠤᠷ᠎ᠠ ᠂ ᠤᠷᠳᠤᠰ ᠬᠤᠳᠠ ᠶᠢᠨ ᠠᠷᠠᠳ ᠤᠨ ᠳᠤᠮᠳᠠ ᠵᠡᠷᠬᠡ ᠶᠢᠨ ᠰᠢᠬᠦᠬᠦ ᠬᠤᠷᠢᠶ᠎ᠠ ᠲᠤᠬᠠᠢᠯᠠᠭᠰᠠᠨ ᠠᠵᠢᠯ ᠤᠨ ᠲᠢᠩᠬᠢᠮ ᠂ ᠬᠢᠨᠠᠨ ᠬᠠᠮᠢᠶᠠᠷᠤᠯᠲᠠ ᠶᠢᠨ ᠠᠯᠪᠠᠨ ᠭᠡᠷ ᠂ ᠬᠤᠷᠢᠶᠠᠨ ᠤ ᠤᠳᠤᠷᠢᠳᠤᠯᠭ᠎ᠠ ᠂ ᠬᠡᠷᠡᠭ ᠳᠠᠩᠰᠠᠯᠠᠬᠤ ᠲᠢᠩᠬᠢᠮ ᠵᠡᠷᠬᠡ ᠬᠡᠯᠳᠡᠰ ᠲᠦ ᠴᠢᠭᠯᠡᠭᠦᠯᠦᠨ ᠪᠦᠯᠦᠭ ᠬᠤᠪᠢᠶᠠᠨ ᠪᠤᠯᠪᠠᠰᠤᠷᠠᠯ ᠬᠢᠵᠦ ᠂ ᠬᠤᠶᠠᠷ ᠱᠠᠳᠤᠨ ᠤ ᠰᠢᠬᠦᠬᠦ ᠬᠤᠷᠢᠶᠠᠨ ᠤ ᠺᠠᠳᠠᠷ ᠴᠠᠭᠳᠠᠭ᠎ᠠ ᠳᠤᠬᠠᠢ ᠳᠠᠯᠠᠪᠤᠷ ᠂ ᠸᠢᠳᠢᠣ᠋ ᠪᠠᠷ ᠳᠠᠮᠵᠢᠵᠤ ᠪᠤᠯᠪᠠᠰᠤᠷᠠᠯ ᠳᠤ ᠤᠷᠤᠯᠴᠠᠪᠠ ᠃
ᠳᠤᠰ ᠤᠳᠠᠭᠠᠨ ᠤ ᠪᠤᠯᠪᠠᠰᠤᠷᠠᠯ ᠨᠡᠢᠲᠡ ᠭᠤᠷᠪᠠᠨ ᠡᠳᠦᠷ ᠂ ᠪᠡᠭᠡᠵᠢᠩ ᠦᠨ ᠬᠤᠸᠠ ᠢᠦᠢ ᠰᠣᠹᠲ ᠤᠨ ᠪᠡᠯᠡ ᠤᠷᠤᠭᠤᠯᠤᠭᠰᠠᠨ ᠬᠢᠵᠠᠭᠠᠷᠲᠤ ᠺᠤᠮᠫᠠᠨᠢ ᠶᠢᠨ ᠳᠡᠭᠡᠳᠦ ᠵᠡᠷᠬᠡ ᠶᠢᠨ ᠰᠢᠬᠦᠬᠦ ᠬᠤᠷᠢᠶᠠᠨ ᠳᠤ ᠰᠠᠭᠤᠭ᠎ᠠ ᠢᠨᠵᠧᠨᠧᠷ ᠮᠠᠨ ᠤ ᠬᠤᠷᠢᠶᠠᠨ ᠤ ᠠᠵᠢᠯ ᠤᠨ ᠪᠤᠳᠠᠳᠤ ᠪᠠᠢᠳᠠᠯ ᠳᠠᠢ ᠤᠶᠠᠯᠳᠤᠭᠤᠯᠵᠤ ᠰᠢᠬᠦᠭᠴᠢ ᠶᠢᠨ ᠬᠠᠪᠰᠤᠷᠤᠭᠴᠢ ᠂ ᠪᠢᠴᠢᠭ᠌ ᠬᠠᠷ᠎ᠠ ᠡᠷᠢᠬᠦ ᠪᠤᠯᠤᠩ ᠂ ᠪᠢᠴᠢᠭ᠌ ᠬᠠᠷ᠎ᠠ ᠶᠢᠨ ᠬᠠᠮᠢᠶᠠᠷᠤᠭᠴᠢ ᠂ ᠰᠦᠯᠵᠢᠶᠡᠨ ᠦ ᠤᠯᠠᠨ ᠤ ᠪᠠᠢᠳᠠᠯ ᠢ ᠣᠢᠯᠭᠠᠬᠤ ᠰᠢᠰᠲ᠋ᠧᠮ ᠂ ᠰᠢᠬᠦᠨ ᠲᠠᠰᠤᠷᠠᠯᠲᠠ ᠶᠢ ᠳᠡᠮᠵᠢᠬᠦ ᠰᠢᠰᠲ᠋ᠧᠮ ᠂ ᠴᠢᠬᠡᠴᠢ ᠵᠠᠰᠠᠭ ᠤᠨ ᠲᠦᠭᠰᠢᠬᠦᠷᠢ ᠶᠢ ᠰᠡᠷᠭᠡᠢᠯᠡᠨ ᠡᠵᠡᠮᠳᠡᠬᠦ ᠰᠢᠰᠲ᠋ᠧᠮ ᠂ ᠺᠠᠳᠠᠷ ᠴᠠᠭᠳᠠᠭ᠎ᠠ ᠶᠢᠨ ᠠᠵᠢᠯ ᠤᠨ ᠠᠮᠵᠢᠯᠲᠠ ᠶᠢᠨ ᠲᠠᠩᠰᠠ ᠡᠪᠬᠡᠮᠡᠯ ᠦᠨ ᠰᠢᠰᠲ᠋ᠧᠮ ᠂ ᠤᠯᠠᠨ ᠵᠠᠭᠤᠴᠢᠲᠤ ᠡᠬᠢ ᠪᠠᠶᠠᠯᠢᠭ ᠢ ᠬᠠᠮᠢᠶᠠᠷᠬᠤ ᠳᠠᠪᠴᠠᠩ ᠂ ᠰᠢᠬᠦᠭᠴᠢ ᠶᠢᠨ ᠠᠵᠢᠯ ᠤᠨ ᠳᠠᠪᠴᠠᠩ ᠵᠡᠷᠬᠡ ᠠᠭᠤᠯᠭ᠎ᠠ ᠶᠢᠨ ᠳᠤᠬᠠᠢ ᠲᠠᠢᠯᠪᠤᠷᠢᠯᠠᠯᠲᠠ ᠬᠢᠵᠦ ᠂ ᠨᠢᠬᠡ ᠨᠢᠬᠡ ᠠᠯᠬᠤᠮ ᠢᠶᠠᠷ ᠠᠵᠢᠯᠯᠠᠬᠤ ᠠᠯᠬᠤᠮ ᠳᠠᠷᠠᠭ᠎ᠠ ᠶᠢ ᠦᠵᠡᠬᠦᠯᠦᠨ ᠳᠠᠨᠢᠴᠠᠭᠤᠯᠵᠤ ᠂ ᠪᠠᠰᠠ ᠤᠯᠠᠨ ᠢᠶᠠᠷ ᠬᠡᠷᠡᠭᠯᠡᠬᠦ ᠶᠠᠪᠤᠴᠠ ᠳᠤ ᠳᠤᠬᠢᠶᠠᠯᠳᠤᠭᠰᠠᠨ ᠠᠰᠠᠭᠤᠳᠠᠯ ᠳᠤ ᠲᠠᠢᠯᠪᠤᠷᠢᠯᠠᠯᠲᠠ ᠬᠢᠪᠡ ᠃ ᠪᠣᠯᠪᠠᠰᠤᠷᠠᠯ ᠳᠤᠮᠳᠠ ᠂ ᠳᠠᠶᠠᠭᠠᠷ ᠬᠠᠷᠢᠯᠴᠠᠨ ᠶᠠᠷᠢᠯᠴᠠᠵᠤ ᠂ ᠬᠡᠷᠡᠭᠯᠡᠬᠦ ᠳᠤᠷᠰᠢᠯᠭ᠎ᠠ ᠪᠠᠨ ᠬᠤᠪᠢᠶᠠᠯᠴᠠᠭᠰᠠᠨ ᠪᠦᠭᠡᠳ ᠰᠢᠰᠲ᠋ᠧᠮ ᠦᠨ ᠬᠡᠷᠡᠭᠯᠡᠯᠲᠡ ᠶᠢ ᠰᠠᠢᠵᠢᠷᠠᠭᠤᠯᠬᠤ ᠰᠠᠨᠠᠭᠠᠴᠢᠯᠠᠭ᠎ᠠ ᠪᠠ ᠰᠠᠨᠠᠯ ᠳᠤᠷᠠᠳᠪᠠ ᠃ ᠪᠤᠯᠪᠠᠰᠤᠷᠠᠯ ᠳᠠᠭᠤᠰᠤᠭᠰᠠᠨ ᠤ ᠳᠠᠷᠠᠭ᠎ᠠ ᠂ ᠪᠣᠯᠪᠠᠰᠤᠷᠠᠯ ᠤᠨ ᠪᠠᠭᠰᠢ ᠮᠡᠷᠬᠡᠵᠢᠯ ᠦᠨ ᠰᠠᠯᠠᠭ᠎ᠠ ᠮᠦᠴᠢᠷ ᠳᠠᠢ ᠬᠠᠮᠳᠤ ᠪᠤᠯᠪᠠᠰᠤᠷᠠᠯ ᠳᠤ ᠤᠷᠤᠯᠴᠠᠭᠰᠠᠨ ᠺᠠᠳᠠᠷ ᠴᠠᠭᠳᠠᠭ᠎ᠠ ᠶᠢ ᠰᠢᠯᠭᠠᠪᠠ ᠃
ᠳᠤᠰ ᠤᠳᠠᠭᠠᠨ ᠤ ᠪᠤᠯᠪᠠᠰᠤᠷᠠᠯ ᠨᠢ ᠢᠯᠡᠷᠬᠡᠢ ᠦᠷ᠎ᠠ ᠪᠦᠲᠦᠮᠵᠢ ᠲᠠᠢ ᠪᠠᠢᠵᠤ ᠂ ᠪᠣᠯᠪᠠᠰᠤᠷᠠᠯ ᠳᠤ ᠤᠷᠤᠯᠴᠠᠭᠰᠠᠨ ᠺᠠᠳᠠᠷ ᠴᠠᠭᠳᠠᠭ᠎ᠠ ᠤᠯᠠᠮ ᠨᠢᠬᠡ ᠠᠯᠬᠤᠮ ᠡᠯ᠎ᠠ ᠬᠠᠮᠢᠶ᠎ᠠ ᠪᠦᠬᠦᠢ ᠰᠣᠹᠲ ᠤᠨ ᠰᠢᠰᠲ᠋ᠧᠮ ᠢ ᠣᠢᠯᠭᠠᠭᠰᠠᠨ ᠪᠠ ᠡᠵᠡᠮᠰᠢᠵᠤ ᠂ ᠮᠠᠨ ᠤ ᠬᠤᠷᠢᠶᠠᠨ ᠤ ᠮᠡᠳᠡᠭᠡ ᠵᠠᠩᠭᠢᠴᠢᠯᠠᠯᠲᠠ ᠶᠢᠨ ᠠᠵᠢᠯ ᠢ ᠲᠦᠯᠬᠢᠨ ᠠᠬᠢᠭᠤᠯᠬᠤ ᠂ ᠬᠡᠷᠡᠭ ᠰᠢᠢᠳᠪᠦᠷᠢᠯᠡᠬᠦ ᠪᠦᠲᠦᠮᠵᠢ ᠶᠢ ᠳᠡᠭᠡᠭᠰᠢᠯᠡᠭᠦᠯᠬᠦ ᠳᠦ ᠢᠳᠡᠪᠬᠢᠳᠠᠢ ᠦᠢᠯᠡᠳᠦᠯ ᠦᠵᠡᠬᠦᠯᠪᠡ ᠃
ᠦᠨᠡᠯᠡᠬᠦ 0ᠦᠨᠡᠯᠡᠯᠲᠡ ᠲᠠᠢ