ᠬᠤᠳᠠ ᠶᠢᠨ ᠠᠷᠠᠳ ᠤᠨ ᠳᠤᠮᠳᠠ ᠵᠡᠷᠬᠡ ᠶᠢᠨ ᠰᠢᠬᠦᠬᠦ ᠬᠤᠷᠢᠶ᠎ᠠ ᠪᠦᠬᠦ ᠬᠤᠳᠠ ᠶᠢᠨ ᠬᠠᠤᠯᠢ ᠶᠢᠨ ᠴᠠᠭᠳᠠᠭᠠᠨ ᠤ ᠶᠡᠬᠡ ᠠᠩᠭᠢ ᠶᠢᠨ ᠬᠤᠷᠠᠯᠳᠤᠭᠠᠨ ᠬᠤᠷᠯᠠᠳᠤᠭᠤᠯᠪᠠ
2017.04.01 ᠲᠣᠰ ᠥᠷᠲᠡᠭᠡᠨ᠎ᠦ ᠨᠠᠢᠷᠠᠭᠤᠯᠤᠭᠴᠢ

 

 

 

 

 

    ᠬᠠᠤᠯᠢ ᠴᠠᠭᠠᠵᠠ ᠶᠢᠨ ᠠᠵᠢᠯ ᠤᠨ ᠠᠮᠤᠷ ᠲᠦᠪᠰᠢᠨ ᠢ ᠤᠯᠠᠮ ᠨᠢᠬᠡ ᠠᠯᠬᠤᠮ ᠳᠡᠭᠡᠭᠰᠢᠯᠡᠭᠦᠯᠵᠦ ᠂ ᠰᠢᠬᠦᠨ ᠳᠠᠰᠤᠯᠤᠯᠲᠠ ᠶᠢᠨ ᠠᠵᠢᠯ ᠢ ᠪᠦᠲᠦᠮᠵᠢᠲᠠᠢ ᠲᠦᠯᠬᠢᠨ ᠠᠬᠢᠭᠤᠯᠬᠤ ᠶᠢ ᠪᠠᠳᠤᠯᠠᠬᠤ ᠶᠢᠨ ᠲᠦᠯᠦᠬᠡ ᠂ 3 ᠰᠠᠷᠠᠢᠨ 30  ᠤ ᠡᠳᠦᠷ ᠦᠨ ᠦᠳᠡ ᠶᠢᠨ ᠬᠤᠢᠨ᠎ᠠ ᠂ ᠬᠤᠳᠠ ᠶᠢᠨ ᠠᠷᠠᠳ ᠤᠨ ᠳᠤᠮᠳᠠ ᠵᠡᠷᠬᠡ ᠶᠢᠨ ᠰᠢᠬᠦᠬᠦ ᠬᠤᠷᠢᠶ᠎ᠠ ᠪᠦᠬᠦ ᠬᠤᠳᠠ ᠶᠢᠨ ᠬᠠᠤᠯᠢ ᠶᠢᠨ ᠴᠠᠭᠳᠠᠭᠠᠨ ᠤ ᠶᠡᠬᠡ ᠠᠩᠬᠢ ᠶᠢᠨ ᠬᠤᠷᠠᠯᠳᠤᠭᠠᠨ ᠬᠤᠷᠠᠯᠳᠤᠭᠤᠯᠵᠤ ᠂ 2016 ᠤᠨ ᠤ ᠠᠵᠢᠯ ᠳᠤ ᠳ᠋ᠦᠩᠨᠡᠯᠲᠡ ᠬᠢᠵᠦ ᠂ ᠤᠳᠤᠬᠠᠨ ᠤ ᠬᠠᠤᠯᠢ ᠴᠠᠭᠳᠠᠭᠠᠨ ᠤ ᠠᠵᠢᠯ ᠳᠤ ᠳᠤᠯᠭᠠᠷᠠᠵᠤ ᠪᠠᠢᠬᠤ ᠪᠠᠢᠳᠠᠯ ᠳᠤ ᠵᠠᠳᠠᠯᠤᠯᠲᠠ ᠬᠢᠵᠦ ᠂ ᠳᠠᠷᠠᠭᠠᠴᠢ ᠶᠢᠨ ᠠᠯᠬᠤᠮ ᠤᠨ ᠠᠵᠢᠯ ᠤᠨ ᠡᠬᠦᠷᠭᠡ ᠶᠢ ᠲᠣᠬᠢᠷᠠᠭᠤᠯᠵᠤ ᠪᠠᠢᠷᠢᠯᠠᠭᠤᠯᠪᠠ ᠃ ᠬᠤᠳᠠ  ᠶᠢᠨ ᠠᠷᠠᠳ ᠤᠨ ᠳᠤᠮᠳᠠ ᠵᠡᠷᠬᠡ ᠶᠢᠨ ᠰᠢᠬᠦᠬᠦ ᠬᠤᠷᠢᠶᠠᠨ ᠤ ᠬᠠᠤᠯᠢ ᠶᠢᠨ ᠴᠠᠭᠳᠠᠭᠠᠨ ᠤ ᠰᠠᠯᠪᠤᠷᠢ ᠠᠩᠭᠢ ᠶᠢᠨ ᠤᠯᠤᠰ ᠲᠦᠷᠦ ᠶᠢᠨ ᠬᠡᠰᠢᠬᠦᠨ ᠭᠦᠸᠸ ᠵᠸᠨ ᠬᠤᠷᠠᠯ ᠡᠷᠬᠢᠯᠡᠪᠡ ᠃ ᠬᠤᠳᠠ ᠶᠢᠨ ᠠᠷᠠᠳ ᠤᠨ ᠳᠤᠮᠳᠠ ᠵᠡᠷᠬᠡ ᠶᠢᠨ ᠰᠢᠬᠦᠬᠦ ᠬᠤᠷᠢᠶᠠᠨ ᠤ ᠪᠠᠢᠴᠠᠭᠠᠨ ᠰᠤᠳᠤᠯᠤᠭᠴᠢ ᠽᠠᠩ ᠵᠢᠶᠠᠨ ᠫᠢᠩ ᠂ ᠤᠯᠤᠰ ᠲᠦᠷᠦ ᠶᠢᠨ ᠬᠡᠯᠳᠡᠰ ᠦᠨ ᠳᠡᠳ᠋ ᠡᠷᠬᠢᠯᠡᠭᠴᠢ ᠪᠢᠶᠠᠨ ᠴᠤᠤ ᠭᠤᠸᠠᠩ ᠂ ᠬᠠᠤᠯᠢ ᠴᠠᠭᠳᠠᠭᠠᠨ ᠤ ᠰᠠᠯᠪᠤᠷᠢ ᠠᠩᠭᠢ ᠶᠢᠨ ᠪᠦᠬᠦ ᠺᠠᠳᠠᠷ ᠴᠠᠭᠳᠠᠭ᠎ᠠ ᠵᠢᠴᠢ ᠨᠠᠢ᠍ᠮᠠᠨ ᠬᠤᠰᠢᠭᠤ ᠳᠤᠭᠤᠷᠢᠭ ᠤᠨ ᠰᠢᠬᠦᠬᠦ ᠬᠤᠷᠢᠶᠠᠨ ᠤ ᠬᠠᠤᠯᠢ ᠴᠠᠭᠳᠠᠭᠠᠨ ᠤ ᠶᠡᠬᠡ ᠠᠩᠭᠢ ᠬᠤᠷᠠᠯ ᠳᠤ ᠤᠷᠤᠯᠴᠠᠪᠠ ᠃

    ᠬᠤᠷᠠᠯ ᠳᠡᠭᠡᠷ᠎ᠠ ᠂ ᠽᠠᠩ ᠵᠢᠶᠠᠨ ᠫᠢᠩ ᠪᠠᠢᠴᠠᠭᠠᠨ ᠰᠤᠳᠤᠯᠤᠭᠴᠢ ᠬᠠᠤᠯᠢ ᠴᠠᠭᠠᠵᠠ ᠶᠢᠨ ᠴᠠᠭᠳᠠᠭᠠᠨ ᠤ ᠠᠵᠢᠯ ᠤᠨ ᠤᠯᠤᠭᠰᠠᠨ ᠠᠮᠵᠢᠯᠲᠠ ᠳᠤ ᠬᠦᠢᠴᠡᠳ ᠨᠤᠳᠠᠯᠠᠯᠲᠠ ᠦᠭᠴᠦ ᠂ ᠤᠨᠴᠠᠭᠠᠢᠯᠠᠨ ᠪᠦᠬᠦ ᠬᠤᠳᠠ ᠶᠢᠨ ᠮᠡᠷᠬᠡᠵᠢᠯ ᠦᠨ ᠤᠷᠤᠯᠳᠤᠭᠠᠨ ᠳᠤ ᠰᠢᠯᠢᠳᠡᠭ ᠪᠦᠲᠦᠮᠵᠢ ᠤᠯᠬᠤ ᠳᠤ ᠲᠣᠪᠤᠢᠮ᠎ᠠ ᠬᠤᠪᠢ ᠨᠡᠮᠡᠷᠢ ᠦᠵᠡᠭᠦᠯᠦᠭᠰᠡᠨ ᠪᠠᠢᠨ᠎ᠠ ᠃ ᠡᠭᠦᠨ ᠦ ᠬᠠᠮᠳᠤ ᠬᠠᠤᠯᠢ ᠴᠠᠭᠠᠵᠠ ᠶᠢᠨ ᠠᠮᠤᠷ ᠲᠦᠪᠰᠢᠨ  ᠦ ᠠᠵᠢᠯ ᠢ ᠤᠯᠠᠮ ᠨᠢᠬᠡ ᠠᠯᠬᠤᠮ ᠰᠠᠢᠳᠤᠷ ᠬᠢᠬᠦ ᠳᠦ ᠬᠤᠶᠠᠷ ᠱᠠᠭᠠᠷᠳᠠᠯᠭ᠎ᠠ ᠳᠤᠷᠠᠳᠪᠠ ᠃ ᠨᠢᠬᠡ ᠳᠦ ᠠᠮᠤᠷ ᠲᠦᠪᠰᠢᠨ ᠦ ᠤᠬᠠᠮᠰᠠᠷ ᠢ ᠤᠯᠠᠮ ᠨᠢᠬᠡ ᠠᠯᠬᠤᠮ ᠴᠢᠩᠭᠠᠳᠭᠠᠵᠤ ᠂ ᠬᠠᠤᠯᠢ ᠴᠠᠭᠠᠵᠠ ᠶᠢᠨ ᠠᠮᠤᠷ ᠲᠦᠪᠰᠢᠨ ᠪᠠᠭ᠎ᠠ ᠤᠴᠢᠷ ᠦᠭᠡᠢ ᠂ ᠪᠦᠬᠦ ᠺᠠᠳᠠᠷ ᠴᠠᠭᠳᠠᠭ᠎ᠠ ᠪᠠᠷᠢᠵᠤ ᠬᠦᠷᠭᠡᠭᠦ ᠂ ᠲᠢᠩᠬᠢᠮ ᠵᠢᠵᠢᠬᠦᠷᠯᠡᠬᠦ ᠂ ᠬᠠᠷᠠᠵᠤ ᠬᠠᠮᠢᠶᠠᠷᠬᠤ ᠵᠡᠷᠬᠡ ᠠᠵᠢᠯ ᠤᠨ ᠶᠠᠪᠤᠴᠠ ᠳᠤ᠂ ᠡᠷᠬᠡᠪᠰᠢ ᠴᠠᠭ ᠢᠮᠠᠭᠳᠠ ᠳᠡᠭᠡᠳᠦ ᠬᠡᠮᠵᠢᠶᠡᠨ ᠦ ᠰᠡᠷᠡᠮᠵᠢ ᠶᠢ ᠪᠠᠷᠢᠮᠳᠠᠯᠠᠵᠤ ᠂ ᠠᠵᠢᠯ ᠤᠨ ᠪᠠᠷᠢᠷᠢ ᠪᠠᠨ ᠴᠢᠩᠭ᠎ᠠ ᠰᠠᠬᠢᠵᠤ ᠂ ᠡᠬᠦᠷᠭᠡ ᠳᠤᠰᠢᠶᠠᠯ ᠢᠶᠠᠨ ᠬᠦᠢᠴᠡᠳᠬᠡᠨ᠎ᠠ ᠃ ᠬᠤᠶᠠᠷ ᠲᠤ ᠠᠶᠤᠯ ᠦᠬᠡᠢ ᠶᠢ ᠪᠠᠢᠴᠠᠭᠠᠬᠤ ᠠᠯᠬᠤᠮ ᠳᠠᠷᠠᠭ᠎ᠠ ᠶᠢ ᠤᠯᠠᠮ ᠨᠢᠬᠡ ᠠᠯᠬᠤᠮ ᠲᠦᠷᠢᠮᠵᠢᠬᠦᠯᠵᠦ ᠂ ᠠᠶᠤᠯ ᠦᠬᠡᠢ ᠶᠢ ᠪᠠᠢᠴᠠᠭᠠᠭᠴᠢ ᠪᠠᠢᠴᠠᠭᠠᠬᠤ ᠶᠠᠪᠤᠴᠠ ᠳᠤ ᠨᠠᠷᠢᠨ ᠬᠢᠨᠠᠮᠠᠭᠠᠢ ᠪᠠᠢᠵᠤ ᠂ ᠠᠶᠤᠯ ᠦᠬᠡᠢ ᠶᠢ ᠪᠠᠢᠴᠠᠭᠠᠬᠤ ᠠᠯᠬᠤᠮ ᠳᠠᠷᠠᠭ᠎ᠠ ᠲᠦᠷᠢᠮ ᠳᠠᠢ ᠂ ᠪᠠᠢᠴᠠᠭᠠᠯᠲᠠ ᠴᠢᠨᠠᠷᠳ ᠠᠢ ᠪᠠᠢᠬᠤ ᠶᠢ ᠪᠠᠳᠤᠯᠠᠨ᠎ᠠ ᠃ ᠽᠠᠩ ᠵᠢᠶᠠᠨ ᠫᠢᠩ ᠰᠤᠳᠤᠯᠤᠨ ᠪᠠᠢᠴᠠᠭᠠᠭᠴᠢ ᠵᠢᠭᠠᠵᠤ ᠭᠠᠷᠭᠠᠭᠰᠠᠨ ᠨᠢ ᠄ ᠠᠷᠠᠳ ᠤᠨ ᠳᠡᠭᠡᠳᠦ ᠵᠡᠷᠬᠡ ᠶᠢᠨ ᠰᠢᠬᠦᠬᠦ ᠬᠤᠷᠢᠶᠠᠨ ᠤ ᠶᠡᠷᠦᠩᠬᠡᠢ ᠠᠩᠬᠢ ᠦᠷᠨᠢᠬᠦᠯᠦᠭᠰᠡᠨ《ᠴᠠᠭᠳᠠᠭᠠᠨ ᠤ ᠶᠠᠪᠤᠳᠠᠯ ᠤᠨ ᠠᠮᠤᠷ ᠲᠦᠪᠰᠢᠨ ᠵᠢᠯ》ᠬᠥᠳᠡᠯᠭᠡᠭᠡᠨ ᠢ ᠪᠦᠬᠦ ᠳᠠᠯ᠎ᠠ ᠪᠠᠷ ᠨᠠᠢᠳᠠᠪᠤᠷᠢᠵᠢᠭᠤᠯᠵᠤ ᠂ ᠠᠷᠠᠳ ᠤᠨ ᠳᠡᠭᠡᠳᠦ ᠵᠡᠷᠬᠡ ᠶᠢᠨ ᠰᠢᠬᠦᠬᠦ ᠬᠤᠷᠢᠶᠠᠨ ᠤ ᠶᠡᠷᠦᠩᠬᠡᠢ ᠠᠩᠬᠢ  ᠶᠢᠨ ᠱᠠᠭᠠᠷᠳᠠᠯᠭ᠎ᠠ ᠶᠤᠰᠤᠭᠠᠷ ᠪᠦᠬᠦ ᠳᠠᠯ᠎ᠠ ᠪᠠᠷ ᠲᠦᠯᠬᠢᠨ ᠠᠬᠢᠭᠤᠯᠵᠤ ᠂ ᠨᠠᠷᠢᠯᠢᠭ ᠬᠡᠷᠡᠭᠵᠢᠬᠦᠯᠵᠦ ᠪᠤᠯᠬᠤᠢᠴᠠ ᠲᠥᠯᠦᠪᠯᠡᠭᠡ ᠲᠣᠭᠲᠠᠭᠠᠵᠤ ᠂ ᠨᠠᠢᠳᠠᠪᠤᠷᠢᠵᠢᠭᠤᠯᠬᠤ ᠶᠢ ᠴᠢᠩᠭ᠎ᠠ ᠠᠳᠬᠤᠨ᠎ᠠ ᠃ ᠬᠠᠤᠯᠢ ᠶᠢᠨ ᠴᠠᠭᠳᠠᠭᠠᠨ ᠤ ᠮᠡᠷᠬᠡᠵᠢᠯ ᠦᠨ ᠤᠷᠤᠯᠳᠤᠭᠠᠨ ᠤ ᠬᠦᠳᠡᠯᠭᠡᠭᠡᠨ ᠢᠶᠡᠷ ᠳᠤᠬᠢᠶᠠᠯ ᠪᠤᠯᠭᠠᠵᠤ ᠂ ᠬᠠᠤᠯᠢ ᠶᠢᠨ ᠴᠠᠭᠳᠠᠭᠠᠨ ᠤ ᠪᠤᠳᠠᠳᠤ ᠳᠠᠢᠨ ᠤ ᠪᠤᠯᠪᠠᠰᠤᠷᠠᠯ ᠤᠨ ᠬᠢᠷᠢ ᠲᠦᠪᠰᠢᠨ ᠢ ᠪᠦᠬᠦ ᠳᠠᠯ᠎ᠠ ᠪᠠᠷ ᠳᠡᠭᠡᠭᠰᠢᠯᠡᠭᠦᠯᠵᠦ ᠂ ᠪᠦᠬᠦ ᠬᠤᠳᠠ ᠶᠢᠨ ᠰᠢᠬᠦᠬᠦ ᠬᠤᠷᠢᠶᠠᠨ ᠤ ᠬᠠᠤᠯᠢ ᠴᠠᠭᠠᠵᠠ ᠶᠢᠨ ᠴᠠᠭᠳᠠᠭᠠᠨ ᠤ ᠶᠠᠪᠤᠳᠠᠯ ᠤᠨ ᠠᠵᠢᠯ ᠢ ᠲᠦᠯᠬᠢᠨ ᠠᠬᠢᠭᠤᠯᠵᠤ ᠰᠢᠨ᠎ᠠ ᠨᠢᠬᠡᠨ ᠱᠠᠳᠤᠨ ᠳᠤ ᠬᠦᠷᠭᠡᠨ᠎ᠡ ᠃

    ᠬᠤᠳᠠ  ᠶᠢᠨ ᠠᠷᠠᠳ ᠤᠨ ᠳᠤᠮᠳᠠ ᠵᠡᠷᠬᠡ ᠶᠢᠨ ᠰᠢᠬᠦᠬᠦ ᠬᠤᠷᠢᠶᠠᠨ ᠤ ᠬᠠᠤᠯᠢ ᠴᠠᠭᠳᠠᠭᠠᠨ ᠤ ᠰᠠᠯᠪᠤᠷᠢ ᠠᠩᠬᠢ  ᠶᠢᠨ ᠳᠠᠷᠤᠭ᠎ᠠ ᠯᠠᠩ ᠲᠢᠶᠠᠨ ᠢᠦᠢ ᠠᠷᠠᠳ ᠤᠨ ᠳᠡᠭᠡᠳᠦ ᠵᠡᠷᠬᠡ ᠶᠢᠨ ᠰᠢᠬᠦᠬᠦ ᠬᠤᠷᠢᠶᠠᠨ ᠤ ᠰᠠᠯᠪᠤᠷᠢ ᠠᠩᠬᠢ ᠶᠢᠨ ᠳᠠᠷᠤᠭ᠎ᠠ ᠶᠢᠨ ᠬᠤᠷᠠᠯᠳᠤᠭᠠᠨ ᠤ ᠵᠤᠷᠢᠭ ᠰᠠᠨᠠᠭ᠎ᠠ ᠶᠢ ᠳᠠᠮᠵᠢᠭᠤᠯᠵᠤ ᠂ 2016 ᠤᠨ ᠤ ᠠᠵᠢᠯ ᠢ ᠡᠷᠬᠢᠴᠡᠬᠦᠯᠦᠨ ᠳ᠋ᠦᠩᠨᠡᠵᠦ ᠂ 2017 ᠤᠨ ᠤ ᠪᠦᠬᠦ ᠬᠤᠳᠠ ᠶᠢᠨ ᠰᠢᠬᠦᠬᠦ ᠬᠤᠷᠢᠶᠠᠨ ᠤ ᠬᠠᠤᠯᠢ ᠶᠢᠨ ᠴᠠᠭᠳᠠᠭᠠᠨ ᠤ ᠭᠣᠣᠯᠳᠠᠯᠭ᠎ᠠ ᠳᠠᠢ ᠠᠵᠢᠯ ᠢ ᠳᠤᠬᠢᠷᠠᠭᠤᠯᠤᠨ ᠪᠠᠢᠷᠢᠯᠠᠭᠤᠯᠵᠤ ᠂ ᠪᠦᠬᠦ ᠵᠢᠯ ᠦᠨ ᠠᠵᠢᠯ ᠳᠤ ᠨᠠᠷᠢᠯᠢᠭ ᠡᠬᠦᠷᠭᠡ ᠬᠤᠪᠢᠶᠠᠷᠯᠠᠵᠤ ᠂ ᠠᠵᠢᠯ ᠳᠤᠮᠳᠠᠬᠢ ᠴᠢᠬᠤᠯᠠ ᠠᠰᠠᠭᠤᠳᠠᠯ ᠬᠦᠴᠢᠷᠳᠡᠯ ᠳᠦ ᠬᠦᠨᠵᠡᠭᠡᠢ ᠦᠬᠦᠯᠡᠪᠡ ᠃ ᠡᠯ᠎ᠠ ᠬᠤᠰᠢᠭᠤ ᠳᠤᠭᠤᠷᠢᠭ ᠤᠨ ᠰᠢᠬᠦᠬᠦ ᠬᠤᠷᠢᠶᠠᠨ ᠤ ᠬᠠᠤᠯᠢ  ᠶᠢᠨ ᠴᠠᠭᠳᠠᠭᠠᠨ ᠤ ᠶᠡᠬᠡ ᠠᠩᠬᠢ ᠶᠢᠨ ᠳᠠᠷᠤᠭ᠎ᠠ ᠡᠯ᠎ᠠ ᠴᠠᠭᠳᠠᠭᠠᠨ ᠤ ᠠᠩᠬᠢ ᠶᠢᠨ ᠠᠵᠢᠯ ᠤᠨ ᠪᠠᠢᠳᠠᠯ ᠢ ᠲᠦᠬᠦᠮ ᠬᠠᠷᠢᠭᠤ ᠮᠡᠳᠡᠬᠦᠯᠵᠦ ᠂ ᠤᠷᠤᠰᠢᠵᠤ ᠪᠠᠢᠭ᠎ᠠ ᠠᠰᠠᠭᠤᠳᠠᠯ ᠵᠢᠴᠢ 2017 ᠤᠨ ᠤ ᠠᠵᠢᠯ ᠢ ᠬᠡᠷᠬᠢᠨ ᠰᠠᠢᠨ ᠬᠢᠬᠦ ᠳᠤᠬᠠᠢ ᠢᠳᠡᠪᠬᠢᠳᠠᠢ ᠶᠠᠷᠢᠶ᠎ᠠ ᠳᠠᠯᠪᠢᠨ ᠰᠠᠨᠠᠭᠤᠯᠭ᠎ᠠ ᠳᠤᠷᠠᠳᠪᠠ ᠃

    ᠳᠤᠰ ᠤᠳᠠᠭᠠᠨ ᠤ ᠬᠤᠷᠠᠯᠳᠤᠭᠠᠨ ᠰᠢᠬᠦᠨ ᠳᠠᠰᠤᠯᠤᠯᠲᠠ ᠭᠦᠢᠴᠡᠳᠬᠡᠬᠦ ᠠᠵᠢᠯ ᠳᠤ ᠦᠢᠯᠡᠴᠢᠯᠡᠬᠦ ᠪᠠᠳᠤᠯᠠᠬᠤ  ᠪᠠᠷ ᠭᠤᠤᠯ ᠪᠤᠯᠭᠠᠵᠤ ᠂ ᠲᠢᠩᠬᠢᠮ ᠦᠨ ᠰᠢᠬᠦᠯᠲᠡ ᠶᠢᠨ ᠠᠮᠤᠷ ᠲᠦᠪᠰᠢᠨ᠂ ᠪᠠᠢᠭᠤᠯᠭ᠎ᠠ ᠶᠢᠨ ᠠᠮᠤᠷ ᠲᠦᠪᠰᠢᠨ ᠢ ᠪᠠᠳᠤᠯᠠᠬᠤ ᠪᠠᠷ ᠬᠠᠷᠠᠯᠳᠠ ᠪᠤᠯᠭᠠᠵᠤ ᠂ ᠬᠤᠶᠠᠷ ᠱᠠᠳᠤᠨ ᠤ ᠰᠢᠬᠦᠬᠦ ᠬᠤᠷᠢᠶᠠᠨ ᠤ ᠬᠠᠷᠢᠯᠴᠠᠬᠤ ᠶᠢ ᠬᠦᠢᠴᠡᠳ ᠴᠢᠩᠭᠠᠳᠭᠠᠵᠤ ᠂ ᠪᠦᠬᠦ ᠬᠤᠳᠠ ᠶᠢᠨ ᠰᠢᠬᠦᠬᠦ ᠬᠤᠷᠢᠶᠠᠨ ᠤ ᠬᠠᠤᠯᠢ ᠶᠢᠨ ᠴᠠᠭᠳᠠᠭᠠᠨ  ᠤ ᠠᠩᠬᠢ ᠶᠢᠨ ᠬᠤᠵᠢᠮ ᠤᠨ ᠠᠵᠢᠯ ᠤᠨ ᠴᠢᠭᠯᠡᠯ ᠵᠢᠴᠢ ᠠᠵᠢᠯ ᠤᠨᠭᠣᠣᠯᠳᠠᠯᠭ᠎ᠠ ᠶᠢ ᠤᠯᠠᠮ ᠨᠢᠬᠡ ᠠᠯᠬᠤᠮ ᠳᠤᠭᠳᠠᠭᠠᠵᠤ ᠂ ᠰᠢᠬᠦᠬᠦ ᠬᠤᠷᠢᠶᠠᠨ ᠤ ᠡᠯ᠎ᠠ ᠠᠵᠢᠯ ᠤᠷᠤᠭᠰᠢᠳᠠᠢ ᠠᠬᠢᠭᠤᠯᠬᠤ ᠳᠤ ᠪᠠᠳᠤ ᠪᠡᠬᠢ ᠴᠠᠭᠳᠠᠭᠠᠨ  ᠤ ᠶᠠᠪᠤᠳᠠᠯ  ᠤᠨ ᠪᠠᠳᠤᠯᠭ᠎ᠠ ᠬᠠᠩᠭᠠᠨ᠎ᠠ ᠃

ᠦᠨᠡᠯᠡᠬᠦ 0ᠦᠨᠡᠯᠡᠯᠲᠡ᠎ᠲᠠᠢ


( ᠨᠧᠲ ᠨᠠᠢᠵᠠ ᠵᠢᠨ ᠦᠨᠡᠯᠡᠯᠲᠡ᠎ᠨᠢ ᠵᠦᠪᠭᠡᠨ ᠲᠡᠭᠦᠨ ᠊ᠤ᠌ ᠬᠤᠪᠢ ᠭᠦᠮᠦᠨ ᠊ᠤ᠌ ᠦᠵᠡᠯᠲᠡ ᠲᠡᠳᠦᠢ᠂ ᠲᠤᠰ ᠨᠧᠲ ᠦᠷᠳᠡᠭᠡ ᠲᠡᠭᠦᠨ ᠊ᠤ᠌ ᠦᠵᠡᠯᠲᠡ ᠵᠢ ᠵᠦᠪᠱᠢᠶᠡᠷᠡᠭᠰᠡᠨ ᠶᠠᠪᠤᠳᠠᠯ ᠤᠭᠳᠤ ᠪᠢᠱᠢ᠎ᠶᠤᠮ᠃ )