4 ᠰᠠᠷᠠᠢᠨ 17 ᠤ ᠡᠳᠦᠷ᠂ ᠬᠤᠳᠠ ᠶᠢᠨ ᠠᠷᠠᠳ ᠤᠨ ᠳᠤᠮᠳᠠ ᠵᠡᠷᠭᠡ ᠶᠢᠨ ᠰᠢᠭᠦᠬᠦ ᠬᠣᠷᠢᠶ᠎ᠠ ᠪᠦᠬᠦ ᠬᠣᠲᠠ ᠶᠢᠨ ᠭᠦᠢᠴᠡᠳᠬᠡᠬᠦ ᠠᠵᠢᠯ ᠤᠨ ᠬᠤᠷᠠᠯ ᠶᠠᠪᠤᠭᠳᠠᠭᠤᠯᠪᠠ᠃ ᠬᠣᠲᠠ ᠶᠢᠨ ᠠᠷᠠᠳ ᠤᠨ ᠳᠤᠮᠳᠠ ᠵᠡᠷᠭᠡ ᠶᠢᠨ ᠰᠢᠭᠦᠬᠦ ᠬᠣᠷᠢᠶᠠᠨ ᠤ ᠨᠠᠮ ᠤᠨ ᠤᠳᠤᠷᠢᠳᠬᠤ ᠳᠤᠭᠤᠢᠯᠠᠩ ᠤᠨ ᠬᠡᠰᠢᠭᠦᠨ᠂ ᠡᠯ᠎ᠡ ᠬᠣᠰᠢᠭᠤᠨ ᠤ ᠰᠢᠭᠦᠬᠦ ᠬᠣᠷᠢᠶᠠᠨ ᠤ ᠬᠣᠷᠢᠶᠠᠨ ᠳᠠᠷᠤᠭ᠎ᠠ ᠵᠢᠴᠢ ᠬᠤᠳᠠ ᠶᠢᠨ ᠠᠷᠠᠳ ᠤᠨ ᠳᠤᠮᠳᠠ ᠵᠡᠷᠭᠡ ᠶᠢᠨ ᠰᠢᠭᠦᠬᠦ ᠬᠣᠷᠢᠶᠠᠨ ᠤ ᠡᠯ᠎ᠠ ᠬᠡᠯᠳᠡᠰ ᠦᠨ ᠬᠠᠷᠢᠭᠤᠴᠠᠯᠭᠠᠲᠠᠨ ᠬᠤᠷᠠᠯ ᠳᠤ ᠣᠷᠤᠯᠴᠠᠪᠠ᠃ ᠠᠢ ᠹᠸᠢ ᠳᠡᠳ᠋ ᠬᠣᠷᠢᠶᠠᠨ ᠳᠠᠷᠤᠭ᠎ᠠ ᠬᠤᠷᠠᠯ ᠡᠷᠬᠢᠯᠡᠪᠡ᠃
ᠹᠠᠨ ᠶᠢᠦ ᠹᠠ ᠳᠡᠳ᠋ ᠬᠣᠷᠢᠶᠠᠨ ᠳᠠᠷᠤᠭ᠎ᠠ ᠤᠷᠢᠳᠠᠪᠡᠷ ᠬᠤᠶᠠᠷ ᠱᠠᠲᠤᠨ ᠤ ᠨᠢᠭᠡᠳᠦᠭᠡᠷ ᠤᠯᠠᠷᠢᠯ ᠤᠨ ᠬᠡᠷᠡᠭ ᠭᠦᠢᠴᠡᠳᠬᠡᠬᠦ ᠰᠢᠢᠳᠪᠦᠷᠢᠯᠡᠭᠰᠡᠨ ᠲᠣᠭ᠎ᠠ ᠶᠢ ᠮᠡᠳᠡᠭᠦᠯᠵᠦ᠂《 ᠤᠷᠢᠳᠴᠢᠯᠠᠨ ᠭᠦᠢᠴᠡᠳᠬᠡᠬᠦ ᠳᠦ ᠬᠦᠴᠢᠷ ᠢ ᠦᠨᠳᠦᠰᠦᠨ ᠡᠴᠡ ᠨᠢ ᠪᠡᠶᠡᠯᠡᠭᠦᠯᠬᠦ》 ᠶᠢᠨ ᠲᠣᠳᠤᠷᠬᠠᠢᠯᠠᠯᠲᠠ ᠪᠠ ᠪᠠᠷᠢᠮᠵᠢᠶ᠎ᠠ ᠶᠢ ᠲᠠᠢᠯᠪᠤᠷᠢᠯᠠᠵᠤ᠂ ᠥᠪᠡᠷᠲᠡᠭᠡᠨ ᠵᠠᠰᠠᠬᠤ ᠣᠷᠤᠨ ᠤ ᠠᠷᠠᠳ ᠤᠨ ᠳᠡᠭᠡᠳᠦ ᠵᠡᠷᠭᠡ ᠶᠢᠨ ᠰᠢᠭᠦᠬᠦ ᠬᠣᠷᠢᠶ᠎ᠠ ᠠᠴᠠ ᠲᠤᠰ ᠵᠢᠯ ᠤᠨ ᠭᠦᠢᠴᠡᠳᠬᠡᠬᠦ ᠠᠵᠢᠯ ᠳᠤ ᠳᠤᠷᠠᠳᠤᠭᠰᠠᠨ ᠱᠠᠭᠠᠷᠳᠠᠯᠭ᠎ᠠ ᠶᠢ ᠲᠠᠨᠢᠯᠴᠠᠭᠤᠯᠵᠤ᠂ ᠲᠣᠭ᠎ᠠ ᠪᠠᠷᠢᠮᠲᠠ ᠶᠢᠨ ᠬᠡᠯᠪᠡᠷᠢ ᠪᠡᠷ ᠬᠤᠶᠠᠷ ᠱᠠᠲᠤᠨ ᠤ ᠰᠢᠭᠦᠬᠦ ᠬᠣᠷᠢᠶᠠᠨ ᠤ ᠨᠢᠭᠡᠳᠦᠭᠡᠷ ᠤᠯᠠᠷᠢᠯ ᠤᠨ ᠭᠦᠢᠴᠡᠳᠬᠡᠬᠦ ᠬᠡᠷᠡᠭ ᠰᠢᠢᠳᠪᠦᠷᠢᠯᠡᠬᠦ ᠨᠤᠷᠮ᠎ᠠ ᠳᠣᠣᠷ᠎ᠠ ᠪᠠᠢᠬᠤ ᠠᠰᠠᠭᠤᠳᠠᠯ ᠢ ᠳᠤᠳᠤᠷᠬᠠᠢ ᠢᠯᠡᠷᠡᠭᠦᠯᠵᠦ᠂ ᠳᠠᠷᠠᠭᠠᠴᠢ ᠶᠢᠨ ᠠᠯᠬᠤᠮ ᠬᠤᠶᠠᠷ ᠱᠠᠲᠤᠨ ᠤ ᠰᠢᠭᠦᠬᠦ ᠬᠣᠷᠢᠶ᠎ᠠ ᠲᠥᠪᠯᠡᠷᠡᠭᠦᠯᠦᠨ ᠭᠦᠢᠴᠡᠳᠬᠡᠬᠦ ᠠᠵᠢᠯᠯᠠᠭᠠᠨ ᠤ ᠬᠡᠯᠪᠡᠷᠢ ᠪᠡᠷ ᠬᠡᠷᠡᠭ ᠰᠢᠢᠳᠪᠦᠷᠢᠯᠡᠬᠦ ᠨᠤᠷᠮ᠎ᠠ ᠶᠢ ᠳᠡᠭᠡᠭᠰᠢᠯᠡᠭᠦᠯᠬᠦ ᠠᠵᠢᠯᠯᠠᠭᠠᠨ ᠤ ᠲᠥᠰᠦᠪ ᠳᠤ ᠲᠣᠳᠤᠷᠬᠠᠢᠯᠠᠯᠲᠠ ᠬᠢᠪᠡ᠃
ᠬᠤᠷᠠᠯ ᠳᠡᠭᠡᠷ᠎ᠡ᠂ ᠯᠢ ᠾᠦᠩ ᠶᠠᠨ ᠬᠣᠷᠢᠶᠠᠨ ᠳᠠᠷᠤᠭ᠎ᠠ ᠪᠣᠷᠤᠭᠵᠢᠭᠤᠨ ᠦᠨᠡᠨᠴᠢ ᠦᠭᠡ ᠶᠠᠷᠢᠶ᠎ᠠ ᠪᠠᠷ《 ᠬᠠᠷᠢᠭᠤᠴᠠᠯᠭ᠎ᠠ ᠶᠢ ᠪᠠᠲᠤ ᠠᠳᠭᠤᠵᠤ᠂ ᠦᠷ᠎ᠡ ᠳ᠋ᠦᠩ ᠢ ᠪᠠᠲᠤᠯᠠᠵᠤ᠂ ᠬᠣᠭᠤᠰᠤᠨ ᠦᠭᠡ ᠶᠠᠷᠢᠬᠤ᠂ ᠬᠣᠭᠤᠰᠤᠨ ᠤᠷᠢᠶ᠎ᠠ ᠬᠠᠰᠭᠢᠷᠬᠤ᠂ ᠠᠵᠢᠯ ᠬᠢᠬᠦ ᠦᠭᠡᠢ ᠪᠠᠢᠬᠤ ᠶᠢ ᠴᠡᠭᠡᠷᠯᠡᠨ᠎ᠡ》 ᠭᠡᠰᠡᠨ ᠭᠠᠷᠴᠠᠭ ᠢᠶᠠᠷ ᠴᠢᠬᠤᠯᠠ ᠶᠠᠷᠢᠶ᠎ᠠ ᠲᠠᠯᠪᠢᠪᠠ᠃ ᠲᠡᠷᠡ ᠴᠢᠩᠭᠠᠳᠭᠠᠭᠰᠠᠨ ᠨᠢ᠂ ᠭᠦᠢᠴᠡᠳᠬᠡᠬᠦ ᠳᠦ ᠬᠦᠴᠢᠷ ᠠᠰᠠᠭᠤᠳᠠᠯ ᠢ ᠰᠢᠢᠳᠪᠦᠷᠢᠯᠡᠬᠦ ᠳᠡᠭᠡᠷ᠎ᠡ᠂ ᠡᠯ᠎ᠡ ᠬᠣᠰᠢᠭᠤ ᠲᠣᠭᠤᠷᠢᠭ ᠤᠨ ᠰᠢᠭᠦᠬᠦ ᠬᠣᠷᠢᠶᠠᠨ ᠤ ᠬᠣᠷᠢᠶᠠᠨ ᠳᠠᠷᠤᠭ᠎ᠠ ᠪᠣᠯ ᠨᠢᠭᠡᠳᠦᠭᠡᠷ ᠬᠠᠷᠢᠭᠤᠴᠠᠯᠭᠠᠲᠠᠨ ᠪᠠᠢᠵᠤ᠂《 ᠶᠡᠷᠦᠩᠬᠡᠢ ᠵᠢᠯᠤᠭᠤᠳᠤᠭᠴᠢ》 ᠶᠢᠨ ᠦᠢᠯᠡᠳᠦᠯ ᠢᠶᠡᠨ ᠪᠠᠳᠠᠷᠠᠭᠤᠯᠬᠤ ᠬᠡᠷᠡᠭᠲᠡᠢ᠂ ᠲᠤᠰ ᠤᠳᠠᠭᠠᠨ ᠤ ᠬᠤᠷᠠᠯ ᠵᠥᠪᠬᠡᠨ ᠡᠯ᠎ᠡ ᠬᠣᠰᠢᠭᠤ ᠲᠣᠭᠤᠷᠢᠭ ᠤᠨ ᠰᠢᠭᠦᠬᠦ ᠬᠣᠷᠢᠶᠠᠨ ᠤ ᠬᠣᠷᠢᠶᠠᠨ ᠳᠠᠷᠤᠭ᠎ᠠ ᠶᠢ ᠤᠷᠢᠵᠤ ᠬᠤᠷᠠᠯ ᠳᠤ ᠣᠷᠤᠯᠴᠠᠭᠤᠯᠵᠤ᠂ ᠪᠦᠲᠦᠮᠵᠢ ᠬᠠᠮᠤᠭ ᠥᠨᠳᠦᠷ ᠬᠡᠯᠪᠡᠷᠢ ᠪᠡᠷ ᠬᠤᠷᠠᠯᠳᠤᠭᠠᠨ ᠤ ᠵᠣᠷᠢᠭ ᠰᠠᠨᠠᠭ᠎ᠠ ᠶᠢ ᠳᠠᠮᠵᠢᠭᠤᠯᠵᠤ᠂ ᠡᠯ᠎ᠠ ᠬᠣᠰᠢᠭᠤ ᠲᠣᠭᠤᠷᠢᠭ ᠤᠨ ᠰᠢᠭᠦᠬᠦ ᠬᠣᠷᠢᠶᠠᠨ ᠤ ᠬᠣᠷᠢᠶᠠᠨ ᠳᠠᠷᠤᠭ᠎ᠠ ᠬᠤᠷᠠᠯ ᠤᠨ ᠳᠠᠷᠠᠭ᠎ᠠ ᠨᠢᠭᠡᠳᠦᠭᠡᠷ ᠴᠠᠭ ᠲᠤ ᠵᠢᠯᠤᠭᠤᠳᠤᠯᠭ᠎ᠠ ᠶᠢ ᠰᠠᠢᠨ ᠬᠢᠬᠦ᠂ ᠨᠢᠭᠡᠲᠦᠯᠲᠠᠢ ᠲᠥᠯᠦᠪᠯᠡᠭᠦᠯᠬᠦ ᠶᠢ ᠰᠠᠢᠨ ᠬᠢᠬᠦ ᠳᠦ ᠳᠥᠭᠦᠮ ᠪᠣᠯᠭᠠᠨ᠎ᠠ᠃ ᠡᠭᠦᠨ ᠦ ᠬᠠᠮᠲᠤ᠂ ᠯᠢ ᠾᠦᠩ ᠶᠠᠨ ᠬᠣᠷᠢᠶᠠᠨ ᠳᠠᠷᠤᠭ᠎ᠠ ᠳᠠᠷᠤᠭᠳᠠᠮᠠᠯ ᠬᠡᠷᠡᠭ ᠢ ᠰᠢᠢᠳᠪᠦᠷᠢᠯᠡᠬᠦ᠂ ᠬᠠᠷᠢᠭᠤᠴᠠᠯᠭ᠎ᠠ ᠶᠢᠨ ᠳᠦᠷᠢᠮ ᠢ ᠨᠠᠢᠳᠠᠪᠤᠷᠢᠵᠢᠭᠤᠯᠬᠤ᠂ ᠬᠡᠷᠡᠭ ᠭᠦᠢᠴᠡᠳᠬᠡᠬᠦ ᠰᠢᠢᠳᠪᠦᠷᠢᠯᠡᠬᠦ ᠨᠤᠷᠮ᠎ᠠ ᠪᠠᠷᠢᠮᠵᠢᠶᠠᠨ ᠳᠤ ᠬᠦᠷᠬᠦ ᠭᠤᠷᠪᠠᠨ ᠲᠠᠯ᠎ᠠ ᠶᠢᠨ ᠠᠵᠢᠯ ᠤᠨ ᠪᠤᠳᠠᠳᠠᠢ ᠱᠠᠭᠠᠷᠳᠠᠯᠭ᠎ᠠ ᠳᠤᠷᠠᠳᠴᠤ᠂ ᠳᠤᠳᠤᠷᠬᠠᠢ ᠬᠤᠭᠤᠴᠠᠭ᠎ᠠ ᠲᠣᠭᠲᠠᠵᠤ᠂ ᠡᠯ᠎ᠠ ᠬᠣᠰᠢᠭᠤ ᠲᠣᠭᠤᠷᠢᠭ ᠤᠨ ᠰᠢᠭᠦᠬᠦ ᠬᠣᠷᠢᠶᠠᠨ ᠤ ᠬᠣᠷᠢᠶᠠᠨ ᠳᠠᠷᠤᠭ᠎ᠠ ᠵᠣᠷᠢᠭ ᠬᠥᠪᠴᠢᠯᠡᠨ᠂ ᠪᠤᠰᠤᠳᠴᠢ ᠰᠢᠯᠲᠠᠭᠠᠨ ᠡᠷᠢᠬᠦ ᠦᠭᠡᠢ᠃ ᠭᠦᠢᠴᠡᠳᠬᠡᠬᠦ ᠳᠦ ᠬᠦᠴᠢᠷ ᠢ ᠦᠨᠳᠦᠰᠦᠨ ᠡᠴᠡ ᠨᠢ ᠰᠢᠢᠳᠪᠦᠷᠢᠯᠡᠬᠦ ᠠᠰᠠᠭᠤᠳᠠᠯ ᠳᠤ ᠡᠯ᠎ᠡ ᠰᠢᠭᠦᠬᠦ ᠬᠣᠷᠢᠶᠠᠨ ᠤ ᠨᠢᠭᠡᠳᠦᠭᠡᠷ ᠭᠠᠷ《 ᠰᠠᠢᠳᠤᠷ ᠬᠢᠬᠦ ᠪᠡᠷ ᠪᠣᠳᠤᠵᠤ᠂ ᠰᠠᠢᠲᠤᠷ ᠬᠢᠬᠦ ᠵᠣᠷᠢᠭ ᠲᠠᠢ ᠪᠠᠢᠵᠤ᠂ ᠰᠠᠢᠲᠤᠷ ᠬᠢᠵᠦ ᠴᠢᠳᠠᠬᠤ ᠬᠡᠷᠡᠭᠲᠡᠢ》᠂ ᠰᠡᠳᠭᠢᠭᠦᠷ ᠢᠶᠡᠨ ᠪᠠᠳᠤᠳᠬᠠᠵᠤ᠂ ᠠᠷᠭ᠎ᠠ ᠬᠡᠯᠪᠡᠷᠢ ᠪᠡᠨ ᠵᠥᠪᠰᠢᠶᠡᠷᠡᠭᠦᠯᠵᠦ ᠣᠯᠵᠤ᠂ ᠳᠠᠷᠠᠭᠠᠴᠢ ᠶᠢᠨ ᠠᠵᠢᠯ ᠳᠤᠮᠳᠠ ᠡᠷᠬᠡᠪᠰᠢ ᠡᠭᠦᠷᠭᠡ ᠶᠢᠨ ᠬᠠᠷᠠᠯᠲᠠ ᠪᠠᠨ ᠪᠡᠶᠡᠯᠡᠭᠦᠯᠬᠦ ᠬᠡᠷᠡᠭᠲᠡᠢ᠃
ᠳᠠᠷᠠᠭᠠᠪᠠᠷ ᠨᠢ ᠡᠯ᠎ᠡ ᠬᠣᠰᠢᠭᠤ ᠲᠣᠭᠤᠷᠢᠭ ᠤᠨ ᠰᠢᠭᠦᠬᠦ ᠬᠣᠷᠢᠶᠠᠨ ᠤ ᠬᠣᠷᠢᠶᠠᠨ ᠲᠤᠰᠪᠤᠷᠢ ᠣᠪᠤᠷ ᠢᠶᠠᠨ ᠢᠯᠡᠳᠭᠡᠪᠡ᠃
ᠦᠨᠡᠯᠡᠬᠦ 0ᠦᠨᠡᠯᠡᠯᠲᠡ᠎ᠲᠠᠢ