4 ᠰᠠᠷᠠᠢᠨ 21 ᠤ ᠡᠳᠦᠷ ᠦᠨ ᠦᠳᠡ ᠶᠢᠨ ᠬᠣᠢᠨ᠎ᠠ᠂ ᠰᠸᠴᠤᠸᠠᠨ ᠤ ᠠᠷᠠᠳ ᠤᠨ ᠳᠡᠭᠡᠳᠦ ᠵᠡᠷᠭᠡ ᠶᠢᠨ ᠰᠢᠭᠦᠬᠦ ᠬᠣᠷᠢᠶᠠᠨ ᠤ ᠳᠡᠳ᠋ ᠲᠣᠭᠤᠷᠢᠨ ᠪᠠᠢᠴᠠᠭᠠᠭᠴᠢ ᠵᠤᠤ ᠵᠢᠶᠠᠨ ᠾᠦᠩ᠂ ᠰᠢᠭᠤᠳ ᠬᠠᠷᠢᠶ᠎ᠠ ᠪᠠᠢᠭᠤᠯᠭ᠎ᠠ ᠶᠢᠨ ᠨᠠᠮ ᠤᠨ ᠠᠯᠪᠠᠨ ᠭᠡᠷ ᠦᠨ ᠳᠡᠳ᠋ ᠡᠷᠬᠢᠯᠡᠭᠴᠢ ᠯᠢᠦ ᠵᠢᠶᠠᠩ ᠯᠠᠢ ᠥᠪᠡᠷᠲᠡᠭᠡᠨ ᠵᠠᠰᠠᠬᠤ ᠣᠷᠤᠨ ᠤ ᠠᠷᠠᠳ ᠤᠨ ᠳᠡᠭᠡᠳᠦ ᠵᠡᠷᠭᠡ ᠶᠢᠨ ᠰᠢᠭᠦᠬᠦ ᠬᠣᠷᠢᠶᠠᠨ ᠤ ᠳᠡᠳ᠋ ᠲᠣᠭᠤᠷᠢᠨ ᠪᠠᠢᠴᠠᠭᠠᠭᠴᠢ ᠯᠢ ᠼᠦᠢ ᠭᠠᠩ ᠵᠡᠷᠭᠡ ᠬᠥᠮᠦᠰ ᠲᠠᠢ ᠬᠠᠮᠲᠤ᠂ ᠰᠢᠭᠦᠬᠦ ᠬᠣᠷᠢᠶᠠᠨ ᠤ ᠠᠵᠢᠯ ᠤᠨ ᠪᠦᠲᠦᠮᠵᠢ ᠪᠠ ᠰᠣᠶᠤᠯ ᠤᠨ ᠪᠦᠲᠦᠭᠡᠨ ᠪᠠᠢᠭᠤᠯᠤᠯᠲᠠ ᠶᠢ ᠰᠢᠯᠭᠠᠨ ᠪᠠᠢᠴᠠᠭᠠᠬᠤ ᠪᠠᠷ ᠣᠷᠳᠤᠰ ᠬᠤᠳᠠ ᠶᠢᠨ ᠠᠷᠠᠳ ᠤᠨ ᠳᠤᠮᠳᠠ ᠵᠡᠷᠭᠡ ᠶᠢᠨ ᠰᠢᠭᠦᠬᠦ ᠬᠣᠷᠢᠶᠠᠨ ᠤ ᠬᠦᠷᠴᠦ ᠪᠠᠢᠴᠠᠭᠠᠨ ᠰᠤᠳᠤᠯᠪᠠ᠃
ᠣᠷᠳᠤᠰ ᠬᠣᠲᠠ ᠶᠢᠨ ᠠᠷᠠᠳ ᠤᠨ ᠳᠤᠮᠳᠠ ᠵᠡᠷᠭᠡ ᠶᠢᠨ ᠰᠢᠭᠦᠬᠦ ᠬᠣᠷᠢᠶᠠᠨ ᠤ ᠨᠠᠮ ᠤᠨ ᠤᠳᠤᠷᠢᠳᠬᠤ ᠳᠤᠭᠤᠢᠯᠠᠩ ᠤᠨ ᠱᠦᠵᠢ᠂ ᠬᠣᠷᠢᠶᠠᠨ ᠳᠠᠷᠤᠭ᠎ᠠ ᠯᠢ ᠶᠠᠨ ᠾᠦᠩ᠂ ᠳᠡᠳ᠋ ᠬᠣᠷᠢᠶᠠᠨ ᠳᠠᠷᠤᠭ᠎ᠠ ᠠᠢ ᠹᠸᠢ᠂ ᠤᠯᠤᠰ ᠲᠥᠷᠦ ᠶᠢᠨ ᠭᠡᠯᠲᠡᠰ᠂ ᠠᠯᠪᠠᠨ ᠭᠡᠷ ᠵᠡᠷᠭᠡ ᠰᠠᠯᠠᠭ᠎ᠠ ᠮᠥᠴᠢᠷ ᠦᠨ ᠬᠠᠷᠢᠭᠤᠴᠠᠯᠭᠠᠲᠠᠨ ᠰᠢᠯᠭᠠᠨ ᠪᠠᠢᠴᠠᠭᠠᠬᠤ ᠳᠤᠭᠤᠢᠯᠠᠩ ᠲᠠᠢ ᠬᠠᠮᠳᠤ ᠣᠷᠳᠤᠰ ᠬᠣᠲᠠ ᠶᠢᠨ ᠠᠷᠠᠳ ᠤᠨ ᠳᠤᠮᠳᠠ ᠵᠡᠷᠭᠡ ᠶᠢᠨ ᠰᠢᠭᠦᠬᠦ ᠬᠣᠷᠢᠶᠠᠨ ᠤ ᠮᠡᠳᠡᠭᠡ ᠵᠠᠩᠭᠢᠴᠢᠯᠠᠯᠲᠠ ᠶᠢᠨ ᠪᠦᠲᠦᠭᠡᠨ ᠪᠠᠢᠭᠤᠯᠤᠯᠲᠠ ᠪᠠ ᠰᠣᠶᠤᠯ ᠤᠨ ᠪᠦᠲᠦᠭᠡᠨ ᠪᠠᠢᠭᠤᠯᠤᠯᠲᠠ ᠶᠢᠨ ᠦᠷ᠎ᠡ ᠪᠦᠲᠦᠮᠵᠢ ᠶᠢ ᠲᠣᠭᠤᠷᠢᠨ ᠦᠵᠡᠪᠡ᠃
ᠲᠣᠭᠤᠷᠢᠵᠤ ᠳᠠᠭᠤᠰᠤᠭᠰᠠᠨ ᠤ ᠳᠠᠷᠠᠭ᠎ᠠ᠂ ᠪᠠᠢᠴᠠᠭᠠᠨ ᠰᠣᠳᠤᠯᠠᠬᠤ ᠳᠤᠭᠤᠢᠯᠠᠩ ᠣᠷᠳᠤᠰ ᠬᠣᠲᠠ ᠶᠢᠨ ᠠᠷᠠᠳ ᠤᠨ ᠳᠤᠮᠳᠠ ᠵᠡᠷᠭᠡ ᠶᠢᠨ ᠰᠢᠭᠦᠬᠦ ᠬᠣᠷᠢᠶᠠᠨ ᠳᠤ ᠰᠠᠭᠤᠳᠠᠯ ᠤᠨ ᠬᠤᠷᠠᠯ ᠬᠤᠷᠠᠯᠳᠤᠪᠠ᠃ ᠬᠣᠲᠠ ᠶᠢᠨ ᠠᠷᠠᠳ ᠤᠨ ᠳᠤᠮᠳᠠ ᠵᠡᠷᠭᠡ ᠶᠢᠨ ᠰᠢᠭᠦᠬᠦ ᠬᠣᠷᠢᠶᠠᠨ ᠤ ᠨᠠᠮ ᠤᠨ ᠤᠳᠤᠷᠢᠳᠬᠤ ᠳᠤᠭᠤᠢᠯᠠᠩ ᠤᠨ ᠱᠦᠵᠢ᠂ ᠬᠣᠷᠢᠶᠠᠨ ᠳᠠᠷᠤᠭ᠎ᠠ ᠯᠢ ᠶᠠᠨ ᠾᠦᠩ᠂ ᠳᠡᠳ᠋ ᠬᠣᠷᠢᠶᠠᠨ ᠳᠠᠷᠤᠭ᠎ᠠ ᠠᠢ ᠹᠸᠢ᠂ ᠣᠲᠤᠭ ᠬᠣᠰᠢᠭᠤᠨ ᠤ ᠰᠢᠭᠦᠬᠦ ᠬᠣᠷᠢᠶᠠᠨ ᠤ ᠬᠣᠷᠢᠶᠠᠨ ᠳᠠᠷᠤᠭ᠎ᠠ ᠯᠢᠦ ᠶᠦᠩ ᠵᠢᠶᠦ᠋ᠨ ᠵᠢᠴᠢ ᠳᠤᠮᠳᠠ ᠵᠡᠷᠭᠡ ᠶᠢᠨ ᠰᠢᠭᠦᠬᠦ ᠬᠣᠷᠢᠶᠠᠨ ᠤ ᠤᠯᠤᠰ ᠲᠥᠷᠦ ᠶᠢᠨ ᠬᠡᠯᠲᠡᠰ᠂ ᠠᠯᠪᠠᠨ ᠭᠡᠷ᠂ ᠵᠠᠰᠠᠭ ᠵᠠᠬᠢᠷᠭᠠᠨ ᠤ ᠲᠢᠩᠬᠢᠮ ᠵᠡᠷᠭᠡ ᠰᠠᠯᠠᠭ᠎ᠠ ᠮᠥᠴᠢᠷ ᠦᠨ ᠬᠠᠷᠢᠭᠤᠴᠠᠯᠭᠠᠲᠠᠨ ᠰᠠᠭᠤᠳᠠᠯ ᠤᠨ ᠬᠤᠷᠠᠯ ᠳᠤ ᠣᠷᠤᠯᠴᠠᠪᠠ᠃
ᠰᠠᠭᠤᠳᠠᠯ ᠤᠨ ᠬᠤᠷᠠᠯ ᠳᠡᠭᠡᠷ᠎ᠡ᠂ ᠣᠲᠤᠭ ᠬᠣᠰᠢᠭᠤᠨ ᠤ ᠰᠢᠭᠦᠬᠦ ᠬᠣᠷᠢᠶᠠᠨ ᠤ ᠬᠣᠷᠢᠶᠠᠨ ᠳᠠᠷᠤᠭ᠎ᠠ ᠯᠢᠦ ᠶᠦᠩ ᠵᠢᠶᠦ᠋ᠨ ᠪᠠᠢᠴᠠᠭᠠᠬᠤ ᠳᠤᠭᠤᠢᠯᠠᠩ ᠳᠤ ᠣᠲᠤᠭ ᠬᠣᠰᠢᠭᠤᠨ ᠤ ᠰᠢᠭᠦᠬᠦ ᠬᠣᠷᠢᠶᠠᠨ ᠤ ᠠᠵᠢᠯ ᠤᠨ ᠪᠦᠲᠦᠮᠵᠢ ᠢ ᠰᠢᠯᠭᠠᠨ ᠪᠠᠢᠴᠠᠭᠠᠬᠤ ᠲᠤᠬᠠᠢ ᠨᠠᠷᠢᠯᠢᠭ ᠠᠷᠭ᠎ᠠ ᠬᠡᠮᠵᠢᠶ᠎ᠡ ᠶᠢ ᠲᠠᠨᠢᠯᠴᠠᠭᠤᠯᠪᠠ᠃ ᠬᠤᠳᠠ ᠶᠢᠨ ᠠᠷᠠᠳ ᠤᠨ ᠳᠤᠮᠳᠠ ᠵᠡᠷᠭᠡ ᠶᠢᠨ ᠰᠢᠭᠦᠬᠦ ᠬᠣᠷᠢᠶᠠᠨ ᠤ ᠤᠯᠤᠰ ᠲᠥᠷᠦ ᠶᠢᠨ ᠬᠡᠯᠲᠡᠰ ᠦᠨ ᠶᠡᠷᠦᠩᠬᠡᠢ ᠰᠠᠯᠠᠭᠠᠨ ᠤ ᠳᠠᠷᠤᠭ᠎ᠠ ᠲᠤᠶᠠᠭ᠎ᠠ ᠬᠤᠳᠠ ᠶᠢᠨ ᠳᠤᠮᠳᠠ ᠵᠡᠷᠭᠡ ᠶᠢᠨ ᠰᠢᠭᠦᠬᠦ ᠬᠣᠷᠢᠶᠠᠨ ᠤ ᠰᠣᠶᠤᠯ ᠤᠨ ᠪᠦᠲᠦᠭᠡᠨ ᠪᠠᠢᠭᠤᠯᠤᠯᠲᠠ ᠶᠢᠨ ᠲᠤᠬᠠᠢ ᠪᠣᠳᠠᠲᠠᠢ ᠠᠷᠭ᠎ᠠ ᠬᠡᠮᠵᠢᠶ᠎ᠡ ᠪᠠ ᠣᠯᠤᠭᠰᠠᠨ ᠠᠵᠢᠯᠲᠠ ᠵᠢ ᠲᠠᠨᠢᠯᠴᠠᠭᠤᠯᠪᠠ᠃
ᠲᠠᠨᠢᠯᠴᠠᠭᠤᠯᠤᠭ᠎ᠠ ᠶᠢ ᠰᠣᠨᠤᠰᠴᠤ ᠪᠠᠷᠠᠭᠰᠠᠨ ᠤ ᠳᠠᠷᠠᠭ᠎ᠠ᠂ ᠪᠠᠢᠴᠠᠭᠠᠨ ᠰᠤᠳᠤᠯᠬᠤ ᠳᠤᠭᠤᠢᠯᠠᠩ ᠣᠷᠳᠤᠰ ᠬᠤᠳᠠ ᠶᠢᠨ ᠰᠢᠭᠦᠬᠦ ᠬᠣᠷᠢᠶᠠᠨ ᠤ ᠮᠡᠳᠡᠭᠡ ᠵᠠᠩᠭᠢᠴᠢᠯᠠᠯᠲᠠ ᠶᠢᠨ ᠪᠦᠲᠦᠭᠡᠨ ᠪᠠᠢᠭᠤᠯᠤᠯᠲᠠ᠂᠂ ᠰᠣᠶᠤᠯ ᠤᠨ ᠪᠦᠲᠦᠭᠡᠨ ᠪᠠᠢᠭᠤᠯᠤᠯᠲᠠ ᠵᠢᠴᠢ ᠠᠵᠢᠯ ᠤᠨ ᠪᠦᠲᠦᠮᠵᠢ ᠶᠢᠨ ᠰᠢᠯᠭᠠᠬᠤ ᠲᠤᠬᠠᠢ ᠣᠯᠤᠭᠰᠠᠨ ᠠᠮᠵᠢᠯᠲᠠ ᠶᠢᠨ ᠳᠡᠭᠡᠳᠦ ᠬᠡᠮᠵᠢᠶᠡᠨ ᠦ ᠰᠠᠢᠰᠢᠶᠠᠯ ᠪᠠ ᠦᠨᠡᠯᠡᠯᠲᠡ ᠥᠭᠪᠡ᠃ ᠰᠸᠴᠤᠸᠠᠨ ᠤ ᠳᠡᠭᠡᠳᠦ ᠵᠡᠷᠭᠡ ᠶᠢᠨ ᠰᠢᠭᠦᠬᠦ ᠬᠣᠷᠢᠶᠠᠨ ᠤ ᠲᠣᠭᠤᠷᠢᠨ ᠪᠠᠢᠴᠠᠭᠠᠭᠴᠢ ᠵᠤᠤ ᠵᠢᠶᠠᠨ ᠾᠦᠩ᠄《 ᠣᠷᠳᠤᠰ ᠬᠤᠳᠠ ᠶᠢᠨ ᠰᠢᠭᠦᠬᠦ ᠬᠣᠷᠢᠶ᠎ᠠ ᠪᠣᠯ ᠨᠢᠭᠡᠨ ᠪᠠᠢᠯᠳᠤᠬᠤ ᠬᠦᠴᠦᠨ ᠴᠢᠩᠭ᠎ᠠ ᠠᠩᠭᠢ ᠪᠠᠢᠵᠤ᠂ ᠪᠦᠬᠦ ᠣᠷᠤᠨ ᠤ ᠰᠢᠭᠦᠬᠦ ᠬᠣᠷᠢᠶᠠᠨ ᠤ 1\10 ᠬᠦᠷᠬᠦ ᠰᠢᠭᠦᠭᠴᠢ ᠪᠡᠷ ᠪᠦᠬᠦ ᠣᠷᠤᠨ ᠤ 1\5 ᠣᠷᠴᠢᠮ ᠤᠨ ᠬᠡᠷᠡᠭ ᠢ ᠰᠢᠭᠦᠵᠦ ᠭᠦᠢᠴᠡᠳᠭᠡᠵᠦ ᠪᠠᠢᠨ᠎ᠠ᠃ ᠰᠢᠭᠦᠵᠦ ᠭᠦᠢᠴᠡᠳᠬᠡᠬᠦ ᠳᠠᠷᠤᠯᠲᠠ ᠡᠢᠮᠦ ᠶᠡᠬᠡ ᠪᠠᠢᠳᠠᠯ ᠳᠣᠣᠷ᠎ᠠ᠂ ᠮᠡᠳᠡᠭᠡ ᠵᠠᠩᠭᠢᠴᠢᠯᠠᠯᠲᠠ ᠶᠢᠨ ᠪᠦᠲᠦᠭᠡᠨ ᠪᠠᠢᠭᠤᠯᠤᠯᠲᠠ ᠪᠠ ᠰᠣᠶᠤᠯ ᠤᠨ ᠪᠦᠲᠦᠭᠡᠨ ᠪᠠᠢᠭᠤᠯᠤᠯᠲᠠ ᠶᠢᠨ ᠮᠠᠰᠢ ᠰᠠᠢᠨ ᠬᠢᠵᠦ᠂ ᠠᠭᠤᠯᠭ᠎ᠠ ᠪᠠᠶᠠᠯᠢᠭ᠂ ᠬᠡᠯᠪᠡᠷᠢ ᠤᠯᠠᠨ ᠪᠥᠭᠡᠳ ᠪᠦᠲᠦᠮᠵᠢ ᠳᠣᠪᠤᠢᠮ᠎ᠠ ᠪᠠᠢᠨ᠎ᠠ᠃ ᠡᠨᠡ ᠤᠳᠠᠭᠠᠨ ᠤ ᠰᠢᠯᠭᠠᠨ ᠪᠠᠢᠴᠠᠭᠠᠯᠲᠠ ᠣᠯᠤᠯᠲᠠ ᠮᠠᠰᠢ ᠶᠡᠬᠡ᠂ ᠣᠷᠳᠤᠰ ᠰᠢᠭᠦᠬᠦ ᠬᠣᠷᠢᠶ᠎ᠠ ᠮᠠᠰᠢ ᠤᠯᠠᠨ ᠲᠤᠷᠰᠢᠯᠭ᠎ᠠ ᠠᠷᠭ᠎ᠠ ᠬᠡᠮᠵᠢᠶ᠎ᠡ ᠨᠢ ᠪᠢᠳᠡᠨ ᠰᠤᠷᠤᠯᠴᠠᠬᠤ ᠪᠠ ᠳᠠᠭᠤᠷᠢᠶᠠᠬᠤ ᠴᠢᠬᠤᠯᠠ ᠲᠠᠢ᠂ ᠣᠨᠴᠠᠭᠠᠢᠯᠠᠨ ᠰᠢᠭᠦᠬᠦ ᠬᠣᠷᠢᠶᠠᠨ ᠤ ᠠᠵᠢᠯ ᠤᠨ ᠭᠣᠣᠯᠳᠠᠯᠭ᠎ᠠ ᠪᠣᠯᠬᠤ ᠰᠢᠯᠭᠠᠬᠤ ᠳᠦᠷᠢᠮ ᠨᠢᠭᠡᠨᠲᠡ ᠨᠠᠷᠢᠯᠢᠭ ᠬᠤᠪᠢᠶᠠᠷᠢᠯᠠᠯ ᠤᠨ ᠬᠡᠮᠵᠢᠶᠡᠨ ᠳᠦ ᠬᠦᠷᠪᠡ᠃》 ᠵᠤᠤ ᠵᠢᠶᠠᠨ ᠾᠦᠩ ᠢᠯᠡᠳᠭᠡᠭᠰᠡᠨ ᠨᠢ᠂ ᠳᠠᠷᠠᠭᠠᠴᠢ ᠶᠢᠨ ᠠᠯᠬᠤᠮ ᠰᠸᠴᠤᠸᠠᠨ ᠤ ᠨᠡᠩ ᠤᠯᠠᠨ ᠭᠠᠵᠠᠷ ᠣᠷᠤᠨ ᠤ ᠰᠢᠭᠦᠬᠦ ᠬᠣᠷᠢᠶ᠎ᠠ ᠪᠠᠷ ᠣᠷᠳᠤᠰ ᠰᠢᠭᠦᠬᠦ ᠬᠣᠷᠢᠶᠠᠨ ᠤ ᠣᠴᠢᠭᠤᠯᠵᠤ ᠰᠤᠷᠤᠯᠴᠠᠭᠤᠯᠤᠨ ᠪᠠᠢᠴᠠᠭᠠᠨ ᠰᠤᠳᠤᠯᠤᠨ᠎ᠠ᠃
ᠦᠨᠡᠯᠡᠬᠦ 0ᠦᠨᠡᠯᠡᠯᠲᠡ᠎ᠲᠠᠢ