4 ᠰᠠᠷᠠᠢᠨ 25 ᠤ ᠡᠳᠦᠷ ᠦᠨ ᠦᠳᠡ ᠶᠢᠨ ᠡᠮᠦᠨ᠎ᠡ᠂ ᠣᠷᠳᠤᠰ ᠬᠤᠳᠠ ᠶᠢᠨ ᠬᠤᠶᠠᠷ ᠱᠠᠳᠤᠨ ᠤ ᠰᠢᠭᠦᠬᠦ ᠬᠣᠷᠢᠶᠠᠨ ᠤ《ᠵᠤᠨ ᠤ ᠤᠯᠠᠷᠢᠯ ᠤᠨ ᠲᠣᠭᠰᠢᠨ ᠰᠠᠯᠬᠢ》 ᠲᠤᠰᠭᠠᠢ ᠠᠵᠢᠯᠯᠠᠭᠠᠨ ᠵᠢᠩᠬᠢᠨᠢ ᠪᠠᠷ ᠡᠬᠢᠯᠡᠵᠦ᠂《 ᠯᠤᠢᠪᠠᠷᠳᠠᠭᠴᠢ》 ᠳᠤ ᠴᠣᠬᠢᠯᠲᠠ ᠥᠭᠬᠦ︽ ᠪᠣᠭᠤᠯᠲᠠ ᠰᠢᠪᠲᠤᠯᠬᠤ ᠪᠠᠢᠯᠳᠤᠭᠠᠨ︾ ᠢ ᠡᠬᠢᠯᠡᠭᠦᠯᠪᠡ᠃ ᠬᠤᠳᠠ ᠶᠢᠨ ᠠᠷᠠᠳ ᠤᠨ ᠳᠤᠮᠳᠠ ᠵᠡᠷᠭᠡ ᠶᠢᠨ ᠰᠢᠭᠦᠬᠦ ᠬᠣᠷᠢᠶᠠᠨ ᠤ ᠤᠳᠤᠷᠢᠳᠬᠤ ᠪᠠᠭ᠂ ᠵᠢᠩᠬᠢᠨᠢ ᠭᠠᠵᠠᠷ ᠤᠨ ᠳᠡᠰ ᠦᠨ ᠰᠢᠭᠦᠨ ᠲᠠᠰᠤᠯᠤᠭᠴᠢ᠂ ᠠᠯᠪᠠᠨ ᠭᠡᠷ᠂ ᠬᠠᠤᠯᠢ ᠶᠢᠨ ᠴᠠᠭᠳᠠᠭᠠᠨ ᠤ ᠠᠩᠭᠢ᠂ ᠭᠦᠢᠴᠡᠳᠬᠡᠬᠦ ᠲᠣᠪᠴᠢᠶ᠎ᠠ᠂ ᠬᠣᠶᠠᠳᠤᠭᠠᠷ ᠭᠦᠢᠴᠡᠳᠬᠡᠬᠦ ᠲᠣᠪᠴᠢᠶ᠎ᠠ᠂ ᠭᠤᠷᠪᠠᠳᠤᠭᠠᠷ ᠭᠦᠢᠴᠡᠳᠬᠡᠬᠦ ᠲᠣᠪᠴᠢᠶ᠎ᠠ᠂ ᠳᠥᠷᠪᠡᠳᠦᠭᠡᠷ ᠭᠦᠢᠴᠡᠳᠬᠡᠬᠦ ᠲᠣᠪᠴᠢᠶ᠎ᠠ ᠶᠢᠨ ᠭᠣᠣᠯ ᠬᠠᠷᠢᠭᠤᠴᠠᠯᠭᠠᠲᠠᠨ《 ᠵᠤᠨ ᠤ ᠤᠯᠠᠷᠢᠯ ᠤᠨ ᠲᠣᠭᠰᠢᠨ ᠰᠠᠯᠬᠢ》 ᠶᠢᠨ ᠡᠬᠢᠯᠡᠬᠦ ᠶᠣᠰᠣᠯᠠᠯ ᠳᠤ ᠣᠷᠤᠯᠴᠠᠪᠠ᠃
ᠡᠬᠢᠯᠡᠬᠦ ᠶᠣᠰᠣᠯᠠᠯ ᠳᠡᠭᠡᠷ᠎ᠡ᠂ ᠬᠣᠲᠠ ᠶᠢᠨ ᠠᠷᠠᠳ ᠤᠨ ᠳᠤᠮᠳᠠ ᠵᠡᠷᠭᠡ ᠶᠢᠨ ᠭᠦᠢᠴᠡᠳᠬᠡᠬᠦ ᠲᠣᠪᠴᠢᠶᠠᠨ ᠤ ᠲᠣᠪᠴᠢᠶᠠᠨ ᠳᠠᠷᠤᠭ᠎ᠠ ᠵᠠᠩ ᠶᠤᠸᠠᠢ ᠹᠸᠩ ᠪᠦᠬᠦ ᠬᠤᠳᠠ ᠶᠢᠨ ᠰᠢᠭᠦᠬᠦ ᠬᠣᠷᠢᠶᠠᠨ ᠤ《 ᠵᠤᠨ ᠤ ᠤᠯᠠᠷᠢᠯ ᠤᠨ ᠲᠣᠭᠰᠢᠨ ᠰᠠᠯᠬᠢ》 ᠲᠤᠰᠭᠠᠢ ᠠᠵᠢᠯᠯᠠᠭᠠᠨ ᠤ ᠶᠠᠪᠤᠭᠳᠠᠭᠤᠯᠬᠤ ᠲᠥᠰᠦᠯ ᠢ ᠤᠩᠰᠢᠪᠠ᠃ ᠲᠤᠰ ᠤᠳᠠᠭᠠᠨ ᠤ ᠲᠤᠰᠭᠠᠢ ᠭᠦᠢᠴᠡᠳᠬᠡᠬᠦ ᠠᠵᠢᠯᠯᠠᠭ᠎ᠠ 4 ᠰᠠᠷᠠᠢᠨ 25 ᠤ ᠡᠳᠦᠷ ᠡᠴᠡ ᠦᠷᠭᠦᠯᠵᠢᠯᠡᠨ 5 ᠰᠠᠷᠠᠢᠨ 25 ᠤ ᠡᠳᠦᠷ ᠪᠣᠯᠲᠠᠯ᠎ᠠ ᠨᠢᠭᠡ ᠰᠠᠷ᠎ᠠ ᠶᠢᠨ ᠬᠤᠭᠤᠴᠠᠭ᠎ᠠ᠂ ᠭᠦᠢᠴᠡᠳᠭᠡᠭᠳᠡᠭᠴᠢ ᠭᠦᠢᠴᠡᠳᠬᠡᠬᠦ ᠡᠴᠡ ᠵᠠᠢᠯᠠᠬᠤ᠂ ᠰᠢᠭᠦᠬᠦ ᠬᠣᠷᠢᠶᠠᠨ ᠤ ᠭᠦᠢᠴᠡᠳᠭᠡᠭᠴᠢ ᠭᠦᠢᠴᠡᠳᠬᠡᠬᠦ ᠶᠢ ᠬᠣᠢᠰᠢᠯᠠᠭᠤᠯᠬᠤ ᠵᠡᠷᠭᠡ ᠪᠠᠢᠳᠠᠯ ᠳᠤ ᠬᠠᠨᠳᠤᠭᠤᠯᠵᠤ᠂ ᠬᠤᠶᠠᠷ ᠱᠠᠳᠤᠨ ᠤ ᠰᠢᠭᠦᠬᠦ ᠬᠣᠷᠢᠶᠠᠨ ᠤ ᠭᠦᠢᠴᠡᠳᠬᠡᠬᠦ ᠠᠵᠢᠯ ᠢ ᠪᠦᠬᠦ ᠲᠤ ᠲᠠᠯ᠎ᠠ ᠪᠠᠷ ᠴᠢᠩᠭᠠᠳᠭᠠᠨ᠎ᠠ᠃
ᠡᠬᠢᠯᠡᠬᠦ ᠶᠣᠰᠣᠯᠠᠯ ᠳᠡᠭᠡᠷ᠎ᠡ᠂ ᠬᠣᠲᠠ ᠶᠢᠨ ᠠᠷᠠᠳ ᠤᠨ ᠳᠤᠮᠳᠠ ᠵᠡᠷᠭᠡ ᠶᠢᠨ ᠰᠢᠭᠦᠬᠦ ᠬᠣᠷᠢᠶᠠᠨ ᠤ ᠹᠠᠨ ᠶᠢᠦ ᠹᠠ ᠳᠡᠳ᠋ ᠬᠣᠷᠢᠶᠠᠨ ᠳᠠᠷᠤᠭ᠎ᠠ ᠳᠠᠢᠴᠢᠯᠠᠯᠲᠠ ᠶᠢᠨ ᠶᠠᠷᠢᠶ᠎ᠠ ᠲᠠᠯᠪᠢᠵᠤ᠂ ᠬᠤᠷᠠᠯ ᠳᠤ ᠣᠷᠤᠯᠴᠠᠭᠰᠠᠨ ᠬᠠᠮᠢᠶ᠎ᠠ ᠪᠦᠬᠦᠢ ᠤᠳᠤᠷᠢᠳᠤᠯᠭ᠎ᠠ ᠲᠠᠢ ᠭᠦᠢᠴᠡᠳᠬᠡᠬᠦ ᠶᠢ ᠵᠢᠯᠤᠭᠤᠳᠬᠤ ᠲᠥᠪᠯᠡᠷᠡᠭᠦᠯᠦᠨ ᠳᠦ ᠬᠤᠳᠠ ᠶᠢᠨ ᠠᠷᠠᠳ ᠤᠨ ᠳᠤᠮᠳᠠ ᠵᠡᠷᠭᠡ ᠶᠢᠨ ᠰᠢᠭᠦᠬᠦ ᠬᠣᠷᠢᠶ᠎ᠠ ᠵᠢᠴᠢ ᠡᠯ᠎ᠡ ᠬᠣᠰᠢᠭᠤ ᠲᠣᠭᠤᠷᠢᠭ ᠤᠨ ᠠᠵᠢᠯᠯᠠᠭᠠᠨ ᠤ ᠪᠡᠯᠡᠳᠭᠡᠯ ᠪᠠᠢᠳᠠᠯ ᠢ ᠪᠠᠢᠴᠠᠭᠠᠪᠠ᠃
ᠳᠠᠷᠠᠭ᠎ᠠ ᠪᠠᠷ᠂ᠬᠤᠳᠠ ᠶᠢᠨ ᠠᠷᠠᠳ ᠤᠨ ᠳᠤᠮᠳᠠ ᠵᠡᠷᠭᠡ ᠶᠢᠨ ᠰᠢᠭᠦᠬᠦ ᠬᠣᠷᠢᠶᠠᠨ ᠤ ᠯᠢ ᠾᠦᠩ ᠶᠠᠨ ᠬᠣᠷᠢᠶᠠᠨ ᠳᠠᠷᠤᠭ᠎ᠠ ᠣᠷᠳᠤᠰ ᠬᠤᠳᠠ ᠶᠢᠨ ᠬᠤᠶᠠᠷ ᠱᠠᠳᠤᠨ ᠤ ᠰᠢᠭᠦᠬᠦ ᠬᠣᠷᠢᠶᠠᠨ ᠤ《 ᠵᠤᠨ ᠤ ᠤᠯᠠᠷᠢᠯ ᠤᠨ ᠲᠣᠭᠰᠢᠨ ᠰᠠᠯᠬᠢ》 ᠲᠤᠰᠭᠠᠢ ᠭᠦᠢᠴᠡᠳᠬᠡᠬᠦ ᠠᠵᠢᠯᠯᠠᠭ᠎ᠠ ᠵᠢᠩᠬᠢᠨᠢ ᠪᠠᠷ ᠡᠬᠢᠯᠡᠭᠰᠡᠨ ᠢ ᠨᠡᠢᠲᠡᠯᠡᠵᠦ᠂ᠬᠤᠳᠠ ᠶᠢᠨ ᠠᠷᠠᠳ ᠤᠨ ᠳᠤᠮᠳᠠ ᠵᠡᠷᠭᠡ ᠶᠢᠨ ᠰᠢᠭᠦᠬᠦ ᠬᠣᠷᠢᠶᠠᠨ ᠤ ᠭᠦᠢᠴᠡᠳᠬᠡᠬᠦ ᠬᠡᠯᠲᠡᠰ ᠦᠨ ᠡᠯ᠎ᠡ ᠠᠵᠢᠯᠯᠠᠭᠠᠨ ᠤ ᠪᠠᠭ᠎ᠠ ᠳᠤᠭᠤᠢᠯᠠᠩ ᠪᠠ ᠡᠯ᠎ᠡ ᠬᠣᠰᠢᠭᠤ ᠲᠣᠭᠤᠷᠢᠭ ᠤᠨ ᠰᠢᠭᠦᠬᠦ ᠬᠣᠷᠢᠶᠠᠨ ᠤ ᠭᠦᠢᠴᠡᠳᠬᠡᠬᠦ ᠳᠤᠭᠤᠢᠯᠠᠩ ᠤᠯᠠᠨ ᠵᠠᠮ ᠬᠤᠪᠢᠶᠠᠨ᠂ ᠲᠦᠷᠭᠡᠨ ᠬᠥᠳᠡᠯᠵᠦ᠂《 ᠵᠤᠨ ᠤ ᠤᠯᠠᠷᠢᠯ ᠤᠨ ᠲᠣᠭᠰᠢᠨ ᠰᠠᠯᠬᠢ》 ᠡᠬᠢᠯᠡᠪᠡ᠃
ᠦᠨᠡᠯᠡᠬᠦ 0ᠦᠨᠡᠯᠡᠯᠲᠡ ᠲᠠᠢ