4 ᠰᠠᠷᠠᠢᠨ 22 ᠦ ᠡᠳᠦᠷ᠂ ᠪᠦᠬᠦ ᠤᠯᠤᠰ ᠤᠨ ᠬᠣᠲᠠ ᠬᠥᠳᠡᠭᠡ ᠶᠢᠨ ᠡᠮᠡᠭᠲᠡᠢᠴᠦᠳ ᠦᠨ ᠠᠵᠢᠯ ᠤᠨ ᠪᠠᠢᠷᠢ ᠳᠤ ᠭᠠᠪᠢᠶ᠎ᠠ ᠪᠠᠢᠭᠤᠯᠤᠭᠰᠠᠨ ᠲᠡᠷᠢᠭᠦᠨ ᠦ ᠬᠠᠮᠲᠤ ᠨᠢᠭᠡᠴᠡ︵ ᠬᠤᠪᠢ ᠬᠥᠮᠦᠨ︶ ᠶᠢᠨ ᠬᠥᠬᠢᠭᠦᠯᠬᠦ ᠶᠡᠬᠡ ᠬᠤᠷᠠᠯ ᠪᠡᠭᠡᠵᠢᠩ ᠳᠦ ᠶᠠᠪᠤᠭᠳᠠᠵᠤ᠂ ᠣᠷᠳᠤᠰ ᠬᠣᠲᠠ ᠶᠢᠨ ᠠᠷᠠᠳ ᠤᠨ ᠳᠤᠮᠳᠠ ᠵᠡᠷᠭᠡ ᠶᠢᠨ ᠰᠢᠭᠦᠬᠦ ᠬᠣᠷᠢᠶᠠᠨ ᠤ《ᠰᠢᠭᠦᠭᠴᠢ ᠡᠵᠢ》ᠤᠬᠠᠭᠤᠯᠤᠨ ᠰᠣᠷᠲᠠᠯᠴᠠᠬᠤ ᠪᠦᠯᠬᠦᠮ《ᠪᠦᠬᠦ ᠤᠯᠤᠰ ᠤᠨ ᠡᠮᠡᠭᠲᠡᠢ ᠭᠠᠪᠢᠶ᠎ᠠ ᠪᠠᠢᠭᠤᠯᠤᠭᠰᠠᠨ ᠲᠡᠷᠢᠭᠦᠨ ᠦ ᠬᠠᠮᠲᠤ ᠨᠢᠭᠡᠴᠡ》ᠢᠷᠡᠭᠤ ᠠᠯᠳᠠᠷ ᠬᠦᠷᠲᠡᠪᠡ᠃《ᠰᠢᠭᠦᠭᠴᠢ ᠡᠵᠢ》 ᠤᠬᠠᠭᠤᠯᠤᠨ ᠰᠣᠷᠲᠠᠯᠴᠠᠬᠤ ᠪᠦᠯᠬᠦᠮ 2014 ᠣᠨ ᠳᠤ ᠪᠠᠢᠭᠤᠯᠤᠭᠳᠠᠵᠤ᠂ 2016 ᠣᠨ ᠤ ᠰᠡᠭᠦᠯᠴᠢ ᠪᠣᠯᠲᠠᠯ᠎ᠠ ᠨᠢᠭᠡᠨᠲᠡ 50 ᠭᠡᠰᠢᠭᠦᠨ ᠲᠠᠢ ᠪᠣᠯᠵᠤ᠂ ᠪᠦᠭᠦᠳᠡ ᠡᠮᠡᠭᠲᠡᠢ ᠺᠠᠲᠠᠷ ᠴᠠᠭᠳᠠᠭ᠎ᠠ ᠪᠠᠢᠵᠤ᠂ ᠲᠡᠳᠡᠨᠠᠷ ᠥᠪᠡᠷ ᠦᠨ ᠣᠷᠭᠢᠯᠤᠮ᠎ᠠ ᠬᠠᠯᠠᠭᠤᠨ ᠰᠡᠳᠭᠢᠯ ᠢᠶᠡᠷ ᠡᠷᠬᠡ ᠲᠡᠭᠰᠢ ᠲᠥᠪ ᠭᠣᠣᠯᠴᠢ ᠶᠢ ᠬᠠᠮᠠᠭᠠᠯᠠᠵᠤ᠂ ᠠᠷᠠᠳ ᠤᠨ ᠲᠥᠯᠦᠭᠡ ᠬᠠᠤᠯᠢ ᠪᠠᠢᠬᠤ ᠵᠢ ᠶᠠᠪᠤᠭᠳᠠᠭᠤᠯᠵᠤ ᠪᠠᠢᠨ᠎ᠠ᠃ ᠡᠶᠡᠯᠳᠡᠭ ᠲᠣᠳᠤᠨᠤ ᠪᠠᠷ ᠡᠮᠡᠭᠲᠡᠢ ᠬᠡᠤᠬᠡᠳ ᠢ ᠬᠠᠮᠠᠭᠠᠯᠠᠵᠤ᠂ ᠬᠠᠷᠠᠮᠴᠢ ᠦᠭᠡᠢ ᠬᠠᠢᠷ᠎ᠠ ᠵᠢ ᠳᠠᠮᠵᠢᠭᠤᠯᠵᠤ ᠪᠠᠢᠨ᠎ᠠ᠃《ᠰᠢᠭᠦᠭᠴᠢ ᠡᠵᠢ》᠂ ᠲᠡᠭᠷᠢᠯᠢᠭ ᠠᠷᠢᠭᠤᠨ ᠣᠷᠤᠨ ᠳᠤ ᠳᠡᠯᠭᠡᠷᠡᠵᠦ ᠪᠠᠢᠭ᠎ᠠ ᠬᠠᠮᠤᠭ ᠰᠠᠢᠬᠠᠨ《 ᠰᠢᠭᠦᠬᠦ ᠬᠣᠷᠢᠶᠠᠨ ᠤ ᠴᠡᠴᠡᠭ》 ᠮᠥᠨ᠃
《ᠰᠢᠭᠦᠭᠴᠢ ᠡᠵᠢ》 ᠪᠣᠯ ᠡᠮᠡᠭᠲᠡᠢᠴᠦᠳ ᠦᠨ ᠠᠰᠢᠭ ᠲᠤᠰᠠ ᠶᠢᠨ ᠪᠠᠲᠤ ᠬᠠᠮᠠᠭᠠᠯᠠᠭᠴᠢ ᠮᠥᠨ᠃《ᠰᠢᠭᠦᠭᠴᠢ ᠡᠵᠢ》 ᠤᠬᠠᠭᠤᠯᠤᠨ ᠰᠤᠷᠲᠠᠯᠴᠠᠬᠤ ᠪᠦᠯᠬᠦᠮ ᠡᠮᠡᠭᠲᠡᠢᠴᠦᠳ ᠦᠨ ᠪᠠᠶᠠᠷ᠂ ᠡᠬᠡᠴᠦᠦᠯ ᠦᠨ ᠪᠠᠶᠠᠷ ᠵᠡᠷᠭᠡ ᠠᠮᠠᠷᠠᠯᠲᠠ ᠶᠢᠨ ᠡᠳᠦᠷ ᠢ ᠠᠰᠢᠭᠯᠠᠵᠤ ᠮᠠᠨ ᠤ ᠬᠣᠲᠠ ᠶᠢᠨ ᠡᠯ᠎ᠡ ᠶᠡᠬᠡ ᠲᠠᠯᠠᠪᠤᠷ᠂ ᠬᠤᠳᠠᠯᠳᠤᠭᠠᠨ ᠤ ᠲᠠᠯᠠᠪᠠᠢ ᠳᠤ ᠬᠦᠷᠴᠦ ᠲᠥᠪᠯᠡᠷᠡᠭᠦᠯᠦᠨ ᠬᠠᠤᠯᠢ ᠤᠬᠠᠭᠤᠯᠵᠤ᠂ ᠤᠬᠠᠭᠤᠯᠭ᠎ᠠ ᠶᠢᠨ ᠬᠠᠭᠤᠳᠠᠰᠤ ᠲᠠᠷᠬᠠᠭᠠᠬᠤ᠂ ᠲᠤᠬᠠᠢ ᠶᠢᠨ ᠲᠠᠯᠠᠪᠠᠢ ᠳᠤ ᠮᠠᠳᠠᠭ ᠲᠠᠢ ᠠᠰᠠᠭᠤᠯᠲᠠ ᠶᠢ ᠬᠠᠷᠢᠭᠤᠯᠬᠤ᠂ ᠠᠬᠤᠢ ᠣᠷᠴᠢᠨ ᠤ ᠵᠢᠵᠢᠭ᠌ ᠵᠦᠴᠦᠭᠡ ᠲᠣᠭᠯᠠᠬᠤ ᠵᠡᠷᠭᠡ ᠠᠷᠭ᠎ᠠ ᠬᠡᠮᠵᠢᠶ᠎ᠡ ᠪᠡᠷ ᠳᠠᠮᠵᠢᠵᠤ ᠥᠷᠭᠡᠨ ᠤᠯᠠᠨ ᠡᠮᠡᠭᠲᠡᠢᠴᠦᠳ ᠲᠦ ᠬᠠᠤᠯᠢ ᠴᠠᠭᠠᠵᠠ ᠶᠢᠨ ᠮᠡᠳᠡᠯᠭᠡ ᠶᠢ ᠤᠬᠠᠭᠤᠯᠵᠤ᠂ ᠡᠮᠡᠭᠲᠡᠢᠴᠦᠳ ᠦᠨ ᠡᠷᠬᠡ ᠪᠡᠨ ᠬᠠᠮᠠᠭᠠᠯᠠᠬᠤ ᠤᠬᠠᠮᠰᠠᠷ ᠪᠣᠯᠤᠨ ᠡᠷᠬᠡ ᠪᠡᠨ ᠬᠠᠮᠠᠭᠠᠯᠠᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃ ᠰᠢᠯᠵᠢᠮᠡᠯ ᠰᠢᠭᠦᠯᠲᠡ ᠶᠢᠨ ᠲᠡᠷᠭᠡ᠂ ᠬᠥᠳᠡᠭᠡ ᠪᠠᠭᠤᠨ ᠬᠡᠷᠡᠭ ᠰᠢᠢᠳᠪᠦᠷᠢᠯᠡᠬᠦ᠂ ᠨᠢᠭᠡ ᠨᠢᠭᠡ ᠪᠡᠷ ᠬᠠᠪᠰᠤᠷᠬᠤ ᠵᠡᠷᠭᠡ ᠬᠥᠳᠡᠯᠭᠡᠭᠡᠨ ᠢᠶᠡᠷ ᠳᠠᠮᠵᠢᠵᠤ᠂ ᠬᠥᠳᠡᠭᠡ ᠲᠣᠰᠭᠤᠨ ᠮᠠᠯᠵᠢᠬᠤ ᠣᠷᠤᠨ᠂ ᠲᠠᠷᠢᠶᠠᠨ ᠭᠠᠵᠠᠷ ᠲᠤ ᠭᠦᠨᠵᠡᠭᠡᠢᠷᠡᠨ᠂ ᠬᠠᠤᠯᠢ ᠴᠠᠭᠠᠵᠠ ᠶᠢᠨ ᠮᠡᠳᠡᠯᠭᠡ ᠶᠢ ᠭᠡᠷ ᠪᠣᠯᠭᠠᠨ ᠳᠤ ᠬᠦᠷᠭᠡᠪᠡ᠃
《ᠰᠢᠭᠦᠭᠴᠢ ᠡᠵᠢ》 ᠪᠣᠯ ᠵᠠᠯᠠᠭᠤ ᠪᠠᠭᠠᠴᠤᠳ ᠡᠷᠡᠭᠦᠯ ᠢᠶᠡᠷ ᠪᠣᠢᠵᠢᠬᠤ ᠶᠢᠨ ᠬᠠᠤᠯᠢ ᠴᠠᠭᠠᠵᠠ ᠶᠢᠨ ᠬᠠᠮᠠᠭᠠᠯᠠᠭᠴᠢ ᠮᠥᠨ᠃《ᠰᠢᠭᠦᠭᠴᠢ ᠡᠵᠢ》 ᠤᠬᠠᠭᠤᠯᠤᠨ ᠰᠤᠷᠲᠠᠯᠴᠠᠬᠤ ᠪᠦᠯᠬᠦᠮ ᠪᠠᠢᠭᠤᠯᠤᠭᠳᠠᠭᠰᠠᠨ ᠠᠴᠠ ᠨᠠᠰᠢ᠂ ᠤᠷᠢᠳ ᠬᠣᠵᠢᠳ 50 ᠨᠡᠷᠡᠰ ᠡᠮᠡᠭᠲᠡᠢ ᠰᠢᠭᠦᠭᠴᠢ ᠶᠢ ᠲᠣᠮᠢᠯᠠᠨ ᠳ᠋ᠦᠩᠱᠸᠩ ᠂ ᠬᠢᠶᠠᠨ ᠪᠠᠭᠰᠢ ᠵᠡᠷᠭᠡ ᠭᠠᠵᠠᠷ ᠤᠨ ᠤᠯᠠᠨ ᠰᠤᠷᠭᠠᠭᠤᠯᠢ ᠳᠤ ᠭᠦᠨᠵᠡᠭᠡᠢᠷᠡᠨ ᠬᠠᠤᠯᠢ ᠳᠦᠷᠢᠮ ᠦᠨ ᠤᠬᠠᠭᠤᠯᠭ᠎ᠠ ᠬᠢᠪᠡ᠃ 2015 ᠣᠨ ᠤ ᠰᠡᠭᠦᠯᠴᠢ᠂ ᠳ᠋ᠦᠩᠱᠸᠩ ᠲᠣᠭᠤᠷᠢᠭ ᠤᠨ ᠰᠤᠷᠭᠠᠨ ᠬᠥᠮᠦᠵᠢᠯ ᠦᠨ ᠲᠣᠪᠴᠢᠶ᠎ᠠ ᠲᠠᠢ ᠬᠣᠯᠪᠤᠭᠠᠯᠠᠨ《 ᠬᠠᠷᠢᠯᠴᠠᠭ᠎ᠠ ᠬᠢᠵᠠᠭᠠᠷ ᠦᠭᠡᠢ᠂ ᠰᠡᠳᠭᠢᠯ ᠨᠢᠭᠡᠲᠠᠢ ᠬᠥᠭᠦᠷᠭᠡ ᠪᠠᠢᠭᠤᠯᠬᠤ》 ᠳ᠋ᠦᠩᠱᠧᠩ ᠲᠣᠭᠤᠷᠢᠭ ᠤᠨ ᠰᠤᠷᠭᠠᠨ ᠬᠥᠮᠦᠵᠢᠯ ᠦᠨ ᠬᠥᠳᠡᠯᠭᠡᠭᠡᠨ ᠢ ᠥᠷᠨᠢᠭᠦᠯᠵᠦ᠂ ᠮᠠᠨ ᠤ ᠬᠣᠷᠢᠶᠠᠨ ᠤ 4 ᠨᠡᠷᠡᠰ ᠡᠮᠡᠭᠲᠡᠢ ᠰᠢᠭᠦᠭᠴᠢ ᠬᠠᠤᠯᠢ ᠳᠦᠷᠢᠮ ᠦᠨ ᠳᠡᠳ᠋ ᠵᠠᠬᠢᠷᠤᠯ ᠢᠶᠠᠷ ᠤᠷᠢᠭᠳᠠᠪᠠ᠃《ᠰᠢᠭᠦᠭᠴᠢ ᠡᠵᠢ》 ᠨᠠᠷ ᠰᠤᠷᠭᠠᠭᠤᠯᠢ ᠶᠢᠨ ᠬᠦᠷᠢᠶ᠎ᠡ᠂ ᠬᠢᠴᠢᠶᠡᠯ ᠦᠨ ᠭᠡᠷ ᠲᠦ ᠣᠷᠤᠵᠤ ᠬᠠᠤᠯᠢ ᠴᠠᠭᠠᠵᠠ ᠶᠢᠨ ᠮᠡᠳᠡᠯᠭᠡ ᠤᠬᠠᠭᠤᠯᠬᠤ ᠪᠠᠷ ᠪᠠᠷᠠᠬᠤ ᠦᠭᠡᠢ᠂ ᠪᠠᠰᠠ ᠤᠯᠠᠨ ᠰᠤᠷᠭᠠᠭᠤᠯᠢ ᠶᠢᠨ ᠰᠤᠷᠤᠭᠴᠢᠳ ᠢ ᠵᠠᠯᠠᠵᠤ ᠰᠢᠭᠦᠯᠲᠡ ᠳᠤ ᠬᠠᠵᠠᠭᠤ ᠡᠴᠡ ᠰᠣᠨᠤᠰᠤᠭᠤᠯᠬᠤ᠂ ᠳᠠᠭᠤᠷᠢᠶᠠᠮᠠᠯ ᠰᠢᠭᠦᠬᠦ ᠲᠢᠩᠬᠢᠮ ᠳᠦ ᠣᠷᠤᠯᠴᠠᠭᠤᠯᠵᠤ᠂ ᠰᠤᠷᠤᠭᠴᠢᠳ ᠥᠪᠡᠷ ᠦᠨ ᠪᠡᠶ᠎ᠡ ᠪᠡᠷ ᠢᠶᠡᠨ ᠬᠠᠵᠠᠭᠤ ᠠᠴᠠ ᠰᠣᠨᠤᠰᠴᠤ᠂ ᠥᠪᠡᠷ ᠦᠨ ᠪᠡᠶ᠎ᠡ ᠪᠡᠷ ᠢᠶᠡᠨ ᠰᠢᠭᠦᠬᠦ ᠲᠢᠩᠬᠢᠮ ᠳᠤ ᠣᠷᠤᠯᠴᠠᠵᠤ᠂ ᠪᠡᠶ᠎ᠡ ᠪᠡᠷ ᠢᠶᠡᠨ ᠣᠷᠤᠯᠴᠠᠬᠤ ᠪᠠ ᠰᠢᠭᠦᠯᠲᠡ ᠶᠢ ᠣᠢᠯᠭᠠᠬᠤ ᠪᠠᠷ ᠰᠤᠷᠤᠭᠴᠢᠳ ᠤᠨ ᠤᠯᠤᠰ ᠲᠥᠷᠦ ᠶᠢᠨ ᠣᠢᠯᠭᠠᠯᠲᠠ ᠪᠠ ᠬᠠᠤᠯᠢ ᠴᠠᠭᠠᠵᠠ ᠶᠢᠨ ᠢᠲᠡᠭᠡᠯ ᠪᠢᠰᠢᠷᠡᠯ ᠢ ᠳᠡᠭᠡᠭᠰᠢᠯᠡᠭᠦᠯᠵᠦ᠂ ᠡᠭᠦᠨ ᠦ ᠬᠠᠮᠲᠤ ᠪᠠᠰᠠ ᠥᠷᠭᠡᠨ ᠤᠯᠠᠨ ᠰᠤᠷᠤᠭᠴᠢ ᠶᠢᠨ ᠬᠠᠤᠯᠢ ᠴᠠᠭᠠᠵᠠ ᠶᠢᠨ ᠤᠬᠠᠮᠰᠠᠷ ᠪᠠ ᠥᠪᠡᠷ ᠦᠨ ᠪᠡᠶ᠎ᠡ ᠪᠡᠨ ᠬᠠᠮᠠᠭᠠᠯᠠᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃
《ᠰᠢᠭᠦᠭᠴᠢ ᠡᠵᠢ》᠂ ᠲᠡᠳᠡᠨ ᠦ ᠲᠤᠰᠪᠤᠷᠢ ᠶᠢᠨ ᠡᠬᠡᠯ ᠵᠢᠷ ᠦᠨ ᠠᠵᠢᠯ ᠤᠨ ᠪᠠᠢᠷᠢ ᠳᠡᠭᠡᠷ᠎ᠡ᠂ ᠴᠢᠩ ᠦᠨᠡᠨᠴᠢ ᠪᠡᠷ ᠬᠠᠤᠯᠢ ᠴᠠᠭᠠᠵᠠ ᠶᠢᠨ ᠡᠭᠦᠷᠭᠡ ᠲᠤᠰᠢᠶᠠᠯ ᠢᠶᠠᠨ ᠭᠦᠢᠴᠡᠳᠭᠡᠵᠦ᠂ ᠣᠷᠭᠢᠯᠤᠮ᠎ᠠ ᠬᠠᠯᠠᠭᠤᠨ ᠰᠡᠳᠭᠢᠯ ᠪᠠ ᠬᠦᠴᠦ ᠬᠥᠳᠡᠯᠮᠦᠷᠢ ᠪᠡᠷ ᠡᠷᠬᠡ ᠲᠡᠭᠰᠢ ᠲᠥᠪᠯᠡᠷᠡᠭᠦᠯᠦᠨ ᠭᠣᠣᠯᠴᠢ ᠶᠢ ᠬᠠᠮᠠᠭᠠᠯᠠᠵᠤ᠂ ᠪᠦᠬᠦ ᠬᠠᠢᠷ᠎ᠠ ᠰᠡᠳᠭᠢᠯᠭᠡ ᠪᠠ ᠪᠦᠬᠦ ᠦᠨᠡᠨᠴᠢ ᠰᠡᠳᠭᠢᠯ ᠢᠶᠡᠷ ᠡᠮᠡᠭᠲᠡᠢᠴᠦᠳ ᠬᠡᠤᠬᠡᠳ ᠦᠨ ᠠᠰᠢᠭ ᠲᠤᠰᠠ ᠶᠢ ᠬᠠᠮᠠᠭᠠᠯᠠᠵᠤ᠂ ᠶᠠᠭᠤᠨ ᠯᠤᠭ᠎ᠠ ᠲᠤᠳᠠᠬᠤ ᠦᠭᠡᠢ ᠵᠣᠷᠢᠭ ᠰᠠᠨᠠᠭ᠎ᠠ ᠪᠠ ᠬᠦᠰᠡᠯ ᠢᠶᠡᠷ ᠣᠷᠳᠤᠰ ᠨᠤᠲᠤᠭ ᠢᠶᠠᠨ ᠬᠠᠮᠠᠭᠠᠯᠠᠵᠤ ᠪᠠᠢᠨ᠎ᠠ᠃
ᠦᠨᠡᠯᠡᠬᠦ 0ᠦᠨᠡᠯᠡᠯᠲᠡ ᠲᠠᠢ