ᠬᠤᠳᠠ ᠶᠢᠨ ᠳᠤᠮᠳᠠ ᠵᠡᠷᠭᠡ ᠶᠢᠨ ᠰᠢᠭᠦᠬᠦ ᠬᠣᠷᠢᠶᠠᠨ ᠤ ᠭᠦᠢᠴᠡᠳᠬᠡᠬᠦ ᠬᠡᠯᠳᠡᠰ ᠯᠢ ᠾᠥᠩ ᠶᠠᠨ ᠬᠣᠷᠢᠶᠠᠨ ᠳᠠᠷᠤᠭ᠎ᠠ ᠪᠦᠬᠦ ᠬᠣᠲᠠ ᠶᠢᠨ ᠭᠦᠢᠴᠡᠳᠬᠡᠬᠦ ᠠᠵᠢᠯ ᠤᠨ ᠬᠤᠷᠠᠯᠳᠤᠭᠠᠨ ᠳᠡᠭᠡᠷᠡᠬᠢ ᠶᠠᠷᠢᠶ᠎ᠠ ᠶᠢ
2017.05.15 ᠲᠣᠰ ᠥᠷᠲᠡᠭᠡᠨ᠎ᠦ ᠨᠠᠢᠷᠠᠭᠤᠯᠤᠭᠴᠢ

ᠬᠤᠳᠠ ᠶᠢᠨ ᠳᠤᠮᠳᠠ ᠵᠡᠷᠭᠡ ᠶᠢᠨ ᠰᠢᠭᠦᠬᠦ ᠬᠣᠷᠢᠶᠠᠨ ᠤ ᠭᠦᠢᠴᠡᠳᠬᠡᠬᠦ ᠬᠡᠯᠳᠡᠰ ᠯᠢ ᠾᠥᠩ ᠶᠠᠨ ᠬᠣᠷᠢᠶᠠᠨ ᠳᠠᠷᠤᠭ᠎ᠠ ᠪᠦᠬᠦ ᠬᠣᠲᠠ ᠶᠢᠨ ᠭᠦᠢᠴᠡᠳᠬᠡᠬᠦ ᠠᠵᠢᠯ ᠤᠨ ᠬᠤᠷᠠᠯᠳᠤᠭᠠᠨ ᠳᠡᠭᠡᠷᠡᠬᠢ ᠶᠠᠷᠢᠶ᠎ᠠ ᠶᠢ ᠲᠥᠪᠯᠡᠷᠡᠨ ᠰᠤᠷᠤᠯᠴᠠᠪᠠ

 

 

 

 

    5 ᠰᠠᠷᠠᠢᠨ 13 ᠤ ᠡᠳᠦᠷ᠂ ᠬᠤᠳᠠ ᠶᠢᠨ ᠠᠷᠠᠳ ᠤᠨ ᠳᠤᠮᠳᠠ ᠵᠡᠷᠭᠡ ᠶᠢᠨ ᠰᠢᠭᠦᠬᠦ ᠬᠣᠷᠢᠶᠠᠨ ᠤ ᠭᠦᠢᠴᠡᠳᠬᠡᠬᠦ ᠲᠣᠪᠴᠢᠶ᠎ᠠ᠂ ᠬᠣᠶᠠᠳᠤᠭᠠᠷ ᠭᠦᠢᠴᠡᠳᠬᠡᠬᠦ ᠲᠣᠪᠴᠢᠶ᠎ᠠ ᠶᠢᠨ ᠪᠦᠬᠦ ᠺᠠᠲᠠᠷ ᠴᠠᠭᠳᠠᠭ᠎ᠠ ᠯᠢ ᠾᠥᠩ ᠶᠠᠨ ᠬᠣᠷᠢᠶᠠᠨ ᠳᠠᠷᠤᠭ᠎ᠠ ᠶᠢᠨ ᠪᠦᠬᠦ ᠬᠤᠳᠠ ᠶᠢᠨ ᠰᠢᠭᠦᠬᠦ ᠬᠣᠷᠢᠶᠠᠨ ᠤ ᠭᠦᠢᠴᠡᠳᠬᠡᠬᠦ ᠠᠵᠢᠯ ᠤᠨ ᠬᠤᠷᠠᠯ ᠳᠡᠭᠡᠷ᠎ᠡ《ᠬᠠᠷᠢᠭᠤᠴᠠᠯᠭ᠎ᠠ ᠶᠢ ᠪᠠᠷᠢᠵᠤ ᠦᠷ᠎ᠡ ᠳ᠋ᠦᠩ ᠢ ᠪᠠᠷᠢᠵᠤ ᠭᠦᠢᠴᠡᠳᠬᠡᠬᠦ ᠳᠤ ᠬᠦᠴᠢᠷ ᠢ ᠰᠢᠢᠳᠪᠦᠷᠢᠯᠡᠵᠦ ᠬᠣᠭᠤᠰᠤᠨ ᠦᠭᠡ ᠶᠠᠷᠢᠵᠤ ᠬᠣᠭᠤᠰᠤᠨ ᠤᠷᠢᠶ᠎ᠠ ᠬᠠᠰᠭᠢᠷᠬᠤ ᠶᠢ ᠴᠡᠭᠡᠷᠯᠡᠬᠦ ᠬᠡᠷᠡᠭᠲᠡᠢ》 ᠭᠡᠬᠦ ᠰᠡᠳᠦᠪ ᠢᠶᠡᠷ ᠬᠢᠭᠰᠡᠨ ᠴᠢᠬᠤᠯᠠ ᠶᠠᠷᠢᠶ᠎ᠠ ᠶᠢ ᠲᠥᠪᠯᠡᠷᠡᠨ ᠰᠤᠷᠤᠯᠴᠠᠪᠠ᠃ ᠭᠦᠢᠴᠡᠳᠬᠡᠬᠦ ᠲᠣᠪᠴᠢᠶᠠᠨ ᠤ ᠳᠠᠷᠤᠭ᠎ᠠ ᠵᠠᠩ ᠶᠤᠸᠠᠢ ᠹᠸᠩ᠂ ᠬᠣᠶᠠᠳᠤᠭᠠᠷ ᠭᠦᠢᠴᠡᠳᠬᠡᠬᠦ ᠲᠣᠪᠴᠢᠶᠠᠨ ᠤ ᠳᠠᠷᠤᠭ᠎ᠠ ᠶᠢᠦ ᠵᠢᠶᠠᠨ ᠬᠤᠸᠠ ᠵᠣᠬᠢᠶᠠᠨ ᠪᠠᠢᠭᠤᠯᠤᠨ ᠰᠤᠷᠤᠯᠴᠠᠭᠤᠯᠪᠠ᠃

    ᠯᠢ ᠬᠣᠷᠢᠶᠠᠨ ᠳᠠᠷᠤᠭ᠎ᠠ ᠶᠢᠨ ᠶᠠᠷᠢᠶᠠᠨ ᠳᠤᠮᠳᠠ᠂ ᠡᠯ᠎ᠡ ᠱᠠᠲᠤᠨ ᠤ ᠨᠢᠭᠡᠳᠦᠭᠡᠷ ᠭᠠᠷ ᠵᠢᠩᠬᠢᠨᠢ ᠪᠠᠷ ᠴᠢᠷᠮᠠᠢᠬᠤ ᠶᠢ ᠱᠠᠭᠠᠷᠳᠠᠵᠤ᠂ ᠳᠣᠣᠷᠠᠬᠢ ᠳᠥᠷᠪᠡᠨ ᠬᠠᠮᠤᠭ ᠦᠨᠳᠦᠰᠦᠨ ᠠᠰᠠᠭᠤᠳᠠᠯ ᠢ ᠳᠤᠳᠤᠷᠬᠠᠢ ᠪᠣᠯᠭᠠᠬᠤ ᠬᠡᠷᠡᠭᠲᠡᠢ᠄ 1᠂ ᠬᠡᠷᠡᠭ ᠦᠨ ᠰᠠᠭᠤᠷᠢ ᠲᠣᠭ᠎ᠠ ᠶᠢ ᠮᠡᠳᠡᠬᠦ ᠬᠡᠷᠡᠭᠲᠡᠢ᠃ 2᠂ ᠠᠵᠢᠯ ᠤᠨ ᠰᠡᠳᠭᠢᠴᠡ ᠶᠢ ᠳᠤᠳᠤᠷᠬᠠᠢ ᠪᠣᠯᠭᠠᠨ᠎ᠠ᠃ 3᠂ ᠬᠦᠴᠢᠷ ᠨᠢ ᠬᠠᠮᠢᠭ᠎ᠠ ᠪᠠᠢᠬᠤ ᠶᠢ ᠮᠡᠳᠡᠬᠦ᠃ 4᠂ ᠪᠢᠳᠡ ᠦᠨᠡᠨᠬᠦ ᠪᠦᠬᠦ ᠬᠦᠴᠦᠨ ᠢᠶᠡᠷ ᠴᠢᠷᠮᠠᠢᠭᠰᠠᠨ ᠦᠦ︖ ᠡᠭᠦᠨ ᠦ ᠬᠠᠮᠲᠤ᠂ ᠬᠤᠶᠠᠷ ᠱᠠᠳᠤᠨ ᠤ ᠰᠢᠭᠦᠬᠦ ᠬᠣᠷᠢᠶᠠᠨ ᠤ ᠭᠦᠢᠴᠡᠳᠬᠡᠬᠦ ᠠᠩᠭᠢ ᠳᠤᠮᠳᠠ ᠭᠦᠢᠴᠡᠳᠬᠡᠬᠦ ᠦᠶᠡᠰ ᠺᠠᠲᠠᠷ ᠴᠠᠭᠳᠠᠭ᠎ᠠ ᠢᠳᠡᠬᠦ᠂ ᠠᠪᠬᠤ᠂ ᠬᠠᠰᠢᠬᠤ᠂ ᠬᠣᠢᠰᠢᠯᠠᠭᠤᠯᠤᠨ ᠭᠦᠢᠴᠡᠳᠬᠡᠬᠦ᠂ ᠨᠠᠵᠠᠭᠠᠢ ᠪᠠᠷ ᠭᠦᠢᠴᠡᠳᠬᠡᠬᠦ ᠠᠵᠢᠯᠯᠠᠭ᠎ᠠ ᠳᠤ ᠴᠢᠩᠭ᠎ᠠ ᠰᠢᠭᠦᠮᠵᠢᠯᠡᠯ ᠪᠠ ᠰᠡᠷᠡᠮᠵᠢᠯᠡᠭᠦᠯᠦᠯ ᠥᠭᠴᠦ᠂ ᠡᠯ᠎ᠡ ᠦᠨᠳᠦᠰᠦᠨ ᠱᠠᠳᠤᠨ ᠤ ᠰᠢᠭᠦᠬᠦ ᠬᠣᠷᠢᠶᠠᠨ ᠤ ᠨᠢᠭᠡᠳᠦᠭᠡᠷ ᠭᠠᠷ ᠰᠠᠬᠢᠯᠭ᠎ᠠ ᠪᠠᠲᠤ ᠪᠠᠢᠴᠠᠭᠠᠬᠤ ᠵᠢ ᠪᠠᠢᠷᠢᠯᠠᠭᠤᠯᠤᠯᠲᠠ ᠬᠢᠬᠦ ᠶᠢ ᠱᠠᠭᠠᠷᠳᠠᠵᠤ᠂ ᠴᠢᠩᠭ᠎ᠠ ᠪᠠᠢᠴᠠᠭᠠᠵᠤ᠂ ᠶᠠᠭᠠᠬᠢᠭᠰᠠᠨ ᠴᠤ ᠤᠴᠢᠷ ᠭᠠᠷᠴᠤ ᠪᠣᠯᠬᠤ ᠦᠭᠡᠢ᠃ ᠳᠠᠷᠠᠭ᠎ᠠ ᠨᠢ᠂ ᠯᠢ ᠬᠣᠷᠢᠶᠠᠨ ᠳᠠᠷᠤᠭ᠎ᠠ ᠰᠢᠭᠦᠬᠦ ᠬᠣᠷᠢᠶᠠᠨ ᠤ ᠠᠵᠢᠯᠴᠢᠨ ᠤ ᠬᠠᠷᠢᠭᠤᠴᠠᠯᠭᠠᠲᠤ ᠰᠡᠳᠭᠢᠯᠭᠡ᠂ ᠵᠣᠬᠢᠶᠠᠨ ᠪᠠᠢᠭᠤᠯᠤᠯᠲᠠ ᠳᠤ ᠦᠨᠡᠨᠴᠢ ᠰᠢᠳᠤᠷᠭᠤ᠂ ᠬᠠᠷᠢᠭᠤᠴᠠᠯᠭ᠎ᠠ ᠲᠠᠢ ᠵᠡᠷᠭᠡ ᠬᠡᠳᠦᠨ ᠲᠠᠯ᠎ᠠ ᠶᠢ ᠪᠦᠬᠦ ᠲᠠᠯ᠎ᠠ ᠪᠡᠷ ᠲᠠᠢᠯᠪᠤᠷᠢᠯᠠᠯᠲᠠ ᠬᠢᠵᠦ᠂ ᠦᠵᠡᠯ ᠰᠠᠨᠠᠭᠠᠨ ᠤ ᠲᠠᠯ᠎ᠠ ᠠᠴᠠ ᠤᠯᠠᠨ ᠳᠤ ᠶᠡᠷᠦᠩᠬᠡᠢ ᠨᠡᠭᠡᠭᠡᠯᠲᠡ ᠬᠠᠭᠠᠯᠲᠠ ᠵᠢ ᠰᠠᠢᠲᠤᠷ ᠠᠳᠭᠤᠨ᠎ᠠ᠃ ᠬᠠᠮᠤᠭ ᠰᠡᠭᠦᠯ ᠳᠤ᠂ ᠯᠢ ᠬᠣᠷᠢᠶᠠᠨ ᠳᠠᠷᠤᠭ᠎ᠠ ᠳᠥᠭᠦᠮ ᠮᠥᠷᠲᠡᠭᠡᠨ ᠰᠢᠭᠤᠳ ᠦᠭᠡ ᠶᠠᠷᠢᠶ᠎ᠠ ᠪᠡᠷ ᠬᠤᠶᠠᠷ ᠱᠠᠳᠤᠨ ᠤ ᠰᠢᠭᠦᠬᠦ ᠬᠣᠷᠢᠶᠠᠨ ᠤ 6 ᠰᠠᠷ᠎ᠠ ᠶᠢᠨ ᠰᠡᠭᠦᠯᠴᠢ ᠡᠷᠬᠡᠪᠰᠢ ᠪᠡᠶᠡᠯᠡᠭᠦᠯᠬᠦ ᠭᠤᠷᠪᠠᠨ ᠡᠭᠦᠷᠭᠡ ᠶᠢ ᠤᠯᠠᠮ ᠨᠢᠭᠡ ᠠᠯᠬᠤᠮ ᠪᠠᠲᠤᠳᠭᠠᠪᠠ᠄ ᠳᠠᠷᠤᠢ ᠵᠠᠷᠭᠤ ᠶᠢᠨ ᠬᠡᠷᠡᠭ ᠢ ᠳᠠᠭᠤᠰᠭᠠᠬᠤ᠂ ᠬᠡᠷᠡᠭ ᠭᠦᠢᠴᠡᠳᠬᠡᠬᠦ ᠰᠢᠭᠦᠵᠦ ᠳᠠᠭᠤᠰᠭᠠᠬᠤ ᠨᠤᠷᠮ᠎ᠠ ᠶᠢ 45% ᠪᠣᠯᠭᠠᠬᠤ᠂ ᠬᠠᠤᠯᠢ ᠴᠠᠭᠠᠵᠠ ᠶᠢᠨ ᠬᠠᠷᠢᠭᠤᠴᠠᠯᠭ᠎ᠠ ᠶᠢᠨ ᠳᠦᠷᠢᠮ ᠢ ᠨᠠᠢᠳᠠᠪᠤᠷᠢᠵᠢᠭᠤᠯᠬᠤ ᠬᠡᠷᠡᠭᠲᠡᠢ᠃

    ᠨᠢᠳᠦᠨ ᠡᠮᠦᠨ᠎ᠡ ᠶᠠᠭ ᠮᠠᠨ ᠤ ᠬᠣᠲᠠ ᠶᠢᠨ ᠬᠤᠶᠠᠷ ᠱᠠᠳᠤᠨ ᠤ ᠰᠢᠭᠦᠬᠦ ᠬᠣᠷᠢᠶᠠᠨ ᠤ《ᠵᠤᠨ ᠤ ᠤᠯᠠᠷᠢᠯ ᠤᠨ ᠰᠢᠷᠦᠭᠦᠨ ᠰᠠᠯᠬᠢ》 ᠭᠦᠢᠴᠡᠳᠬᠡᠬᠦ ᠲᠤᠰᠭᠠᠢ ᠠᠵᠢᠯᠯᠠᠭ᠎ᠠ ᠶᠢᠨ ᠰᠢᠪᠲᠤᠯᠤᠯᠲᠠ ᠶᠢᠨ ᠬᠤᠭᠤᠴᠠᠭ᠎ᠠ ᠪᠠᠢᠵᠤ᠂ ᠲᠤᠰ ᠤᠳᠠᠭᠠᠨ ᠤ ᠯᠢ ᠾᠥᠩ ᠶᠠᠨ ᠬᠣᠷᠢᠶᠠᠨ ᠳᠠᠷᠤᠭ᠎ᠠ ᠶᠢᠨ ᠴᠢᠬᠤᠯᠠ ᠶᠠᠷᠢᠶ᠎ᠠ ᠶᠢ ᠲᠥᠪᠯᠡᠷᠡᠭᠦᠯᠦᠨ ᠰᠤᠷᠤᠯᠴᠠᠭᠰᠠᠨ ᠨᠢ ᠱᠠᠳᠤ ᠦᠶ᠎ᠡ ᠶᠢᠨ ᠴᠢᠨᠠᠷᠲᠠᠢ ᠦᠷ᠎ᠡ ᠪᠦᠲᠦᠮᠵᠢ ᠶᠢ ᠪᠠᠲᠤᠳᠭᠠᠬᠤ᠂ ᠠᠷᠠᠳ ᠤᠨ ᠳᠤᠮᠳᠠ ᠵᠡᠷᠭᠡ ᠶᠢᠨ ᠰᠢᠭᠦᠬᠦ ᠬᠣᠷᠢᠶᠠᠨ ᠤ ᠭᠦᠢᠴᠡᠳᠬᠡᠬᠦ ᠺᠠᠲᠠᠷ ᠴᠠᠭᠳᠠᠭ᠎ᠠ ᠶᠢᠨ ᠠᠵᠢᠯ ᠤᠨ ᠡᠷᠴᠢᠮ ᠢ ᠦᠷᠭᠦᠯᠵᠢᠯᠡᠭᠦᠯᠦᠨ ᠴᠢᠩᠭᠠᠳᠭᠠᠬᠤ᠂ ᠦᠵᠡᠯ ᠰᠠᠨᠠᠭ᠎ᠠ ᠰᠤᠯᠠ ᠲᠠᠯᠪᠢᠬᠤ ᠶᠢ ᠰᠡᠷᠭᠡᠢᠯᠡᠬᠦ ᠳᠤ ᠠᠰᠢᠭᠲᠠᠢ᠃

    ᠲᠤᠰ ᠤᠳᠠᠭᠠᠨ ᠤ ᠲᠥᠪᠯᠡᠷᠡᠭᠦᠯᠦᠨ ᠰᠤᠷᠤᠯᠴᠠᠯᠭ᠎ᠠ ᠨᠢ ᠠᠷᠠᠳ ᠤᠨ ᠳᠤᠮᠳᠠ ᠵᠡᠷᠭᠡ ᠶᠢᠨ ᠰᠢᠭᠦᠬᠦ ᠬᠣᠷᠢᠶᠠᠨ ᠤ ᠭᠦᠢᠴᠡᠳᠬᠡᠬᠦ ᠴᠠᠭᠳᠠᠭ᠎ᠠ ᠳᠤ ᠴᠢᠭᠯᠡᠯ ᠢ ᠵᠢᠭᠠᠨ ᠥᠭᠴᠦ᠂ ᠬᠠᠷᠠᠯᠲᠠ ᠶᠢ ᠲᠣᠭᠲᠠᠭᠠᠵᠤ᠂ ᠠᠷᠭ᠎ᠠ ᠵᠠᠮ ᠢ ᠣᠯᠵᠤ᠂《 ᠵᠤᠨ ᠤ ᠤᠯᠠᠷᠢᠯ ᠤᠨ ᠰᠢᠷᠦᠭᠦᠨ ᠰᠠᠯᠬᠢ》 ᠭᠦᠢᠴᠡᠳᠬᠡᠬᠦ ᠲᠤᠰᠭᠠᠢ ᠠᠵᠢᠯᠯᠠᠭ᠎ᠠ ᠳᠤ ᠬᠥᠳᠡᠯᠭᠡᠬᠦ ᠬᠦᠴᠦᠨ ᠥᠭᠴᠦ᠂ ᠦᠵᠡᠯ ᠰᠠᠨᠠᠭ᠎ᠠ ᠶᠢ ᠰᠠᠢᠨ ᠠᠳᠭᠤᠭᠰᠠᠨ ᠤ ᠬᠠᠮᠲᠤ ᠪᠠᠰᠠ ᠲᠤᠰ ᠤᠳᠠᠭᠠᠨ ᠤ ᠲᠤᠰᠭᠠᠢ ᠠᠵᠢᠯᠯᠠᠭ᠎ᠠ ᠶᠢᠨ ᠦᠷ᠎ᠡ ᠳ᠋ᠦᠩ ᠢ ᠴᠦ ᠣᠯᠪᠠ᠃

ᠦᠨᠡᠯᠡᠬᠦ 0ᠦᠨᠡᠯᠡᠯᠲᠡ᠎ᠲᠠᠢ


( ᠨᠧᠲ ᠨᠠᠢᠵᠠ ᠵᠢᠨ ᠦᠨᠡᠯᠡᠯᠲᠡ᠎ᠨᠢ ᠵᠦᠪᠭᠡᠨ ᠲᠡᠭᠦᠨ ᠊ᠤ᠌ ᠬᠤᠪᠢ ᠭᠦᠮᠦᠨ ᠊ᠤ᠌ ᠦᠵᠡᠯᠲᠡ ᠲᠡᠳᠦᠢ᠂ ᠲᠤᠰ ᠨᠧᠲ ᠦᠷᠳᠡᠭᠡ ᠲᠡᠭᠦᠨ ᠊ᠤ᠌ ᠦᠵᠡᠯᠲᠡ ᠵᠢ ᠵᠦᠪᠱᠢᠶᠡᠷᠡᠭᠰᠡᠨ ᠶᠠᠪᠤᠳᠠᠯ ᠤᠭᠳᠤ ᠪᠢᠱᠢ᠎ᠶᠤᠮ᠃ )