ᠪᠦᠬᠦ ᠤᠯᠤᠰ ᠤᠨ ᠰᠢᠭᠦᠬᠦ ᠬᠣᠷᠢᠶᠠᠨ ᠤ ᠳᠥᠷᠪᠡᠳᠦᠭᠡᠷ ᠤᠳᠠᠭᠠᠨ ᠤ ᠮᠡᠳᠡᠭᠡ ᠵᠠᠩᠭᠢᠴᠢᠯᠠᠯᠲᠠ ᠶᠢᠨ ᠠᠵᠢᠯ ᠤᠨ ᠬᠤᠷᠠᠯᠳᠤᠭᠠᠨ ᠢ ᠵᠢᠨᠠᠨ ᠳᠤ ᠶᠠᠪᠤᠭᠳᠠᠭᠤᠯᠵᠤ ᠥᠪᠦᠷ ᠮᠣᠩᠭᠤᠯ ᠤᠨ ᠥᠪᠡᠷᠲᠡᠭᠡᠨ ᠵᠠᠰᠠᠬ
2017.05.16 ᠲᠣᠰ ᠥᠷᠲᠡᠭᠡᠨ᠎ᠦ ᠨᠠᠢᠷᠠᠭᠤᠯᠤᠭᠴᠢ

ᠪᠦᠬᠦ ᠤᠯᠤᠰ ᠤᠨ ᠰᠢᠭᠦᠬᠦ ᠬᠣᠷᠢᠶᠠᠨ ᠤ ᠳᠥᠷᠪᠡᠳᠦᠭᠡᠷ ᠤᠳᠠᠭᠠᠨ ᠤ ᠮᠡᠳᠡᠭᠡ ᠵᠠᠩᠭᠢᠴᠢᠯᠠᠯᠲᠠ ᠶᠢᠨ ᠠᠵᠢᠯ ᠤᠨ ᠬᠤᠷᠠᠯᠳᠤᠭᠠᠨ ᠢ ᠵᠢᠨᠠᠨ ᠳᠤ ᠶᠠᠪᠤᠭᠳᠠᠭᠤᠯᠵᠤ    ᠥᠪᠦᠷ ᠮᠣᠩᠭᠤᠯ ᠤᠨ ᠥᠪᠡᠷᠲᠡᠭᠡᠨ ᠵᠠᠰᠠᠬᠤ ᠣᠷᠤᠨ ᠤ ᠠᠷᠠᠳ ᠢᠶᠠᠨ ᠳᠡᠭᠡᠳᠦ ᠵᠡᠷᠭᠡ ᠶᠢᠨ ᠰᠢᠭᠦᠬᠦ ᠬᠣᠷᠢᠶᠠᠨ ᠤ ᠮᠡᠳᠡᠭᠡ ᠵᠠᠩᠭᠢᠴᠢᠯᠠᠯᠲᠠ ᠶᠢᠨ ᠮᠡᠷᠭᠡᠵᠢᠯ ᠤᠨ ᠭᠠᠵᠠᠷ ᠪᠦᠬᠦ ᠤᠯᠤᠰ ᠤᠨ ᠰᠢᠭᠦᠬᠦ ᠬᠣᠷᠢᠶᠠᠨ ᠤ ᠮᠡᠳᠡᠭᠡ ᠵᠠᠩᠭᠢᠴᠢᠯᠠᠯᠲᠠ ᠶᠢᠨ ᠠᠵᠢᠯ ᠤᠨ ᠲᠡᠷᠢᠭᠦᠨ ᠦ ᠨᠢᠭᠡᠴᠡ ᠪᠡᠷ ᠦᠨᠡᠯᠡᠭᠳᠡᠪᠡ

 

 

 

 

 

 

    5 ᠰᠠᠷᠠᠢᠨ 11 ᠤ ᠡᠳᠦᠷ ᠦᠳᠡ ᠶᠢᠨ ᠡᠮᠦᠨ᠎ᠡ᠂ ᠪᠦᠬᠦ ᠤᠯᠤᠰ ᠤᠨ ᠰᠢᠭᠦᠬᠦ ᠬᠣᠷᠢᠶᠠᠨ ᠤ ᠳᠥᠷᠪᠡᠳᠦᠭᠡᠷ ᠤᠳᠠᠭᠠᠨ ᠤ ᠮᠡᠳᠡᠭᠡ ᠵᠠᠩᠭᠢᠴᠢᠯᠠᠯᠲᠠ ᠶᠢᠨ ᠠᠵᠢᠯ ᠤᠨ ᠬᠤᠷᠠᠯᠳᠤᠭᠠᠨ ᠢ ᠵᠢᠨᠠᠨ ᠳᠤ ᠶᠠᠪᠤᠭᠳᠠᠭᠤᠯᠪᠠ᠃ ᠠᠷᠠᠳ ᠤᠨ ᠳᠡᠭᠡᠳᠦ ᠵᠡᠷᠭᠡ ᠶᠢᠨ ᠰᠢᠭᠦᠬᠦ ᠬᠣᠷᠢᠶᠠᠨ ᠤ ᠨᠠᠮ ᠤᠨ ᠤᠳᠤᠷᠢᠳᠬᠤ ᠳᠤᠭᠤᠢᠯᠠᠩ ᠤᠨ ᠱᠦᠵᠢ᠂ ᠬᠣᠷᠢᠶᠠᠨ ᠳᠠᠷᠤᠭ᠎ᠠ ᠵᠸᠥ ᠴᠢᠶᠠᠩ᠂ ᠠᠷᠠᠳ ᠤᠨ ᠳᠡᠭᠡᠳᠦ ᠵᠡᠷᠭᠡ ᠶᠢᠨ ᠰᠢᠭᠦᠬᠦ ᠬᠣᠷᠢᠶᠠᠨ ᠤ ᠨᠠᠮ ᠤᠨ ᠤᠳᠤᠷᠢᠳᠬᠤ ᠳᠤᠭᠤᠢᠯᠠᠩ ᠤᠨ ᠳᠡᠳ᠋ ᠱᠦᠵᠢ᠂ ᠳᠡᠳ᠋ ᠬᠣᠷᠢᠶᠠᠨ ᠳᠠᠷᠤᠭ᠎ᠠ ᠵᠢᠶᠠᠩ ᠪᠢ ᠰᠢᠨ᠂ ᠠᠷᠠᠳ ᠤᠨ ᠳᠡᠭᠡᠳᠦ ᠵᠡᠷᠭᠡ ᠶᠢᠨ ᠰᠢᠭᠦᠬᠦ ᠬᠣᠷᠢᠶᠠᠨ ᠤ ᠰᠢᠭᠦᠨ ᠲᠠᠰᠤᠯᠬᠤ ᠺᠣᠮᠢᠰ ᠤᠨ ᠲᠤᠰᠭᠠᠢ ᠳᠤᠰᠢᠶᠠᠯᠳᠤ ᠬᠡᠰᠢᠬᠦᠨ ᠯᠢᠦ ᠭᠦᠢ ᠰᠢᠶᠠᠩ᠂ ᠱᠠᠨᠳᠦ᠋ᠩ ᠮᠤᠵᠢ ᠶᠢᠨ ᠮᠤᠵᠢ ᠶᠢᠨ ᠨᠠᠮ ᠤᠨ ᠬᠣᠷᠢᠶᠠᠨ ᠤ ᠳᠡᠳ᠋ ᠱᠦᠵᠢ᠂ ᠵᠢᠨᠠᠨ ᠬᠣᠲᠠ ᠶᠢᠨ ᠨᠠᠮ ᠤᠨ ᠬᠣᠷᠢᠶᠠᠨ ᠤ ᠱᠦᠵᠢ ᠸᠠᠩ ᠸᠸᠨ ᠲᠤᠤ ᠵᠡᠷᠭᠡ ᠲᠤᠰ ᠤᠳᠠᠭᠠᠨ ᠤ ᠬᠤᠷᠠᠯᠳᠤᠭᠠᠨ ᠳᠤ ᠣᠷᠤᠯᠴᠠᠪᠠ᠃ ᠠᠷᠠᠳ ᠤᠨ ᠳᠡᠭᠡᠳᠦ ᠵᠡᠷᠭᠡ ᠶᠢᠨ ᠰᠢᠭᠦᠬᠦ ᠬᠣᠷᠢᠶᠠᠨ ᠤ ᠳᠠᠷᠤᠭ᠎ᠠ ᠵᠸᠥ ᠴᠢᠶᠠᠩ ᠬᠤᠷᠠᠯ ᠳᠡᠭᠡᠷ᠎ᠡ ᠴᠢᠬᠤᠯᠠ ᠶᠠᠷᠢᠶ᠎ᠠ ᠲᠠᠯᠪᠢᠪᠠ᠂ ᠣᠳᠣᠬᠠᠨ ᠤ ᠪᠦᠬᠦ ᠤᠯᠤᠰ ᠤᠨ  ᠰᠢᠭᠦᠬᠦ ᠬᠣᠷᠢᠶᠠᠨ ᠤ ᠮᠡᠳᠡᠭᠡ ᠵᠠᠩᠭᠢᠴᠢᠯᠠᠯᠲᠠ ᠶᠢᠨ ᠠᠵᠢᠯ ᠤᠨ ᠠᠮᠵᠢᠯᠲᠠ ᠳᠤ ᠭᠦᠢᠴᠡᠳ ᠨᠤᠲᠠᠯᠠᠯᠲᠠ ᠥᠭᠴᠦ᠂ ᠰᠢᠭᠦᠬᠦ ᠬᠣᠷᠢᠶᠠᠨ ᠤ ᠮᠡᠳᠡᠭᠡ ᠵᠠᠩᠭᠢᠴᠢᠯᠠᠯᠲᠠ ᠶᠢᠨ ᠠᠵᠢᠯ ᠳᠤ ᠰᠢᠨ᠎ᠡ ᠱᠠᠭᠠᠷᠳᠠᠯᠭ᠎ᠠ ᠳᠤᠷᠠᠳᠴᠤ᠂《ᠣᠶᠤᠨ ᠤᠬᠠᠭᠠᠨᠲᠤ ᠰᠢᠭᠦᠬᠦ ᠬᠣᠷᠢᠶ᠎ᠠ》 ᠶᠢᠨ ᠠᠭᠤᠯᠤᠭᠳᠠᠬᠤᠨ ᠳᠤ ᠨᠡᠩ ᠭᠦᠨᠵᠡᠭᠡᠢ ᠣᠢᠯᠭᠠᠯᠲᠠ ᠥᠭᠪᠡ᠃

    ᠠᠷᠠᠳ ᠤᠨ ᠳᠡᠭᠡᠳᠦ ᠵᠡᠷᠭᠡ ᠶᠢᠨ ᠰᠢᠭᠦᠬᠦ ᠬᠣᠷᠢᠶᠠᠨ ᠤ ᠨᠠᠮ ᠤᠨ ᠤᠳᠤᠷᠢᠳᠬᠤ ᠳᠤᠭᠤᠢᠯᠠᠩ ᠤᠨ ᠳᠡᠳ᠋ ᠱᠦᠵᠢ᠂ ᠳᠡᠳ᠋ ᠬᠣᠷᠢᠶᠠᠨ ᠳᠠᠷᠤᠭ᠎ᠠ ᠵᠢᠶᠠᠩ ᠪᠢ ᠰᠢᠨ ᠬᠤᠷᠠᠯ ᠢ ᠡᠷᠬᠢᠯᠡᠵᠦ《 ᠠᠷᠠᠳ ᠤᠨ ᠳᠡᠭᠡᠳᠦ ᠵᠡᠷᠭᠡ ᠶᠢᠨ ᠰᠢᠭᠦᠬᠦ ᠬᠣᠷᠢᠶᠠᠨ ᠤ ᠪᠦᠬᠦ ᠤᠯᠤᠰ ᠤᠨ ᠰᠢᠭᠦᠬᠦ ᠬᠣᠷᠢᠶᠠᠨ ᠤ ᠮᠡᠳᠡᠭᠡ ᠵᠠᠩᠭᠢᠴᠢᠯᠠᠯᠲᠠ ᠶᠢᠨ ᠠᠵᠢᠯ ᠤᠨ ᠲᠡᠷᠢᠭᠦᠨ ᠦ ᠬᠠᠮᠲᠤ ᠨᠢᠭᠡᠴᠡ ᠪᠠ ᠲᠡᠷᠢᠭᠦᠨ ᠦ ᠬᠤᠪᠢ ᠬᠥᠮᠦᠨ ᠦ ᠰᠠᠢᠰᠢᠶᠠᠯ ᠶᠢᠨ ᠮᠡᠳᠡᠭᠳᠡᠯ》 ᠢ ᠤᠩᠰᠢᠵᠤ᠂ ᠵᠸᠥ ᠴᠢᠶᠠᠩ ᠬᠣᠷᠢᠶᠠᠨ ᠳᠠᠷᠤᠭ᠎ᠠ ᠵᠡᠷᠭᠡ ᠤᠳᠤᠷᠢᠳᠤᠯᠭ᠎ᠠ ᠬᠥᠬᠢᠭᠦᠯᠦᠯ ᠬᠦᠷᠲᠡᠭᠰᠡᠨ ᠲᠥᠯᠦᠭᠡᠯᠡᠭᠴᠢ ᠳᠤ ᠦᠨᠡᠮᠯᠡᠯ ᠭᠠᠷᠲᠠᠭᠤᠯᠪᠠ᠃ ᠠᠷᠠᠳ ᠤᠨ ᠳᠡᠭᠡᠳᠦ ᠵᠡᠷᠭᠡ ᠶᠢᠨ ᠰᠢᠭᠦᠬᠦ ᠬᠣᠷᠢᠶᠠᠨ ᠤ ᠰᠢᠭᠦᠨ ᠲᠠᠰᠤᠯᠬᠤ ᠺᠣᠮᠢᠰ ᠤᠨ ᠲᠤᠰᠭᠠᠢ ᠳᠤᠰᠢᠶᠠᠯᠳᠤ ᠬᠡᠰᠢᠬᠦᠨ ᠯᠢᠦ ᠭᠦᠢ ᠰᠢᠶᠠᠩ ᠣᠶᠤᠨ ᠤᠬᠠᠭᠠᠨᠲᠤ ᠰᠢᠭᠦᠬᠦ ᠬᠣᠷᠢᠶᠠᠨ ᠤ ᠪᠦᠲᠦᠭᠡᠨ ᠪᠠᠢᠭᠤᠯᠤᠯᠲᠠ ᠶᠢᠨ ᠲᠤᠰᠭᠠᠢ ᠰᠡᠳᠦᠪᠲᠦ ᠮᠡᠳᠡᠭᠦᠯᠦᠯᠲᠡ ᠬᠢᠪᠡ᠃ ᠥᠪᠦᠷ ᠮᠣᠩᠭᠤᠯ ᠤᠨ ᠥᠪᠡᠷᠲᠡᠭᠡᠨ ᠵᠠᠰᠠᠬᠤ ᠣᠷᠤᠨ ᠤ ᠠᠷᠠᠳ ᠤᠨ ᠳᠡᠭᠡᠳᠦ ᠵᠡᠷᠭᠡ ᠶᠢᠨ ᠰᠢᠭᠦᠬᠦ ᠬᠣᠷᠢᠶᠠᠨ ᠤ ᠳᠡᠳ᠋ ᠬᠣᠷᠢᠶᠠᠨ ᠳᠠᠷᠤᠭ᠎ᠠ ᠰᠢᠦᠢ ᠷᠥᠢ ᠰᠢᠶᠠ᠂ ᠥᠪᠦᠷ ᠮᠣᠩᠭᠤᠯ ᠤᠨ ᠥᠪᠡᠷᠲᠡᠭᠡᠨ ᠵᠠᠰᠠᠬᠤ ᠣᠷᠤᠨ ᠤ ᠳᠡᠭᠡᠳᠦ ᠵᠡᠷᠭᠡ ᠶᠢᠨ ᠰᠢᠭᠦᠬᠦ ᠬᠣᠷᠢᠶᠠᠨ ᠤ ᠮᠡᠳᠡᠭᠡ ᠵᠠᠩᠭᠢᠴᠢᠯᠠᠯᠲᠠ ᠶᠢᠨ ᠮᠡᠷᠭᠡᠵᠢᠯ ᠦᠨ ᠭᠠᠵᠠᠷ ᠤᠨ ᠳᠠᠷᠤᠭ᠎ᠠ ᠸᠠᠩ ᠢᠦᠢ ᠰᠢᠶᠤᠸᠠᠨ᠂ ᠣᠷᠳᠤᠰ ᠬᠣᠲᠠ ᠶᠢᠨ ᠠᠷᠠᠳ ᠤᠨ ᠳᠤᠮᠳᠠ ᠵᠡᠷᠭᠡ ᠶᠢᠨ ᠰᠢᠭᠦᠬᠦ ᠬᠣᠷᠢᠶᠠᠨ ᠤ ᠠᠯᠪᠠᠨ ᠭᠡᠷ ᠦᠨ ᠳᠡᠳ᠋ ᠡᠷᠬᠢᠯᠡᠭᠴᠢ᠂ ᠮᠡᠷᠭᠡᠵᠢᠯ ᠦᠨ ᠰᠠᠯᠪᠤᠷᠢ ᠶᠢᠨ ᠳᠠᠷᠤᠭ᠎ᠠ ᠳ᠋ᠢᠩ ᠸᠸᠢ ᠬᠤᠸᠠ ᠵᠡᠷᠭᠡ ᠲᠤᠰ ᠤᠳᠠᠭᠠᠨ ᠤ ᠬᠤᠷᠠᠯᠳᠤᠭᠠᠨ ᠳᠤ ᠣᠷᠤᠯᠴᠠᠵᠤ᠂ ᠥᠪᠦᠷ ᠮᠣᠩᠭᠤᠯ ᠤᠨ ᠥᠪᠡᠷᠲᠡᠭᠡᠨ ᠵᠠᠰᠠᠬᠤ ᠣᠷᠤᠨ ᠤ ᠠᠷᠠᠳ ᠤᠨ ᠳᠡᠭᠡᠳᠦ ᠵᠡᠷᠭᠡ ᠶᠢᠨ ᠰᠢᠭᠦᠬᠦ ᠬᠣᠷᠢᠶᠠᠨ ᠤ ᠮᠡᠳᠡᠭᠡ ᠵᠠᠩᠭᠢᠴᠢᠯᠠᠯᠲᠠ ᠶᠢᠨ ᠮᠡᠷᠭᠡᠵᠢᠯ ᠦᠨ ᠭᠠᠵᠠᠷ ᠪᠦᠬᠦ ᠤᠯᠤᠰ ᠤᠨ ᠰᠢᠭᠦᠬᠦ ᠬᠣᠷᠢᠶᠠᠨ ᠤ ᠮᠡᠳᠡᠭᠡ ᠵᠠᠩᠭᠢᠴᠢᠯᠠᠯᠲᠠ ᠶᠢᠨ ᠠᠵᠢᠯ ᠤᠨ ᠲᠡᠷᠢᠭᠦᠨ ᠦ ᠬᠠᠮᠲᠤ ᠨᠢᠭᠡᠴᠡ ᠶᠢᠨ ᠢᠷᠠᠭᠤ ᠠᠯᠳᠠᠷ ᠢ ᠣᠯᠵᠤ᠂ ᠣᠷᠳᠤᠰ ᠬᠤᠳᠠ ᠶᠢᠨ ᠠᠷᠠᠳ ᠤᠨ ᠳᠤᠮᠳᠠ ᠵᠡᠷᠭᠡ ᠶᠢᠨ ᠰᠢᠭᠦᠬᠦ ᠬᠣᠷᠢᠶᠠᠨ ᠤ ᠠᠯᠪᠠᠨ ᠭᠡᠷ ᠦᠨ ᠳᠡᠳ᠋ ᠡᠷᠬᠢᠯᠡᠭᠴᠢ᠂ ᠮᠡᠷᠭᠡᠵᠢᠯ ᠦᠨ ᠰᠠᠯᠪᠤᠷᠢ ᠶᠢᠨ ᠳᠠᠷᠤᠭ᠎ᠠ ᠳ᠋ᠢᠩ ᠸᠸᠢ ᠬᠤᠸᠠ ᠪᠦᠬᠦ ᠤᠯᠤᠰ ᠤᠨ ᠮᠡᠳᠡᠭᠡ ᠵᠠᠩᠭᠢᠴᠢᠯᠠᠯᠲᠠ ᠶᠢᠨ ᠠᠵᠢᠯ ᠤᠨ ᠳᠠᠪᠰᠢᠭᠰᠠᠨ ᠬᠤᠪᠢ ᠬᠥᠮᠦᠨ ᠦ ᠢᠷᠠᠭᠤ ᠠᠯᠳᠠᠷ ᠢ ᠣᠯᠪᠠ᠃ ᠣᠷᠳᠤᠰ ᠬᠣᠲᠠ ᠶᠢᠨ ᠠᠷᠠᠳ ᠤᠨ ᠳᠤᠮᠳᠠ ᠵᠡᠷᠭᠡ ᠶᠢᠨ ᠰᠢᠭᠦᠬᠦ ᠬᠣᠷᠢᠶᠠᠨ ᠤ ᠮᠣᠩᠭᠤᠯ ᠬᠡᠯᠡᠨ ᠦ ᠰᠦᠯᠵᠢᠶ᠎ᠡ ᠨᠢ ᠥᠪᠦᠷ ᠮᠣᠩᠭᠤᠯ ᠤᠨ ᠰᠢᠭᠦᠬᠦ ᠬᠣᠷᠢᠶᠠᠨ ᠤ ᠮᠡᠳᠡᠭᠡ ᠵᠠᠩᠭᠢᠴᠢᠯᠠᠯᠲᠠ ᠶᠢᠨ ᠪᠦᠲᠦᠭᠡᠨ ᠪᠠᠢᠭᠤᠯᠤᠯᠲᠠ ᠶᠢᠨ ᠦᠷ᠎ᠡ ᠪᠦᠲᠦᠮᠵᠢ ᠶᠢᠨ ᠲᠥᠯᠦᠭᠡᠯᠡᠭᠴᠢ ᠪᠡᠷ ᠲᠤᠰ ᠤᠳᠠᠭᠠᠨ ᠤ ᠬᠤᠷᠠᠯ ᠤᠨ ᠮᠡᠳᠡᠭᠡ ᠵᠠᠩᠭᠢᠴᠢᠯᠠᠯᠲᠠ ᠶᠢᠨ ᠦᠷ᠎ᠡ ᠪᠦᠲᠦᠮᠵᠢ ᠶᠢᠨ ᠳᠡᠯᠭᠡᠨ ᠦᠵᠡᠭᠦᠯᠭᠡ ᠳᠤ ᠣᠷᠤᠯᠴᠠᠪᠠ᠃

     ᠬᠤᠷᠠᠯ ᠳᠡᠭᠡᠷ᠎ᠡ᠂ ᠵᠸᠥ ᠴᠢᠶᠠᠩ ᠴᠢᠩᠭᠠᠳᠭᠠᠭᠰᠠᠨ ᠨᠢ᠂ ᠰᠢ ᠵᠢᠨ ᠫᠢᠩ ᠶᠡᠷᠦᠩᠬᠡᠢ ᠱᠦᠵᠢ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠠ ᠤᠯᠤᠰ ᠵᠠᠰᠠᠵᠤ ᠵᠠᠰᠠᠭ ᠪᠠᠷᠢᠬᠤ ᠰᠢᠨ᠎ᠡ ᠤᠬᠠᠭᠳᠠᠬᠤᠨ ᠰᠢᠨ᠎ᠡ ᠦᠵᠡᠯ ᠰᠠᠨᠠᠭ᠎ᠠ ᠰᠢᠨ᠎ᠡ ᠪᠠᠢᠯᠳᠤᠬᠤ ᠪᠣᠳᠤᠯᠭ᠎ᠠ ᠶᠢ ᠭᠦᠨᠵᠡᠭᠡᠢ ᠰᠤᠷᠤᠯᠴᠠᠨ ᠨᠠᠢᠳᠠᠪᠤᠷᠢᠵᠢᠭᠤᠯᠵᠤ᠂ ᠬᠡᠷᠡᠭᠴᠡᠭᠡᠨ ᠦ ᠤᠳᠤᠷᠢᠳᠤᠮᠵᠢ ᠪᠠ ᠠᠰᠠᠭᠤᠳᠠᠯ ᠤᠨ ᠤᠳᠤᠷᠢᠳᠤᠮᠵᠢ ᠶᠢ ᠪᠠᠷᠢᠮᠲᠠᠯᠠᠵᠤ᠂ ᠠᠷᠠᠳ ᠤᠨ ᠲᠥᠯᠦᠭᠡ ᠬᠠᠤᠯᠢ ᠪᠠᠷᠢᠬᠤ᠂ ᠬᠠᠤᠯᠢ ᠴᠠᠭᠠᠵᠠ ᠶᠢᠨ ᠲᠥᠪ ᠭᠣᠣᠯᠴᠢ ᠶᠢᠨ ᠬᠢᠷᠢ ᠲᠦᠪᠰᠢᠨ ᠢ ᠳᠡᠭᠡᠭᠰᠢᠯᠡᠭᠦᠯᠬᠦ ᠪᠠᠷ ᠬᠠᠷᠠᠯᠲᠠ ᠪᠣᠯᠭᠠᠵᠤ᠂ ᠣᠶᠤᠨ ᠤᠬᠠᠭᠠᠨᠲᠤ ᠰᠢᠭᠦᠬᠦ ᠬᠣᠷᠢᠶᠠᠨ ᠤ ᠪᠦᠲᠦᠭᠡᠨ ᠪᠠᠢᠭᠤᠯᠤᠯᠲᠠ ᠵᠢ ᠲᠦᠷᠭᠡᠳᠭᠡᠵᠦ᠂ ᠣᠳᠣᠬᠢᠴᠢᠯᠠᠭᠰᠠᠨ ᠰᠢᠨᠵᠢᠯᠡᠬᠦ ᠮᠡᠷᠭᠡᠵᠢᠯ ᠢ ᠭᠦᠢᠴᠡᠳ ᠠᠰᠢᠭᠯᠠᠵᠤ᠂ ᠠᠷᠠᠳ ᠤᠨ ᠰᠢᠭᠦᠬᠦ ᠬᠣᠷᠢᠶᠠᠨ ᠤ ᠰᠢᠭᠦᠨ ᠲᠠᠰᠤᠯᠤᠯᠲᠠ ᠶᠢᠨ ᠰᠢᠰᠲ᠋ᠧᠮ ᠪᠠ ᠰᠢᠭᠦᠨ ᠲᠠᠰᠤᠯᠤᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢ ᠲᠦᠯᠬᠢᠨ ᠠᠬᠢᠭᠤᠯᠵᠤ᠂《 ᠠᠷᠠᠳ ᠲᠦᠮᠡᠨ ᠬᠠᠤᠯᠢ ᠴᠠᠭᠠᠵᠠ ᠶᠢᠨ ᠬᠡᠷᠡᠭ ᠪᠦᠷᠢ ᠳᠤᠮᠳᠠ ᠪᠦᠷ ᠲᠦᠪᠰᠢᠨ ᠭᠣᠣᠯᠴᠢ ᠡᠷᠬᠡ ᠲᠡᠭᠰᠢ ᠵᠢ ᠮᠡᠳᠡᠭᠦᠯᠬᠦ ᠪᠠᠷ ᠴᠢᠷᠮᠠᠢᠬᠤ》 ᠬᠠᠷᠠᠯᠲᠠ ᠶᠢ ᠪᠡᠶᠡᠯᠡᠭᠦᠯᠦᠨ᠎ᠡ᠃ ᠵᠸᠥ ᠴᠢᠶᠠᠩ ᠱᠠᠭᠠᠷᠳᠠᠭᠰᠠᠨ ᠨᠢ᠂ ᠬᠡᠷᠡᠭᠴᠡᠭᠡᠨ ᠦ ᠤᠳᠤᠷᠢᠳᠤᠮᠵᠢ ᠪᠠ ᠠᠰᠠᠭᠤᠳᠠᠯ ᠤᠨ ᠤᠳᠤᠷᠢᠳᠤᠮᠵᠢ ᠶᠢ ᠪᠠᠷᠢᠮᠲᠠᠯᠠᠵᠤ᠂ ᠪᠦᠲᠦᠭᠡᠨ ᠪᠠᠢᠭᠤᠯᠤᠯᠲᠠ ᠶᠢᠨ ᠡᠭᠦᠷᠭᠡ ᠪᠠ ᠬᠠᠷᠠᠯᠲᠠ ᠶᠢ ᠲᠣᠳᠤᠳᠭᠠᠵᠤ᠂ ᠭᠣᠣᠯ ᠴᠢᠭᠯᠡᠯ ᠦᠨ ᠳᠣᠪᠤᠢᠯᠭᠠᠵᠤ᠂ ᠪᠤᠳᠠᠳᠠᠢ ᠦᠢᠯᠡᠳᠦᠯ ᠲᠠᠢ ᠪᠠᠢᠬᠤ ᠶᠢ ᠪᠠᠲᠤᠯᠠᠨ᠎ᠠ᠃ ᠭᠣᠣᠯ ᠠᠵᠢᠯ ᠢ ᠰᠦᠯᠵᠢᠶᠡᠨ ᠳᠡᠭᠡᠷ᠎ᠡ ᠰᠢᠢᠳᠪᠦᠷᠢᠯᠡᠬᠦ ᠶᠢ ᠲᠦᠯᠬᠢᠨ ᠠᠬᠢᠭᠤᠯᠵᠤ᠂ ᠡᠯᠧᠺᠲ᠋ᠣᠷᠣᠨ ᠳᠠᠩᠰᠠ ᠡᠪᠬᠡᠮᠡᠯ ᠬᠡᠷᠡᠭ ᠲᠠᠢ ᠬᠠᠮᠲᠤ ᠭᠠᠷᠭᠠᠬᠤ ᠵᠢᠴᠢ ᠭᠦᠨᠵᠡᠭᠡᠢ ᠬᠡᠷᠡᠭᠯᠡᠬᠦ ᠶᠢ ᠲᠦᠯᠬᠢᠨ ᠠᠬᠢᠭᠤᠯᠵᠤ᠂ ᠮᠡᠳᠡᠭᠡ ᠵᠠᠩᠭᠢ ᠶᠢᠨ ᠮᠡᠷᠭᠡᠵᠢᠯ ᠢ ᠠᠰᠢᠭᠯᠠᠵᠤ ᠰᠢᠭᠦᠭᠴᠢ ᠳᠤ ᠲᠠᠰᠤᠯᠤᠯᠲᠠ ᠶᠢᠨ ᠪᠢᠴᠢᠭ᠌ ᠪᠢᠴᠢᠬᠦ᠂ ᠬᠠᠤᠯᠢ ᠴᠠᠭᠠᠵᠠ ᠶᠢᠨ ᠳᠦᠷᠢᠮ ᠲᠣᠭᠲᠠᠭᠠᠯ ᠪᠠ ᠠᠳᠠᠯᠢ ᠬᠡᠷᠡᠭ ᠦᠨ ᠵᠢᠱᠢᠶ᠎ᠡ ᠵᠢ ᠡᠷᠢᠬᠦ ᠵᠡᠷᠭᠡ ᠳᠤ ᠳᠡᠮᠵᠢᠯᠭᠡ ᠬᠠᠩᠭᠠᠵᠤ᠂ ᠰᠦᠯᠵᠢᠶᠡᠨ ᠳᠡᠭᠡᠷ᠎ᠡ ᠰᠦᠯᠵᠢᠶᠡᠨ ᠦ ᠭᠠᠳᠠᠨ᠎ᠠ ᠠᠵᠢᠯ ᠰᠢᠢᠳᠪᠦᠷᠢᠯᠡᠬᠦ ᠶᠢ ᠵᠠᠭᠠᠭ ᠦᠭᠡᠢ ᠵᠠᠯᠭᠠᠬᠤ ᠶᠢ ᠪᠡᠶᠡᠯᠡᠭᠦᠯᠵᠦ᠂ ᠡᠨᠡ ᠵᠢᠯ ᠦᠨ ᠡᠴᠦᠰ ᠪᠦᠬᠦ ᠤᠯᠤᠰ ᠤᠨ ᠰᠢᠭᠦᠬᠦ ᠬᠣᠷᠢᠶ᠎ᠠ ᠶᠡᠷᠦᠩᠬᠡᠢ ᠳᠡᠭᠡᠷ᠎ᠡ ᠪᠠᠨ ᠰᠢᠭᠦᠨ ᠲᠠᠰᠤᠯᠤᠯᠲᠠ ᠶᠢᠨ ᠭᠣᠣᠯ ᠠᠵᠢᠯ ᠢ ᠰᠦᠯᠵᠢᠶᠡᠨ ᠳᠡᠭᠡᠷ᠎ᠡ ᠰᠢᠢᠳᠪᠦᠷᠢᠯᠡᠬᠦ ᠶᠢ ᠪᠡᠶᠡᠯᠡᠭᠦᠯᠬᠦ ᠶᠢ ᠪᠠᠲᠤᠯᠠᠨ᠎ᠠ᠃ ᠡᠯᠧᠺᠲ᠋ᠣᠷᠣᠨ ᠵᠠᠷᠭᠤ ᠶᠢ ᠢᠳᠡᠪᠬᠢᠲᠡᠢ ᠪᠡᠷ ᠲᠦᠯᠬᠢᠨ ᠠᠬᠢᠭᠤᠯᠵᠤ᠂ ᠬᠠᠮᠤᠭ ᠲᠦᠷᠭᠡᠨ ᠢᠶᠡᠷ ᠰᠦᠯᠵᠢᠶᠡᠨ ᠳᠡᠭᠡᠷ᠎ᠡ ᠬᠡᠷᠡᠭ ᠳᠠᠩᠰᠠᠯᠠᠬᠤ᠂ ᠰᠦᠯᠵᠢᠶᠡᠨ ᠳᠡᠭᠡᠷ᠎ᠡ ᠰᠦᠢᠳᠭᠡᠯ ᠲᠤᠰᠢᠶᠠᠬᠤ᠂ ᠰᠦᠯᠵᠢᠶᠡᠨ ᠳᠡᠭᠡᠷ᠎ᠡ ᠲᠤᠯᠭᠠᠨ ᠭᠡᠷᠡᠴᠢᠯᠡᠬᠦ᠂ ᠰᠦᠯᠵᠢᠶᠡᠨ ᠳᠡᠭᠡᠷ᠎ᠡ ᠲᠢᠩᠬᠢᠮ ᠤᠨ ᠰᠢᠭᠦᠯᠲᠡ ᠬᠢᠬᠦ᠂ ᠰᠦᠯᠵᠢᠶᠡᠨ ᠳᠡᠭᠡᠷ᠎ᠡ ᠬᠦᠷᠭᠡᠬᠦ ᠵᠡᠷᠭᠡ ᠴᠢᠳᠠᠮᠵᠢ ᠶᠢ ᠪᠡᠶᠡᠯᠡᠭᠦᠯᠵᠦ᠂ ᠰᠦᠯᠵᠢᠶᠡᠨ ᠡᠯᠧᠺᠲ᠋ᠣᠷᠣᠨ ᠵᠠᠷᠭᠤ ᠪᠠ ᠲᠤᠰᠭᠠᠢ ᠰᠦᠯᠵᠢᠶ᠎ᠡ ᠳᠡᠭᠡᠷ᠎ᠡ ᠬᠡᠷᠡᠭ ᠰᠢᠢᠳᠪᠦᠷᠢᠯᠡᠬᠦ ᠣᠷᠭᠠᠨᠢᠭ ᠨᠡᠢᠯᠡᠯᠳᠦᠯ ᠢ ᠪᠡᠶᠡᠯᠡᠭᠦᠯᠵᠦ᠂ ᠬᠡᠷᠡᠭᠯᠡᠭᠡᠨ ᠦ ᠬᠦᠷᠢᠶ᠎ᠡ ᠬᠡᠪᠴᠢᠶ᠎ᠡ ᠪᠠ ᠦᠢᠯᠡᠴᠢᠯᠡᠭᠡᠨ ᠦ ᠬᠢᠷᠢ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠦᠨ᠎ᠡ᠃

     ᠤᠯᠤᠰ ᠤᠨ ᠠᠮᠤᠷ ᠲᠦᠪᠰᠢᠨ ᠦ ᠬᠠᠮᠢᠶ᠎ᠠ ᠪᠦᠬᠦᠢ ᠤᠳᠤᠷᠢᠳᠤᠯᠭ᠎ᠠ᠂ ᠲᠥᠪ ᠦᠨ ᠤᠯᠤᠰ ᠲᠥᠷᠦ ᠬᠠᠤᠯᠢ ᠴᠠᠭᠠᠵᠠ ᠶᠢᠨ ᠬᠣᠷᠢᠶ᠎ᠠ᠂ ᠲᠥᠪ ᠦᠨ ᠰᠦᠯᠵᠢᠶᠡᠨ ᠦ ᠮᠡᠳᠡᠭᠡ ᠵᠠᠩᠭᠢ ᠦᠨ ᠠᠯᠪᠠᠨ ᠭᠡᠷ᠂ ᠠᠷᠠᠳ ᠤᠨ ᠳᠡᠭᠡᠳᠦ ᠵᠡᠷᠭᠡ ᠶᠢᠨ ᠪᠠᠢᠴᠠᠭᠠᠬᠤ ᠬᠣᠷᠢᠶ᠎ᠠ᠂ ᠳᠤᠳᠤᠭᠠᠲᠤ ᠶᠢ ᠬᠠᠮᠠᠭᠠᠯᠠᠬᠤ ᠶᠠᠮᠤᠨ᠂ ᠬᠠᠤᠯᠢ ᠴᠠᠭᠠᠵᠠ ᠶᠢᠨ ᠶᠠᠮᠤᠨ᠂ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠶᠠᠮᠤᠨ᠂ ᠡᠳ᠋ ᠦᠨ ᠵᠠᠰᠠᠭ ᠤᠨ ᠶᠠᠮᠤᠨ ᠵᠡᠷᠭᠡ ᠬᠠᠮᠢᠶ᠎ᠠ ᠪᠦᠬᠦᠢ ᠰᠠᠯᠠᠭ᠎ᠠ ᠮᠥᠴᠢᠷ ᠦᠨ ᠬᠠᠷᠢᠭᠤᠴᠠᠯᠭᠠᠲᠠᠨ᠂ ᠪᠦᠬᠦ ᠤᠯᠤᠰ ᠤᠨ ᠡᠯ᠎ᠡ ᠳᠡᠭᠡᠳᠦ ᠵᠡᠷᠭᠡ ᠶᠢᠨ ᠰᠢᠭᠦᠬᠦ ᠬᠣᠷᠢᠶ᠎ᠠ᠂ ᠬᠡᠰᠡᠭ ᠳᠤᠮᠳᠠ ᠵᠡᠷᠭᠡ ᠶᠢᠨ ᠰᠢᠭᠦᠬᠦ ᠬᠣᠷᠢᠶᠠᠨ ᠤ ᠮᠡᠳᠡᠭᠡ ᠵᠠᠩᠭᠢᠴᠢᠯᠠᠯᠲᠠ ᠶᠢᠨ ᠠᠵᠢᠯ ᠢ ᠬᠠᠮᠢᠶᠠᠷᠬᠤ ᠰᠢᠭᠦᠬᠦ ᠬᠣᠷᠢᠶᠠᠨ ᠤ ᠤᠳᠤᠷᠢᠳᠤᠯᠭ᠎ᠠ ᠵᠢᠴᠢ ᠮᠡᠳᠡᠭᠡ ᠵᠠᠩᠭᠢᠴᠢᠯᠠᠯᠲᠠ ᠶᠢᠨ ᠮᠡᠷᠭᠡᠵᠢᠯ ᠦᠨ ᠬᠡᠯᠲᠡᠰ ᠦᠨ ᠬᠠᠷᠢᠭᠤᠴᠠᠯᠭᠠᠲᠠᠨ ᠵᠡᠷᠭᠡ ᠨᠢ ᠭᠣᠣᠯ ᠬᠤᠷᠠᠯ ᠤᠨ ᠲᠠᠯᠠᠪᠤᠷ ᠲᠤ ᠬᠤᠷᠠᠯ ᠳᠤ ᠣᠷᠤᠯᠴᠠᠵᠤ᠂ ᠪᠦᠬᠦ ᠤᠯᠤᠰ ᠤᠨ ᠡᠯ᠎ᠡ ᠱᠠᠳᠤᠨ ᠤ ᠰᠢᠭᠦᠬᠦ ᠬᠣᠷᠢᠶᠠᠨ ᠤ ᠤᠳᠤᠷᠢᠳᠤᠯᠭ᠎ᠠ ᠵᠢᠴᠢ ᠮᠡᠳᠡᠭᠡ ᠵᠠᠩᠭᠢᠴᠢᠯᠠᠯᠲᠠ ᠶᠢᠨ ᠮᠡᠷᠭᠡᠵᠢᠯ ᠦᠨ ᠬᠡᠯᠲᠡᠰ ᠦᠨ ᠬᠠᠷᠢᠭᠤᠴᠠᠯᠭᠠᠲᠠᠨ ᠬᠤᠪᠢᠶᠠᠷᠢ ᠬᠤᠷᠠᠯ ᠤᠨ ᠲᠠᠯᠠᠪᠤᠷ ᠲᠤ ᠬᠤᠷᠠᠯ ᠳᠤ ᠣᠷᠤᠯᠴᠠᠪᠠ᠃ ᠲᠤᠰ ᠤᠳᠠᠭᠠᠨ ᠤ ᠬᠤᠷᠠᠯ ᠬᠤᠶᠠᠷ ᠴᠠᠭ ᠬᠠᠭᠠᠰ ᠵᠠᠷᠤᠴᠠᠭᠤᠯᠵᠤ᠂ ᠠᠭᠤᠯᠭ᠎ᠠ ᠪᠠᠶᠠᠯᠢᠭ᠂ ᠦᠵᠡᠯ ᠰᠠᠨᠠᠭ᠎ᠠ ᠬᠦᠨᠵᠡᠭᠡᠢ᠂ ᠮᠠᠰᠢ ᠴᠢᠩᠭ᠎ᠠ ᠤᠳᠤᠷᠢᠳᠤᠯᠭ᠎ᠠ ᠶᠢᠨ ᠴᠢᠨᠠᠷ ᠪᠠ ᠬᠡᠷᠡᠭᠯᠡᠯᠲᠡ ᠶᠢᠨ ᠴᠢᠨᠠᠷ ᠲᠠᠢ᠂ ᠪᠦᠬᠦ ᠤᠯᠤᠰ ᠤᠨ ᠰᠢᠭᠦᠬᠦ ᠬᠣᠷᠢᠶᠠᠨ ᠤ ᠮᠡᠳᠡᠭᠡ ᠵᠠᠩᠭᠢᠴᠢᠯᠠᠯᠲᠠ ᠶᠢᠨ ᠪᠦᠲᠦᠭᠡᠨ ᠪᠠᠢᠭᠤᠯᠤᠯᠲᠠ ᠶᠢ ᠲᠦᠯᠬᠢᠨ ᠠᠬᠢᠭᠤᠯᠬᠤ᠂《 ᠰᠦᠯᠵᠢᠶᠡᠴᠢᠯᠡᠯᠲᠡ》《 ᠢᠯᠡ ᠪᠣᠯᠭᠠᠬᠤ》《 ᠣᠶᠤᠨᠴᠢᠯᠠᠯᠲᠠ》 ᠶᠢᠨ ᠣᠶᠤᠨ ᠤᠬᠠᠭᠠᠨᠲᠤ ᠰᠢᠭᠦᠬᠦ ᠬᠣᠷᠢᠶ᠎ᠠ ᠵᠢ ᠪᠠᠢᠭᠤᠯᠬᠤ ᠴᠢᠬᠤᠯᠠ ᠤᠳᠤᠷᠢᠳᠤᠮᠵᠢ ᠶᠢᠨ ᠤᠳᠬ᠎ᠠ ᠠᠭᠤᠯᠭ᠎ᠠ ᠲᠠᠢ ᠶᠤᠮ᠃

ᠦᠨᠡᠯᠡᠬᠦ 0ᠦᠨᠡᠯᠡᠯᠲᠡ᠎ᠲᠠᠢ


( ᠨᠧᠲ ᠨᠠᠢᠵᠠ ᠵᠢᠨ ᠦᠨᠡᠯᠡᠯᠲᠡ᠎ᠨᠢ ᠵᠦᠪᠭᠡᠨ ᠲᠡᠭᠦᠨ ᠊ᠤ᠌ ᠬᠤᠪᠢ ᠭᠦᠮᠦᠨ ᠊ᠤ᠌ ᠦᠵᠡᠯᠲᠡ ᠲᠡᠳᠦᠢ᠂ ᠲᠤᠰ ᠨᠧᠲ ᠦᠷᠳᠡᠭᠡ ᠲᠡᠭᠦᠨ ᠊ᠤ᠌ ᠦᠵᠡᠯᠲᠡ ᠵᠢ ᠵᠦᠪᠱᠢᠶᠡᠷᠡᠭᠰᠡᠨ ᠶᠠᠪᠤᠳᠠᠯ ᠤᠭᠳᠤ ᠪᠢᠱᠢ᠎ᠶᠤᠮ᠃ )