ᠱᠦᠵᠢ ᠵᠠᠭᠠᠯᠳᠤᠭᠳᠠᠭᠴᠢ ᠶᠢᠨ ᠰᠠᠭᠤᠳᠠᠯ ᠳᠤ ᠰᠠᠭᠤᠵᠤ ᠳᠠᠭᠤᠷᠢᠶᠠᠮᠠᠯ ᠰᠢᠭᠦᠬᠦ ᠲᠢᠩᠬᠢᠮ ᠳᠤ ᠬᠡᠷᠡᠭ ᠦᠨ ᠵᠢᠱᠢᠶ᠎ᠡ ᠪᠡᠷ ᠬᠠᠤᠯᠢ ᠶᠠᠷᠢᠪᠠ
2017.05.22 ᠲᠣᠰ ᠥᠷᠲᠡᠭᠡᠨ ᠦ ᠨᠠᠢᠷᠠᠭᠤᠯᠤᠭᠴᠢ

 

 

 

 

 

    5 ᠰᠠᠷᠠᠢᠨ 16 ᠤ ᠡᠳᠦᠷ᠂ ᠬᠤᠳᠠ ᠶᠢᠨ ᠨᠠᠮ ᠤᠨ ᠬᠣᠷᠢᠶᠠᠨ ᠤ ᠵᠣᠬᠢᠶᠠᠨ ᠪᠠᠢᠭᠤᠯᠬᠤ ᠬᠡᠯᠳᠡᠰ ᠪᠠ ᠬᠤᠳᠠ ᠶᠢᠨ ᠨᠠᠮ ᠤᠨ ᠬᠣᠷᠢᠶᠠᠨ ᠤ ᠨᠠᠮ ᠤᠨ ᠰᠤᠷᠭᠠᠭᠤᠯᠢ ᠬᠠᠮᠲᠤᠷᠠᠨ ᠶᠠᠪᠤᠭᠳᠠᠭᠤᠯᠤᠭᠰᠠᠨ 20 ᠳ᠋ᠤᠭᠠᠷ ᠬᠤᠭᠤᠴᠠᠭᠠᠨ ᠤ ᠢᠳᠡᠷ ᠵᠠᠯᠠᠭᠤ ᠺᠠᠲᠠᠷ ᠤᠨ ᠠᠩᠭᠢ ᠶᠢᠨ ᠪᠦᠬᠦ ᠰᠤᠷᠤᠭᠴᠢ ᠣᠷᠳᠤᠰ ᠬᠤᠳᠠ ᠶᠢᠨ ᠠᠷᠠᠳ ᠤᠨ ᠳᠤᠮᠳᠠ ᠵᠡᠷᠭᠡ ᠶᠢᠨ ᠰᠢᠭᠦᠬᠦ ᠬᠣᠷᠢᠶᠠᠨ ᠤ ᠠᠷᠪᠠᠨ ᠵᠢᠷᠭᠤᠳᠤᠭᠠᠷ ᠰᠢᠭᠦᠬᠦ ᠲᠢᠩᠬᠢᠮ ᠳᠤ ᠨᠡᠢᠲᠡ ᠶᠢᠨ ᠭᠠᠵᠠᠷ ᠤᠨ ᠬᠡᠷᠡᠭᠯᠡᠬᠦ ᠦᠨᠡᠮᠯᠡᠯ ᠲᠠᠷᠬᠠᠭᠠᠬᠤ ᠳᠤ ᠬᠣᠯᠪᠤᠭᠳᠠᠭᠰᠠᠨ ᠵᠠᠰᠠᠭ ᠵᠠᠬᠢᠷᠭᠠᠨ ᠤ ᠬᠡᠷᠡᠭ ᠦᠨ ᠳᠠᠭᠤᠷᠢᠶᠠᠮᠠᠯ ᠰᠢᠭᠦᠬᠦ ᠲᠢᠩᠬᠢᠮ ᠦᠨ ᠬᠥᠳᠡᠯᠭᠡᠭᠡᠨ ᠬᠢᠪᠡ᠃ ᠲᠡᠮᠳᠡᠭᠯᠡᠭᠴᠢ ᠰᠢᠭᠦᠬᠦ ᠲᠢᠩᠬᠢᠮ ᠦᠨ ᠰᠠᠬᠢᠯᠭ᠎ᠠ ᠪᠠᠲᠤ ᠶᠢ ᠤᠩᠰᠢᠭᠰᠠᠨ ᠤ ᠳᠠᠷᠠᠭ᠎ᠠ᠂ ᠵᠥᠪᠳᠡᠯᠴᠡᠬᠦ ᠲᠢᠩᠬᠢᠮ ᠦᠨ ᠰᠢᠭᠦᠭᠴᠢ ᠪᠣᠯᠤᠭᠰᠠᠨ ᠭᠤᠷᠪᠠᠨ ᠰᠤᠷᠤᠭᠴᠢ ᠰᠢᠭᠦᠭᠴᠢ ᠶᠢᠨ ᠳᠡᠪᠡᠯ ᠡᠮᠦᠰᠴᠦ ᠳᠡᠰ ᠳᠠᠷᠠᠭᠠᠯᠠᠨ ᠲᠢᠩᠬᠢᠮ ᠳᠤ ᠣᠷᠤᠵᠤ᠂ ᠰᠢᠭᠦᠬᠦ ᠲᠠᠢᠰᠠᠨ ᠳᠤ ᠰᠠᠭᠤᠪᠠ᠃

   ᠰᠢᠭᠦᠬᠦ ᠲᠠᠰᠤᠯᠬᠤ ᠳᠠᠷᠤᠭ᠎ᠠ ᠬᠠᠤᠯᠢ ᠮᠤᠨᠠ ᠲᠣᠭᠰᠢᠬᠤ ᠶᠢ ᠳᠠᠭᠠᠯᠳᠤᠨ ᠵᠠᠭᠠᠯᠳᠤᠭᠴᠢ ᠶᠢ ᠲᠣᠭᠯᠠᠭᠰᠠᠨ ᠳᠥᠷᠪᠡᠨ ᠬᠣᠷᠢᠶᠠᠨ ᠳᠠᠷᠤᠭ᠎ᠠ ᠵᠢᠴᠢ ᠨᠠᠢᠳᠠᠭᠰᠠᠨ ᠣᠷᠤᠯᠠᠭᠴᠢ᠂ ᠵᠠᠭᠠᠯᠳᠤᠭᠳᠠᠭᠴᠢ ᠶᠢ ᠲᠣᠭᠯᠠᠭᠰᠠᠨ ᠵᠠᠰᠠᠭ ᠵᠠᠬᠢᠷᠭᠠᠨ ᠤ ᠪᠠᠢᠭᠤᠯᠭ᠎ᠠ ᠶᠢᠨ ᠬᠠᠷᠢᠭᠤᠴᠠᠯᠭᠠᠲᠠᠨ ᠪᠠ ᠨᠠᠢᠳᠠᠭᠰᠠᠨ ᠣᠷᠤᠯᠠᠭᠴᠢ ᠵᠢᠴᠢ ᠭᠤᠷᠪᠠᠳᠤᠭᠠᠷ ᠬᠥᠮᠦᠨ ᠢ ᠲᠣᠭᠯᠠᠭᠰᠠᠨ ᠠᠵᠤ ᠠᠬᠤᠢᠯᠠᠯ ᠤᠨ ᠬᠠᠣᠯᠢᠲᠠᠨ ᠵᠢᠴᠢ ᠨᠠᠢᠳᠠᠭᠰᠠᠨ ᠣᠷᠤᠯᠠᠭᠴᠢ ᠰᠢᠭᠦᠯᠲᠡ ᠶᠢᠨ ᠱᠠᠭᠠᠷᠳᠠᠯᠭ᠎ᠠ ᠶᠣᠰᠣᠭᠠᠷ ᠬᠡᠷᠡᠭ ᠦᠨ ᠪᠠᠢᠳᠠᠯ ᠢᠶᠠᠷ ᠬᠦᠦᠷᠨᠢᠯᠲᠡ ᠬᠢᠵᠦ᠂ ᠮᠠᠷᠭᠤᠵᠤ᠂ ᠭᠡᠷᠡᠴᠢ ᠳᠤᠷᠠᠳᠤᠨ ᠲᠤᠯᠭᠠᠨ ᠭᠡᠷᠡᠴᠢᠯᠡᠪᠡ᠃ ᠳᠠᠭᠤᠷᠢᠶᠠᠮᠠᠯ ᠰᠢᠭᠦᠬᠦ ᠲᠢᠩᠬᠢᠮ ᠳᠤ ᠣᠷᠤᠯᠴᠠᠭᠰᠠᠨ ᠰᠤᠷᠤᠭᠴᠢ ᠳᠤᠮᠳᠠ᠂ ᠮᠠᠨ ᠬᠤᠳᠠ ᠶᠢᠨ ᠬᠣᠰᠢᠭᠤ ᠨᠠᠮ ᠤᠨ ᠬᠣᠷᠢᠶᠠᠨ ᠤ ᠵᠣᠬᠢᠶᠠᠨ ᠪᠠᠢᠭᠤᠯᠬᠤ ᠬᠡᠯᠲᠡᠰ ᠦᠨ ᠳᠡᠳ᠋ ᠳᠠᠷᠤᠭ᠎ᠠ᠂ ᠰᠢᠶᠠᠩ ᠪᠠᠯᠭᠠᠰᠤ ᠶᠢᠨ ᠨᠠᠮ ᠤᠨ ᠬᠣᠷᠢᠶᠠᠨ ᠤ ᠱᠦᠵᠢ᠂ ᠬᠤᠳᠠ ᠶᠢᠨ ᠰᠢᠭᠤᠳ ᠬᠠᠷᠢᠶ᠎ᠠ ᠰᠠᠯᠠᠭ᠎ᠠ ᠮᠥᠴᠢᠷ ᠦᠨ ᠬᠣᠰᠢᠭᠤ ᠲᠣᠭᠤᠷᠢᠭ ᠤᠨ ᠰᠠᠯᠠᠭᠠᠨ ᠳᠠᠷᠤᠭ᠎ᠠ ᠪᠠᠢᠨ᠎ᠠ᠃ ᠤᠯᠠᠨ ᠢᠶᠠᠷ ᠪᠦᠷ ᠥᠪᠡᠷ ᠦᠨ ᠵᠢᠩᠬᠢᠨᠢ ᠬᠡᠨ ᠪᠣᠯᠬᠤ ᠪᠠᠨ ᠮᠠᠷᠲᠠᠵᠤ᠂ ᠪᠦᠬᠦ ᠰᠡᠳᠭᠢᠯ ᠢᠶᠡᠷ ᠰᠢᠭᠦᠬᠦ ᠲᠢᠩᠬᠢᠮ ᠦᠨ ᠳᠦᠷᠢ ᠳᠤ ᠣᠷᠤᠵᠤ᠂ ᠰᠢᠭᠦᠬᠦ ᠲᠢᠩᠬᠢᠮ ᠳᠤ ᠶᠣᠰᠤ ᠪᠠᠷᠢᠨ ᠮᠠᠷᠭᠤᠵᠤ᠂ ᠶᠠᠰᠤ ᠶᠠᠷᠢᠨ ᠬᠠᠤᠯᠢ ᠶᠠᠷᠢᠪᠠ᠃ ᠴᠠᠭ ᠢᠯᠡᠭᠦᠦ ᠬᠤᠭᠤᠴᠠᠭ᠎ᠠ ᠵᠠᠷᠤᠴᠠᠭᠤᠯᠵᠤ ᠡᠨᠡᠬᠦ ᠠᠮᠢᠳᠤᠯᠢᠭ ᠳᠠᠭᠤᠷᠢᠶᠠᠮᠠᠯ ᠰᠢᠭᠦᠬᠦ ᠲᠢᠩᠬᠢᠮ ᠦᠨ ᠳᠤᠬᠠᠢ ᠶᠢᠨ ᠳᠠᠯᠠᠪᠤᠷ ᠤᠨ ᠵᠢᠭᠠᠨ ᠰᠤᠷᠭᠠᠯᠲᠠ ᠰᠢᠭᠦᠨ ᠲᠠᠰᠤᠯᠬᠤ ᠳᠠᠷᠤᠭ᠎ᠠ ᠶᠢᠨ ᠬᠠᠤᠯᠢ ᠶᠢᠨ ᠮᠤᠨᠠ ᠶᠢᠨ ᠳᠠᠭᠤᠨ ᠳᠤ ᠳᠠᠭᠤᠰᠪᠠ᠃

    ᠵᠠᠰᠠᠭ ᠵᠠᠬᠢᠷᠭᠠᠨ ᠤ ᠲᠢᠩᠬᠢᠮ ᠤᠨ ᠯᠢ ᠶᠠᠨ ᠲᠢᠩᠬᠢᠮ ᠤᠨ ᠳᠠᠷᠤᠭ᠎ᠠ ᠰᠤᠷᠤᠭᠴᠢᠳ ᠤᠨ ᠲᠢᠩᠬᠢᠮ ᠤᠨ ᠰᠢᠭᠦᠯᠲᠡ ᠶᠢᠨ ᠶᠠᠪᠤᠴᠠ  ᠳᠤ ᠦᠨᠡᠯᠡᠯᠲᠡ ᠬᠢᠪᠡ᠃ ᠲᠡᠷᠡ ᠤᠷᠢᠳᠠᠪᠡᠷ ᠡᠯ᠎ᠡ ᠰᠤᠷᠤᠭᠴᠢᠳ ᠤᠨ ᠰᠢᠭᠦᠯᠲᠡ ᠶᠢᠨ ᠡᠮᠦᠨ᠎ᠡ ᠨᠠᠷᠢᠨ ᠨᠢᠮᠪᠠᠢ ᠪᠡᠯᠡᠳᠭᠡᠯ ᠪᠠ ᠰᠢᠭᠦᠯᠲᠡ ᠳᠤᠮᠳᠠᠬᠢ ᠮᠠᠰᠢ ᠰᠠᠢᠨ ᠢᠯᠡᠷᠡᠯ ᠢ ᠰᠠᠢᠰᠢᠶᠠᠭᠰᠠᠨ ᠮᠥᠷᠲᠡᠭᠡᠨ ᠡᠯ᠎ᠡ ᠳᠦᠷᠢ ᠶᠢᠨ ᠰᠢᠭᠦᠯᠲᠡ ᠳᠤᠮᠳᠠᠬᠢ ᠬᠦᠷᠦᠯᠴᠡᠬᠦ ᠦᠭᠡᠢ ᠲᠠᠯ᠎ᠠ ᠶᠢ ᠵᠢᠭᠠᠵᠤ ᠭᠠᠷᠭᠠᠪᠠ᠃ ᠰᠢᠭᠦᠯᠲᠡ ᠳᠤ ᠣᠷᠤᠯᠴᠠᠭᠰᠠᠨ ᠰᠤᠷᠤᠭᠴᠢᠳ ᠵᠢᠴᠢ ᠬᠠᠵᠠᠭᠤ ᠠᠴᠠ ᠰᠣᠨᠤᠰᠤᠭᠰᠠᠨ ᠰᠤᠷᠤᠭᠴᠢᠳ ᠪᠦᠷ ᠡᠨᠡ ᠤᠳᠠᠭᠠᠨ ᠤ ᠬᠢᠴᠢᠶᠡᠯ ᠮᠠᠰᠢ ᠰᠢᠨ᠎ᠡ ᠰᠡᠪᠡᠭᠦᠨ᠂ ᠰᠠᠭᠤᠭᠳᠠᠯ ᠭᠦᠨ ᠳᠤᠬᠠᠢ ᠶᠢᠨ ᠳᠠᠯᠠᠪᠤᠷ ᠤᠨ ᠵᠢᠭᠠᠨ ᠰᠤᠷᠭᠠᠬᠤ ᠬᠢᠴᠢᠶᠡᠯ ᠭᠡᠵᠦ᠂ ᠮᠠᠰᠢ ᠤᠯᠠᠨ ᠰᠤᠷᠤᠭᠴᠢᠳ ᠠᠩᠬ᠎ᠠ ᠤᠳᠠᠭ᠎ᠠ ᠰᠢᠭᠦᠬᠦ ᠲᠢᠩᠬᠢᠮ ᠳᠤ ᠰᠠᠭᠤᠵᠤ᠂ ᠬᠡᠳᠦᠨ ᠵᠠᠭᠠᠯᠳᠤᠭᠳᠠᠭᠴᠢ ᠶᠢ ᠲᠣᠭᠯᠠᠭᠰᠠᠨ ᠰᠢᠶᠠᠩ ᠪᠠᠯᠭᠠᠰᠤ ᠶᠢᠨ ᠨᠠᠮ ᠤᠨ ᠬᠣᠷᠢᠶᠠᠨ ᠤ ᠱᠦᠵᠢ ᠨᠡᠩ ᠴᠦ ᠰᠡᠳᠭᠢᠯ ᠬᠥᠳᠡᠯᠵᠦ᠂ ᠡᠨᠡ ᠤᠳᠠᠭᠠᠨ ᠤ ᠳᠠᠭᠤᠷᠢᠶᠠᠮᠠᠯ ᠰᠢᠭᠦᠬᠦ ᠲᠢᠩᠬᠢᠮ ᠨᠢ ᠲᠡᠳᠡᠨ ᠤ ᠬᠣᠵᠢᠮ ᠤᠨ ᠠᠵᠢᠯ ᠳᠤᠮᠳᠠ ᠨᠡᠩ ᠢᠯᠡᠭᠦᠦ ᠠᠷᠠᠳ ᠲᠦᠮᠡᠨ ᠦ ᠰᠡᠳᠭᠢᠯ ᠦᠨ ᠦᠭᠡᠢᠰᠭᠡᠭᠳᠡᠭᠰᠡᠨ ᠢ ᠰᠣᠨᠤᠰᠬᠤ ᠶᠢ ᠱᠠᠭᠠᠷᠳᠠᠵᠤ᠂ ᠵᠠᠰᠠᠭ ᠵᠠᠬᠢᠷᠭᠠᠨ ᠤ ᠬᠠᠤᠯᠢ ᠪᠠᠷᠢᠬᠤ ᠦᠢᠯᠡ ᠠᠵᠢᠯᠯᠠᠭ᠎ᠠ ᠶᠢ ᠤᠯᠠᠮ ᠳᠦᠷᠢᠮᠵᠢᠭᠦᠯᠦᠨ᠎ᠡ᠃

    ᠵᠠᠰᠠᠭ ᠵᠠᠬᠢᠷᠭᠠᠨ ᠤ ᠲᠢᠩᠬᠢᠮ ᠤᠨ ᠯᠢ ᠶᠠᠨ ᠲᠢᠩᠬᠢᠮ ᠤᠨ ᠳᠠᠷᠤᠭ᠎ᠠ 5 ᠰᠠᠷᠠᠢᠨ 15 ᠤ ᠡᠳᠦᠷ ᠦᠨ 20 ᠳ᠋ᠤᠭᠠᠷ ᠬᠤᠭᠤᠴᠠᠭᠠᠨ ᠤ ᠢᠳᠡᠷ ᠵᠠᠯᠠᠭᠤ ᠺᠠᠳᠠᠷ ᠤᠨ ᠠᠩᠭᠢ ᠳᠤ《ᠤᠳᠤᠷᠢᠳᠤᠯᠭ᠎ᠠ ᠺᠠᠳᠠᠷ ᠬᠠᠤᠯᠢ ᠶᠣᠰᠣᠭᠠᠷ ᠵᠠᠰᠠᠭ ᠵᠠᠬᠢᠷᠭᠠᠨ ᠤ ᠪᠤᠳᠠᠳᠤ ᠠᠵᠢᠯ ᠤᠨ ᠵᠢᠱᠢᠶ᠎ᠡ》 ᠲᠤᠰᠭᠠᠢ ᠰᠡᠳᠦᠪᠲᠦ ᠬᠢᠴᠢᠶᠡᠯ ᠣᠷᠤᠪᠠ᠃ ᠯᠢ ᠶᠠᠨ ᠲᠢᠩᠬᠢᠮ ᠤᠨ ᠳᠠᠷᠤᠭ᠎ᠠ ᠮᠠᠨ ᠤ ᠬᠤᠳᠠ ᠶᠢᠨ ᠨᠠᠮ ᠤᠨ ᠬᠣᠷᠢᠶᠠᠨ ᠤ ᠨᠠᠮ ᠤᠨ ᠰᠤᠷᠭᠠᠭᠤᠯᠢ ᠶᠢᠨ ᠵᠠᠰᠠᠭ ᠵᠠᠬᠢᠷᠭᠠᠨ ᠤ ᠳᠡᠭᠡᠳᠦ ᠰᠤᠷᠭᠠᠭᠤᠯᠢ ᠶᠢᠨ ᠵᠣᠴᠢᠨ ᠫᠷᠥᠹᠸᠰᠰᠤᠷ ᠢᠶᠠᠷ ᠤᠷᠢᠭᠳᠠᠵᠤ᠂ ᠬᠤᠳᠠ ᠶᠢᠨ ᠨᠠᠮ ᠤᠨ ᠬᠣᠷᠢᠶᠠᠨ ᠤ ᠨᠠᠮ ᠤᠨ ᠰᠤᠷᠭᠠᠭᠤᠯᠢ ᠶᠢᠨ ᠳᠡᠳ᠋ ᠵᠠᠬᠢᠷᠤᠯ ᠰᠦ ᠶᠦᠩ ᠴᠢᠩ ᠯᠢ ᠶᠠᠨ ᠲᠢᠩᠬᠢᠮ ᠤᠨ ᠳᠠᠷᠤᠭ᠎ᠠ ᠳᠤ ᠤᠷᠢᠵᠤ ᠬᠡᠷᠡᠭᠯᠡᠬᠦ ᠦᠨᠡᠮᠡᠯᠡᠯ ᠣᠯᠭᠤᠪᠠ᠃

ᠦᠨᠡᠯᠡᠬᠦ 0ᠦᠨᠡᠯᠡᠯᠲᠡ ᠲᠠᠢ


( ᠨᠧᠲ ᠨᠠᠢᠵᠠ ᠵᠢᠨ ᠦᠨᠡᠯᠡᠯᠲᠡ ᠨᠢ ᠵᠦᠪᠭᠡᠨ ᠲᠡᠭᠦᠨ ᠊ᠤ᠌ ᠬᠤᠪᠢ ᠭᠦᠮᠦᠨ ᠊ᠤ᠌ ᠦᠵᠡᠯᠲᠡ ᠲᠡᠳᠦᠢ᠂ ᠲᠤᠰ ᠨᠧᠲ ᠦᠷᠳᠡᠭᠡ ᠲᠡᠭᠦᠨ ᠊ᠤ᠌ ᠦᠵᠡᠯᠲᠡ ᠵᠢ ᠵᠦᠪᠰᠢᠶᠡᠷᠡᠭᠰᠡᠨ ᠶᠠᠪᠤᠳᠠᠯ ᠤᠭᠳᠤ ᠪᠢᠰᠢ ᠶᠤᠮ᠃ )