ᠬᠤᠳᠠ ᠶᠢᠨ ᠠᠷᠠᠳ ᠤᠨ ᠳᠤᠮᠳᠠ ᠵᠡᠷᠭᠡ ᠶᠢᠨ ᠰᠢᠭᠦᠬᠦ ᠬᠣᠷᠢᠶ᠎ᠠ ᠲᠤᠰᠭᠠᠢ ᠰᠡᠳᠦᠪᠲᠦ ᠰᠤᠷᠤᠯᠴᠠᠬᠤ ᠬᠤᠷᠠᠯ ᠬᠤᠷᠠᠯᠳᠤᠭᠤᠯᠵᠤ ᠬᠠᠤᠯᠢ ᠴᠠᠭᠠᠵᠠ ᠶᠢᠨ ᠬᠠᠷᠢᠭᠤᠴᠠᠯᠭ᠎ᠠ ᠶᠢᠨ ᠳᠦᠷᠢᠮ ᠦᠨ ᠥᠭᠡᠷᠡᠴᠢᠯᠡᠯᠲᠡ ᠶᠢᠨ ᠠᠵᠢᠯ ᠢ ᠪᠦᠬᠦ ᠲᠠᠯ᠎ᠠ ᠪᠡᠷ ᠪᠠᠢᠷᠢᠯᠠᠭᠤᠯᠤᠯᠲᠠ ᠬᠢᠪᠡ
5 ᠰᠠᠷᠠᠢᠨ 11 ᠤ ᠡᠳᠦᠷ᠂ ᠥᠪᠡᠷᠲᠡᠭᠡᠨ ᠵᠠᠰᠠᠬᠤ ᠣᠷᠤᠨ ᠤ ᠠᠷᠠᠳ ᠤᠨ ᠳᠡᠭᠡᠳᠦ ᠵᠡᠷᠭᠡ ᠶᠢᠨ ᠰᠢᠭᠦᠬᠦ ᠬᠣᠷᠢᠶ᠎ᠠ ᠤᠯᠠᠭᠠᠨᠬᠠᠳᠠ ᠬᠤᠳᠠ ᠶᠢᠨ ᠪᠠᠭᠠᠷᠢᠨ ᠵᠡᠭᠦᠨ ᠬᠣᠰᠢᠭᠤᠨ ᠤ ᠠᠷᠠᠳ ᠤᠨ ᠰᠢᠭᠦᠬᠦ ᠬᠣᠷᠢᠶᠠᠨ ᠳᠤ ᠪᠦᠬᠦ ᠣᠷᠤᠨ ᠤ ᠰᠢᠭᠦᠬᠦ ᠬᠣᠷᠢᠶ᠎ᠠ ᠶᠢᠨ ᠬᠠᠤᠯᠢ ᠴᠠᠭᠠᠵᠠ ᠶᠢᠨ ᠬᠠᠷᠢᠭᠤᠴᠠᠯᠭ᠎ᠠ ᠶᠢᠨ ᠳᠦᠷᠢᠮ ᠦᠨ ᠥᠭᠡᠷᠡᠴᠢᠯᠡᠯᠲᠡ ᠶᠢ ᠪᠦᠬᠦ ᠲᠠᠯ᠎ᠠ ᠪᠡᠷ ᠨᠠᠢᠳᠠᠪᠤᠷᠢᠵᠢᠭᠤᠯᠬᠤ ᠶᠢ ᠳᠦᠯᠬᠢᠨ ᠠᠬᠢᠭᠤᠯᠬᠤ ᠬᠤᠷᠠᠯ᠎ᠠ ᠬᠤᠷᠠᠯᠳᠤᠭᠤᠯᠪᠠ᠃ ᠥᠪᠡᠷᠲᠡᠭᠡᠨ ᠵᠠᠰᠠᠬᠤ ᠣᠷᠤᠨ ᠤ ᠠᠷᠠᠳ ᠤᠨ ᠳᠡᠭᠡᠳᠦ ᠵᠡᠷᠭᠡ ᠶᠢᠨ ᠰᠢᠭᠦᠬᠦ ᠬᠣᠷᠢᠶᠠᠨ ᠤ ᠵᠣᠷᠢᠬᠤ ᠰᠠᠨᠠᠭ᠎ᠠ ᠶᠢ ᠨᠠᠷᠢᠨ ᠬᠢᠨᠠᠮᠠᠭᠠᠢ ᠳᠠᠮᠵᠢᠭᠤᠯᠵᠤ᠂ ᠰᠤᠷᠤᠯᠴᠠᠵᠤ ᠨᠠᠢᠳᠠᠪᠤᠷᠢᠵᠢᠭᠤᠯᠬᠤ ᠶᠢᠨ ᠲᠥᠯᠦᠭᠡ᠂ 5 ᠰᠠᠷᠠᠢᠨ 19 ᠤ ᠡᠳᠦᠷ᠂ ᠬᠤᠳᠠ ᠶᠢᠨ ᠠᠷᠠᠳ ᠤᠨ ᠳᠤᠮᠳᠠ ᠵᠡᠷᠭᠡ ᠶᠢᠨ ᠰᠢᠭᠦᠬᠦ ᠬᠣᠷᠢᠶ᠎ᠠ ᠲᠤᠰᠭᠠᠢ ᠰᠡᠳᠦᠪᠲᠦ ᠬᠤᠷᠠᠯ ᠬᠤᠷᠠᠯᠳᠤᠭᠤᠯᠵᠤ᠂ ᠬᠤᠷᠠᠯᠳᠤᠭᠠᠨ ᠤ ᠵᠣᠷᠢᠭ ᠰᠠᠨᠠᠭ᠎ᠠ ᠶᠢ ᠪᠦᠬᠦ ᠲᠠᠯ᠎ᠠ ᠪᠡᠷ ᠳᠠᠮᠵᠢᠭᠤᠯᠵᠤ ᠰᠤᠷᠤᠯᠴᠠᠵᠤ ᠨᠠᠢᠳᠠᠪᠤᠷᠢᠵᠢᠭᠤᠯᠵᠤ᠂ ᠳᠤᠮᠳᠠ ᠵᠡᠷᠭᠡ ᠶᠢᠨ ᠰᠢᠭᠦᠬᠦ ᠬᠣᠷᠢᠶᠠᠨ ᠤ ᠬᠠᠤᠯᠢ ᠴᠠᠭᠠᠵᠠ ᠶᠢᠨ ᠬᠠᠷᠢᠭᠤᠴᠠᠯᠭ᠎ᠠ ᠶᠢᠨ ᠳᠦᠷᠢᠮ ᠦᠨ ᠥᠭᠡᠷᠡᠴᠢᠯᠡᠯᠲᠡ ᠶᠢᠨ ᠠᠵᠢᠯ ᠢ ᠪᠠᠢᠷᠢᠯᠠᠭᠤᠯᠤᠯᠲᠠ ᠬᠢᠪᠡ᠃ ᠬᠤᠳᠠ ᠶᠢᠨ ᠨᠠᠮ ᠤᠨ ᠬᠣᠷᠢᠶᠠᠨ ᠤ ᠤᠯᠤᠰ ᠲᠥᠷᠦ ᠬᠠᠤ ᠢ ᠴᠠᠭᠠᠵᠠ ᠶᠢᠨ ᠬᠣᠷᠢᠶᠠᠨ ᠤ ᠸᠠᠩ ᠵᠢᠶᠠᠨ ᠫᠢᠩ ᠳᠡᠳ᠋ ᠱᠦᠵᠢ᠂ ᠬᠤᠳᠠ ᠶᠢᠨ ᠳᠤᠮᠳᠠ ᠵᠡᠷᠭᠡ ᠶᠢᠨ ᠰᠢᠭᠦᠬᠦ ᠬᠣᠷᠢᠶᠠᠨ ᠤ ᠤᠳᠤᠷᠢᠳᠬᠤ ᠪᠠᠭ᠂ ᠪᠦᠬᠦ ᠺᠠᠲᠠᠷ ᠴᠠᠭᠳᠠᠭ᠎ᠠ ᠬᠤᠷᠠᠯᠳᠤᠭᠠᠨ ᠳᠤ ᠣᠷᠤᠯᠴᠠᠪᠠ᠃ ᠬᠤᠳᠠ ᠶᠢᠨ ᠳᠤᠮᠳᠠ ᠵᠡᠷᠭᠡ ᠶᠢᠨ ᠰᠢᠭᠦᠬᠦ ᠬᠣᠷᠢᠶᠠᠨ ᠤ ᠳᠡᠳ᠋ ᠬᠣᠷᠢᠶᠠᠨ ᠳᠠᠷᠤᠭ᠎ᠠ ᠹᠠᠨ ᠶᠢᠦ ᠹᠠ ᠬᠤᠷᠠᠯ ᠡᠷᠬᠢᠯᠡᠪᠡ᠃
ᠬᠤᠷᠠᠯ ᠳᠡᠭᠡᠷ᠎ᠡ᠂ ᠬᠤᠳᠠ ᠶᠢᠨ ᠳᠤᠮᠳᠠ ᠵᠡᠷᠭᠡ ᠶᠢᠨ ᠰᠢᠭᠦᠬᠦ ᠬᠣᠷᠢᠶᠠᠨ ᠤ ᠳᠡᠳ᠋ ᠬᠣᠷᠢᠶᠠᠨ ᠳᠠᠷᠤᠭ᠎ᠠ ᠯᠢ ᠵᠢᠩ ᠭᠦᠧᠧ ᠬᠤ ᠢ ᠹᠧᠩ ᠬᠣᠷᠢᠶᠠᠨ ᠳᠠᠷᠤᠭ᠎ᠠ ᠶᠢᠨ ᠪᠦᠬᠦ ᠣᠷᠤᠨ ᠤ ᠰᠢᠭᠦᠬᠦ ᠬᠣᠷᠢᠶᠠᠨ ᠤ ᠬᠠᠤᠯᠢ ᠴᠠᠭᠠᠵᠠ ᠶᠢᠨ ᠬᠠᠷᠢᠭᠤᠴᠠᠯᠭ᠎ᠠ ᠶᠢᠨ ᠳᠦᠷᠢᠮ ᠤᠨ ᠥᠭᠡᠷᠡᠴᠢᠯᠡᠯᠲᠡ ᠵᠢ ᠪᠦᠬᠦ ᠲᠠᠯ᠎ᠠ ᠪᠡᠷ ᠨᠠᠢᠳᠠᠪᠤᠷᠢᠵᠢᠭᠤᠯᠬᠤ ᠶᠢ ᠲᠦᠯᠬᠢᠨ ᠠᠬᠢᠭᠤᠯᠬᠤ ᠬᠤᠷᠠᠯ ᠳᠡᠭᠡᠷᠡᠬᠢ ᠶᠠᠷᠢᠶᠠᠨ ᠤ ᠵᠣᠷᠢᠭ ᠰᠠᠨᠠᠭ᠎ᠠ ᠶᠢ ᠤᠤᠯ ᠦᠭᠡ ᠪᠡᠷ ᠳᠠᠮᠵᠢᠭᠤᠯᠪᠠ᠃ ᠬᠤᠳᠠ ᠶᠢᠨ ᠳᠤᠮᠳᠠ ᠵᠡᠷᠭᠡ ᠶᠢᠨ ᠰᠢᠭᠦᠬᠦ ᠬᠣᠷᠢᠶᠠᠨ ᠤ ᠳᠡᠳ᠋ ᠬᠣᠷᠢᠶᠠᠨ ᠳᠠᠷᠤᠭ᠎ᠠ ᠯᠢ ᠮᠧᠢ ᠷᠥᠩ ᠥᠪᠡᠷᠲᠡᠭᠡᠨ ᠵᠠᠰᠠᠬᠤ ᠣᠷᠤᠨ ᠤ ᠠᠷᠠᠳ ᠤᠨ ᠳᠡᠭᠡᠳᠦ ᠵᠡᠷᠭᠡ ᠶᠢᠨ ᠰᠢᠭᠦᠬᠦ ᠬᠣᠷᠢᠶᠠᠨ ᠤ ᠵᠢᠨ ᠵᠦ ᠳᠡᠳ᠋ ᠬᠣᠷᠢᠶᠠᠨ ᠳᠠᠷᠤᠭ᠎ᠠ ᠪᠠ ᠫᠦ᠋ ᠸᠧᠢ ᠭᠠᠩ ᠳᠡᠳ᠋ ᠬᠣᠷᠢᠶᠠᠨ ᠳᠠᠷᠤᠭ᠎ᠠ ᠪᠦᠬᠦ ᠣᠷᠤᠨ ᠤ ᠪᠦᠬᠦ ᠣᠷᠤᠨ ᠤ ᠰᠢᠭᠦᠬᠦ ᠬᠣᠷᠢᠶᠠᠨ ᠤ ᠬᠠᠤᠯᠢ ᠴᠠᠭᠠᠵᠠ ᠶᠢᠨ ᠬᠠᠷᠢᠭᠤᠴᠠᠯᠭ᠎ᠠ ᠶᠢᠨ ᠳᠦᠷᠢᠮ ᠤᠨ ᠥᠭᠡᠷᠡᠴᠢᠯᠡᠯᠲᠡ ᠵᠢ ᠪᠦᠬᠦ ᠲᠠᠯ᠎ᠠ ᠪᠡᠷ ᠨᠠᠢᠳᠠᠪᠤᠷᠢᠵᠢᠭᠤᠯᠬᠤ ᠶᠢ ᠲᠦᠯᠬᠢᠨ ᠠᠬᠢᠭᠤᠯᠬᠤ ᠬᠤᠷᠠᠯ《ᠪᠦᠬᠦ ᠣᠷᠤᠨ ᠤ ᠰᠢᠭᠦᠬᠦ ᠬᠣᠷᠢᠶᠠᠨ ᠤ ᠰᠢᠭᠦᠨ ᠲᠠᠰᠤᠯᠬᠤ ᠠᠩᠭᠢ ᠶᠢᠨ ᠲᠣᠬᠢᠷᠠᠭᠤᠯᠤᠯᠲᠠ ᠶᠢ ᠵᠢᠭᠠᠨ ᠵᠢᠯᠤᠭᠤᠳᠬᠤ ᠰᠠᠨᠠᠭᠤᠯᠭ᠎ᠠ》᠂《﹇ᠠᠷᠠᠳ ᠤᠨ ᠳᠡᠭᠡᠳᠦ ᠵᠡᠷᠭᠡ ᠶᠢᠨ ᠰᠢᠭᠦᠬᠦ ᠬᠣᠷᠢᠶᠠᠨ ᠤ ᠬᠠᠤᠯᠢ ᠴᠠᠭᠠᠵᠠ ᠶᠢᠨ ᠬᠠᠷᠢᠭᠤᠴᠠᠯᠭ᠎ᠠ ᠶᠢᠨ ᠳᠦᠷᠢᠮ ᠦᠨ ᠥᠭᠡᠷᠡᠴᠢᠯᠡᠯᠲᠡ ᠶᠢ ᠲᠡᠭᠦᠯᠳᠡᠷᠵᠢᠭᠦᠯᠬᠦ ᠤᠯᠠᠨ ᠰᠠᠨᠠᠭᠤᠯᠭ᠎ᠠ﹈ ᠵᠢ ᠲᠤᠤᠱᠯᠠᠭᠤᠯᠤᠨ ᠨᠠᠢᠳᠠᠪᠤᠷᠢᠵᠢᠭᠤᠯᠬᠤ ᠶᠢ ᠶᠠᠪᠤᠭᠳᠠᠭᠤᠯᠬᠤ ᠲᠤᠬᠠᠢ ᠨᠥᠬᠦᠪᠦᠷᠢ ᠰᠠᠨᠠᠭᠤᠯᠭ᠎ᠠ》 ᠶᠢᠨ ᠶᠠᠷᠢᠶᠠᠨ ᠤ ᠵᠣᠷᠢᠭ ᠰᠠᠨᠠᠭ᠎ᠠ ᠶᠢ ᠳᠠᠮᠵᠢᠭᠤᠯᠪᠠ᠃
ᠬᠤᠷᠠᠯ ᠳᠡᠭᠡᠷ᠎ᠡ᠂ ᠬᠣᠲᠠ ᠶᠢᠨ ᠨᠠᠮ ᠤᠨ ᠬᠣᠷᠢᠶᠠᠨ ᠤ ᠤᠯᠤᠰ ᠲᠥᠷᠦ ᠬᠠᠤᠯᠢ ᠴᠠᠭᠠᠵᠠ ᠶᠢᠨ ᠬᠣᠷᠢᠶᠠᠨ ᠤ ᠸᠠᠩ ᠵᠢᠶᠠᠨ ᠫᠢᠩ ᠳᠡᠳ᠋ ᠱᠦᠵᠢ ᠳᠠᠷᠠᠭᠠᠴᠢ ᠶᠢᠨ ᠠᠯᠬᠤᠮ ᠳᠤ ᠪᠦᠬᠦ ᠬᠤᠳᠠ ᠶᠢᠨ ᠬᠠᠤᠯᠢ ᠴᠠᠭᠠᠵᠠ ᠶᠢᠨ ᠬᠠᠷᠢᠭᠤᠴᠠᠯᠭ᠎ᠠ ᠶᠢᠨ ᠳᠦᠷᠢᠮ ᠦᠨ ᠥᠭᠡᠷᠡᠴᠢᠯᠡᠯᠲᠡ ᠶᠢᠨ ᠠᠵᠢᠯ ᠢ ᠭᠦᠨᠵᠡᠭᠡᠢᠷᠡᠨ ᠲᠦᠯᠬᠢᠨ ᠠᠬᠢᠭᠤᠯᠬᠤ ᠳᠤ ᠳᠥᠷᠪᠡᠨ ᠰᠠᠨᠠᠯ ᠳᠤᠷᠠᠳᠪᠠ᠃ ᠨᠢᠭᠡ ᠳᠤ ᠰᠢ ᠵᠢᠨ ᠫᠢᠩ ᠶᠡᠷᠦᠩᠬᠡᠢ ᠱᠦᠵᠢ ᠶᠢᠨ ᠥᠭᠡᠷᠡᠴᠢᠯᠡᠯᠲᠡ ᠶᠢᠨ ᠲᠠᠨᠢᠯᠲᠠ ᠶᠢᠨ ᠣᠨᠤᠯ ᠪᠠ ᠠᠷᠭ᠎ᠠ ᠶᠢᠨ ᠣᠨᠤᠯ ᠢᠶᠠᠷ ᠵᠢᠯᠤᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠬᠠᠤᠯᠢ ᠴᠠᠭᠠᠵᠠ ᠶᠢᠨ ᠪᠠᠢᠭᠤᠯᠤᠯ ᠤᠨ ᠥᠭᠡᠷᠡᠴᠢᠯᠡᠯᠲᠡ ᠶᠢ ᠭᠤᠢᠪᠢᠰᠢ ᠦᠭᠡᠢ ᠲᠦᠯᠬᠢᠨ ᠠᠬᠢᠭᠤᠯᠤᠨ᠎ᠠ᠃ ᠬᠤᠶᠠᠷ ᠲᠤ ᠵᠠᠩᠭᠢᠯᠠᠭ᠎ᠠ ᠶᠢ ᠠᠳᠭᠤᠵᠤ᠂ ᠤᠨᠢ ᠳᠡᠭᠡᠷ᠎ᠡ ᠨᠢ ᠬᠦᠴᠦᠯᠡᠵᠦ᠂ ᠬᠠᠤᠯᠢ ᠴᠠᠭᠠᠵᠠ ᠶᠢᠨ ᠪᠠᠢᠭᠤᠯᠤᠯ ᠤᠨ ᠦᠭᠡᠢ ᠦᠷ᠎ᠡ ᠪᠦᠲᠦᠮᠵᠢ ᠲᠠᠢ ᠪᠠᠢᠬᠤ ᠶᠢ ᠲᠦᠯᠬᠢᠨ ᠠᠬᠢᠭᠤᠯᠤᠨ᠎ᠠ᠃ ᠭᠤᠷᠪᠠ ᠳᠤ ᠨᠢᠭᠡᠳᠦᠯᠲᠡᠢ ᠲᠥᠯᠦᠪᠯᠡᠨ ᠠᠬᠢᠭᠤᠯᠵᠤ᠂ ᠬᠠᠷᠢᠭᠤᠴᠠᠯᠭ᠎ᠠ ᠶᠢᠨ ᠳᠦᠷᠢᠮ ᠦᠨ ᠲᠥᠭᠦᠭᠡᠷᠦᠮᠵᠢ ᠶᠢ ᠤᠯᠠᠮ ᠨᠢᠭᠡ ᠠᠯᠬᠤᠮ ᠨᠠᠷᠢᠯᠢᠭᠵᠢᠭᠤᠯᠤᠨ ᠲᠡᠭᠦᠯᠳᠡᠷᠵᠢᠭᠦᠯᠦᠨ᠎ᠡ᠃ ᠳᠥᠷᠪᠡ ᠳᠤ ᠤᠳᠤᠷᠢᠳᠤᠯᠭ᠎ᠠ ᠶᠢ ᠴᠢᠩᠭᠠᠳᠭᠠᠵᠤ᠂ ᠬᠢᠨᠠᠯᠲᠠ ᠶᠢ ᠴᠢᠩᠭᠠᠳᠭᠠᠵᠤ᠂ ᠬᠠᠤᠯᠢ ᠴᠠᠭᠠᠵᠠ ᠶᠢᠨ ᠪᠠᠢᠭᠤᠯᠤᠯ ᠤᠨ ᠥᠭᠡᠷᠡᠴᠢᠯᠡᠯᠲᠡ ᠶᠢ ᠨᠠᠢᠳᠠᠪᠤᠷᠢᠵᠢᠭᠤᠯᠬᠤ ᠠᠵᠢᠯ ᠤᠨ ᠪᠠᠢᠭᠤᠯᠤᠮᠵᠢ ᠶᠢ ᠲᠡᠭᠦᠯᠳᠡᠷᠵᠢᠭᠦᠯᠦᠨ᠎ᠡ᠃
ᠬᠤᠷᠠᠯ ᠳᠡᠭᠡᠷ᠎ᠡ᠂ ᠬᠤᠳᠠ ᠶᠢᠨ ᠳᠤᠮᠳᠠ ᠵᠡᠷᠭᠡ ᠶᠢᠨ ᠰᠢᠭᠦᠬᠦ ᠬᠣᠷᠢᠶᠠᠨ ᠤ ᠬᠣᠷᠢᠶᠠᠨ ᠳᠠᠷᠤᠭ᠎ᠠ ᠯᠢ ᠾᠥᠩ ᠶᠠᠨ ᠴᠢᠬᠤᠯᠠ ᠶᠠᠷᠢᠶ᠎ᠠ ᠲᠠᠯᠪᠢᠪᠠ᠃ ᠶᠠᠷᠢᠶ᠎ᠠ ᠨᠢ ᠬᠠᠤᠯᠢ ᠴᠠᠭᠠᠵᠠ ᠶᠢᠨ ᠪᠠᠢᠭᠤᠯᠤᠯ ᠤᠨ ᠥᠭᠡᠷᠡᠴᠢᠯᠡᠯᠲᠡ ᠶᠢ ᠲᠦᠯᠬᠢᠨ ᠠᠬᠢᠭᠤᠯᠬᠤ ᠶᠢᠨ ᠠᠴᠢ ᠬᠣᠯᠪᠤᠭᠳᠠᠯ ᠢ ᠴᠢᠩᠭᠠᠳᠭᠠᠵᠤ᠂ ᠡᠷᠬᠡ ᠲᠠᠯᠪᠢᠵᠤ ᠬᠠᠷᠢᠭᠤᠴᠠᠯᠭ᠎ᠠ ᠨᠡᠮᠡᠬᠦ ᠪᠣᠯ ᠬᠠᠤᠯᠢ ᠴᠠᠭᠠᠵᠠ ᠶᠢᠨ ᠬᠠᠷᠢᠭᠤᠴᠠᠯᠭ᠎ᠠ ᠶᠢᠨ ᠳᠦᠷᠢᠮ ᠢ ᠵᠣᠬᠢᠴᠠᠯᠲᠠᠢ ᠲᠦᠯᠬᠢᠨ ᠠᠬᠢᠭᠤᠯᠬᠤ ᠠᠵᠢᠯ ᠤᠨ ᠭᠣᠣᠯ ᠱᠤᠭᠤᠮ ᠪᠣᠯᠬᠤ᠂ ᠬᠠᠤᠯᠢ ᠴᠠᠭᠠᠵᠠ ᠶᠢᠨ ᠬᠠᠷᠢᠭᠤᠴᠠᠯᠭ᠎ᠠ ᠶᠢᠨ ᠳᠦᠷᠢᠮ ᠦᠨ ᠥᠭᠡᠷᠡᠴᠢᠯᠡᠯᠲᠡ ᠪᠡᠷ ᠳᠠᠮᠵᠢᠵᠤ ᠡᠯ᠎ᠡ ᠲᠥᠷᠦᠯ ᠦᠨ ᠬᠠᠮᠢᠶᠠᠷᠤᠯᠲᠠ ᠶᠢᠨ ᠠᠵᠢᠯ ᠤᠨ ᠳᠦᠷᠢᠮᠵᠢᠯ ᠢ ᠪᠡᠶᠡᠯᠡᠭᠦᠯᠬᠦ᠂ ᠨᠠᠮ ᠤᠨ ᠪᠦᠲᠦᠭᠡᠨ ᠪᠠᠢᠭᠤᠯᠤᠯᠲᠠ ᠶᠢᠨ ᠠᠵᠢᠯ ᠢ ᠴᠢᠩᠭᠠᠳᠭᠠᠬᠤ ᠪᠣᠯ ᠬᠠᠤᠯᠢ ᠴᠠᠭᠠᠵᠠ ᠶᠢᠨ ᠬᠠᠷᠢᠭᠤᠴᠠᠯᠭ᠎ᠠ ᠶᠢᠨ ᠳᠦᠷᠢᠮ ᠦᠨ ᠥᠭᠡᠷᠡᠴᠢᠯᠡᠯᠲᠡ ᠶᠢᠨ ᠰᠠᠬᠢᠯᠭ᠎ᠠ ᠪᠠᠲᠤ ᠪᠠ ᠵᠣᠬᠢᠶᠠᠨ ᠪᠠᠢᠭᠤᠯᠤᠯᠲᠠ ᠶᠢᠨ ᠪᠠᠲᠤᠯᠠᠭ᠎ᠠ ᠵᠡᠷᠭᠡ ᠶᠢᠨ ᠲᠤᠬᠠᠢ ᠨᠠᠷᠢᠯᠢᠭ ᠲᠠᠢᠯᠪᠤᠷᠢᠯᠠᠯᠲᠠ ᠬᠢᠪᠡ᠃ ᠬᠤᠷᠠᠯ ᠳᠡᠭᠡᠷ᠎ᠡ᠂ ᠯᠢ ᠾᠥᠩ ᠶᠠᠨ ᠪᠦᠬᠦ ᠬᠣᠷᠢᠶᠠᠨ ᠤ ᠺᠠᠲᠠᠷ ᠴᠠᠭᠳᠠᠭ᠎ᠠ ᠡᠷᠬᠡᠪᠰᠢ《ᠤᠯᠠᠭᠠᠨᠬᠠᠳᠠ ᠬᠤᠷᠠᠯᠳᠤᠭᠠᠨ》 ᠪᠣᠯᠤᠨ ᠸᠠᠩ ᠵᠢᠶᠠᠨ ᠫᠢᠩ ᠳ᠋ᠡ ᠱᠦᠵᠢ ᠶᠢᠨ ᠶᠠᠷᠢᠶᠠᠨ ᠤ ᠵᠣᠷᠢᠭ ᠰᠠᠨᠠᠭ᠎ᠠ ᠶᠢ ᠬᠦᠨᠵᠡᠭᠡᠢ ᠣᠢᠯᠭᠠᠬᠤ ᠶᠢ ᠱᠠᠭᠠᠷᠳᠠᠵᠤ᠂ ᠳᠠᠷᠠᠭᠠᠴᠢ ᠶᠢᠨ ᠡᠬᠢᠯᠡᠬᠦ ᠬᠠᠤᠯᠢ ᠴᠠᠭᠠᠵᠠ ᠶᠢᠨ ᠳᠦᠷᠢᠮ ᠦᠨ ᠥᠭᠡᠷᠡᠴᠢᠯᠡᠯᠲᠡ ᠶᠢᠨ ᠠᠵᠢᠯ ᠳᠤᠮᠳᠠ ᠪᠦᠬᠦ ᠰᠡᠳᠭᠢᠯ ᠪᠦᠬᠦ ᠬᠦᠴᠦᠨ ᠵᠠᠩᠭᠢᠯᠠᠭ᠎ᠠ ᠪᠦᠷᠢ ᠳᠤ ᠲᠠᠯᠪᠢᠬᠤ ᠬᠡᠷᠡᠭᠲᠡᠢ᠃ ᠯᠢ ᠾᠥᠩ ᠶᠠᠨ ᠬᠣᠷᠢᠶᠠᠨ ᠳᠠᠷᠤᠭ᠎ᠠ ᠴᠢᠩᠭᠠᠳᠭᠠᠭᠰᠠᠨ ᠨᠢ᠂ ᠥᠭᠡᠷᠡᠴᠢᠯᠡᠯᠲᠡ ᠶᠢᠨ ᠵᠠᠮ ᠳᠡᠭᠡᠷ᠎ᠡ ᠵᠥᠪᠬᠡᠨ ᠵᠣᠷᠢᠭᠲᠠᠨ ᠢᠯᠠᠨ᠎ᠠ ᠭᠡᠪᠡ᠃ ᠪᠢᠳᠡ ᠢᠮᠠᠭᠲᠠ ᠥᠭᠡᠷᠡᠴᠢᠯᠡᠯᠲᠡ ᠶᠢᠨ ᠲᠡᠪᠴᠢᠶᠡᠷᠢ ᠶᠢ ᠪᠠᠷᠢᠮᠲᠠᠯᠠᠵᠤ᠂ ᠥᠭᠡᠷᠡᠴᠢᠯᠡᠯᠲᠡ ᠶᠢᠨ ᠬᠠᠳᠠᠨ ᠵᠣᠷᠢᠭ ᠢ ᠪᠠᠳᠠᠷᠠᠭᠤᠯᠤᠨ᠂ ᠶᠠᠭᠤ ᠬᠢᠪᠡᠴᠦ ᠳᠦᠷᠢ ᠲᠠᠢ ᠣᠪᠤᠷ ᠢᠶᠠᠷ ᠡᠯ᠎ᠡ ᠲᠥᠷᠦᠯ ᠦᠨ ᠥᠭᠡᠷᠡᠴᠢᠯᠡᠯᠲᠡ ᠪᠤᠲᠠᠲᠠᠢᠵᠢᠭᠤᠯᠵᠤ᠂ ᠪᠣᠳᠠᠲᠠᠢ ᠦᠷ᠎ᠡ ᠪᠦᠲᠦᠮᠵᠢ ᠲᠠᠢ ᠪᠠᠢᠵᠤ᠂ ᠰᠢᠭᠦᠨ ᠲᠠᠰᠤᠯᠬᠤ ᠭᠦᠢᠴᠡᠳᠬᠡᠬᠦ ᠠᠵᠢᠯ ᠤᠨ ᠰᠢᠨᠵᠢᠯᠡᠬᠦ ᠮᠡᠷᠭᠡᠵᠢᠯ ᠦᠨ ᠬᠥᠭᠵᠢᠯᠲᠡ ᠵᠢ ᠲᠦᠯᠬᠢᠨ ᠠᠬᠢᠭᠤᠯᠵᠤ᠂ ᠠᠷᠠᠳ ᠲᠦᠮᠡᠨ ᠢ ᠬᠠᠤᠯᠢ ᠴᠠᠭᠠᠵᠠ ᠶᠢᠨ ᠬᠡᠷᠡᠭ ᠪᠦᠷᠢ ᠳᠤᠮᠳᠠ ᠡᠷᠬᠡ ᠲᠡᠭᠰᠢ ᠲᠥᠪ ᠭᠣᠣᠯᠴᠢ ᠪᠠᠢᠬᠤ ᠶᠢ ᠤᠢᠯᠭᠠᠭᠤᠯᠬᠤ ᠪᠠᠷ ᠴᠢᠷᠮᠠᠢᠨ᠎ᠠ᠃
ᠬᠣᠲᠠ ᠶᠢᠨ ᠳᠤᠮᠳᠠ ᠵᠡᠷᠭᠡ ᠶᠢᠨ ᠰᠢᠭᠦᠬᠦ ᠬᠣᠷᠢᠶᠠᠨ ᠤ ᠹᠠᠨ ᠶᠢᠦ ᠹᠠ ᠳᠡᠳ᠋ ᠬᠣᠷᠢᠶᠠᠨ ᠳᠠᠷᠤᠭ᠎ᠠ ᠲᠤᠰ ᠤᠳᠠᠭᠠᠨ ᠤ ᠬᠤᠷᠠᠯᠳᠤᠭᠠᠨ ᠤ ᠵᠣᠷᠢᠭ ᠰᠠᠨᠠᠭ᠎ᠠ ᠶᠢᠨ ᠨᠠᠢᠳᠠᠪᠤᠷᠢᠵᠢᠭᠤᠯᠬᠤ ᠳᠤ ᠭᠤᠷᠪᠠᠨ ᠰᠠᠨᠠᠭᠤᠯᠭ᠎ᠠ ᠳᠤᠷᠠᠳᠪᠠ᠃ ᠨᠢᠭᠡ ᠳᠤ ᠲᠤᠰ ᠤᠳᠠᠭᠠᠨ ᠤ ᠬᠤᠷᠠᠯᠳᠤᠭᠠᠨ ᠤ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠣᠢᠯᠭᠠᠬᠤ ᠬᠡᠷᠡᠭᠲᠡᠢ᠃ ᠬᠤᠶᠠᠷ ᠲᠤ ᠬᠠᠳᠠᠭᠠᠰᠤ ᠬᠠᠳᠠᠬᠤ ᠵᠣᠷᠢᠭ ᠰᠠᠨᠠᠭ᠎ᠠ ᠪᠡᠷ ᠬᠠᠤᠯᠢ ᠴᠠᠭᠠᠵᠠ ᠶᠢᠨ ᠬᠠᠷᠢᠭᠤᠴᠠᠯᠭ᠎ᠠ ᠶᠢᠨ ᠳᠦᠷᠢᠮ ᠦᠨ ᠥᠭᠡᠷᠡᠴᠢᠯᠡᠯᠲᠡ ᠶᠢ ᠠᠵᠢᠯ ᠨᠠᠢᠳᠠᠪᠤᠷᠢᠵᠢᠭᠤᠯᠬᠤ ᠴᠢᠩᠭ᠎ᠠ ᠠᠳᠭᠤᠨ᠎ᠠ᠃ ᠭᠤᠷᠪᠠ ᠳᠤ ᠨᠢᠭᠡᠲᠦᠯᠲᠠᠢ ᠳᠤᠬᠢᠷᠠᠭᠤᠯᠵᠤ ᠨᠡᠢᠳᠡᠮ ᠳ᠋ᠤᠨᠢ ᠬᠠᠷᠠᠭᠠᠯᠵᠠᠬᠤ ᠪᠠᠷ ᠴᠢᠷᠮᠠᠢᠵᠤ᠂ ᠲᠣᠭᠲᠠᠭᠰᠠᠨ ᠡᠯ᠎ᠡ ᠲᠥᠷᠦᠯ ᠦᠨ ᠡᠭᠦᠷᠭᠡ ᠬᠠᠷᠠᠯᠲᠠ ᠪᠠᠨ ᠪᠦᠷᠢᠨ ᠲᠡᠭᠦᠰ ᠪᠡᠶᠡᠯᠡᠭᠦᠯᠦᠨ᠎ᠡ᠃
ᠦᠨᠡᠯᠡᠬᠦ 0ᠦᠨᠡᠯᠡᠯᠲᠡ ᠲᠠᠢ