2017 ᠣᠨ ᠤ 5 ᠰᠠᠷᠠᠢᠨ 24 ᠤ ᠡᠳᠦᠷ ᠦᠨ ᠦᠳᠡ ᠶᠢᠨ ᠬᠣᠢᠨ᠎ᠠ ᠶᠢᠨ ᠵᠢᠷᠭᠤᠭᠠᠨ ᠴᠠᠭ ᠲᠤ᠂ ᠬᠢᠶᠠᠨ ᠪᠠᠭᠰᠢ ᠨᠢᠭᠡᠳᠦᠭᠡᠷ ᠳᠤᠮᠳᠠᠳᠤ ᠰᠤᠷᠭᠠᠭᠤᠯᠢ ᠶᠢᠨ ᠳᠡᠭᠲᠡᠷᠲᠦ ᠬᠢᠴᠢᠶᠡᠯ ᠦᠨ ᠭᠡᠷ ᠲᠤ ᠬᠠᠶᠠ ᠨᠠᠮ ᠵᠢᠮ ᠲᠥᠪᠯᠡᠭᠦᠨ᠂ ᠬᠠᠶᠠ ᠬᠦᠷ ᠬᠥᠭᠵᠢᠶᠡᠨ ᠲᠠᠢ᠂ ᠬᠠᠶᠠ ᠨᠠᠷᠢᠨ ᠬᠢᠨᠠᠮᠠᠭᠠᠢ ᠶᠠᠷᠢᠯᠴᠠᠵᠤ᠂ ᠬᠠᠶᠠ ᠠᠯᠠᠭ᠎ᠠ ᠲᠠᠰᠢᠯᠲᠠ ᠨᠢᠵᠢᠭᠢᠨᠡᠵᠦ ᠪᠠᠢᠯ᠎ᠠ᠃ ᠤᠤᠯ ᠨᠢ ᠲᠤᠰ ᠰᠤᠷᠭᠠᠭᠤᠯᠢ ᠶᠢᠨ ᠬᠠᠤᠯᠢ ᠳᠦᠷᠢᠮ ᠦᠨ ᠳᠡᠳ᠋ ᠵᠠᠬᠢᠷᠤᠯ᠂ ᠬᠣᠲᠠ ᠶᠢᠨ ᠠᠷᠠᠳ ᠤᠨ ᠳᠤᠮᠳᠠ ᠵᠡᠷᠭᠡ ᠶᠢᠨ ᠰᠢᠭᠦᠬᠦ ᠬᠣᠷᠢᠶᠠᠨ ᠤ ᠰᠢᠭᠦᠭᠴᠢ ᠡᠵᠢ ᠪᠢᠶᠠᠨ ᠰᠢᠶᠣᠣ ᠶᠠᠨ ᠪᠦᠬᠦ ᠠᠩᠬ᠎ᠠ ᠨᠢᠭᠡ ᠶᠢᠨ ᠰᠤᠷᠤᠭᠴᠢ ᠳᠤ ᠰᠢᠨ᠎ᠡ ᠰᠡᠪᠡᠭᠦᠨ ᠬᠠᠤᠯᠢ ᠴᠠᠭᠠᠵᠠ ᠶᠢᠨ ᠮᠡᠳᠡᠯᠭᠡ ᠪᠡᠨ ᠬᠢᠴᠢᠶᠡᠯ ᠣᠷᠤᠵᠤ ᠪᠠᠢᠪᠠ᠃
ᠣᠢᠷ᠎ᠠ ᠶᠢᠨ ᠵᠢᠯ ᠳᠤ ᠰᠤᠷᠭᠠᠭᠤᠯᠢ ᠶᠢᠨ ᠬᠦᠷᠢᠶᠡᠨ ᠤ ᠳᠣᠷᠤᠮᠵᠢᠯᠠᠯ ᠤᠨ ᠮᠡᠳᠡᠭᠡ ᠤᠯᠠᠮ ᠠᠴᠠ ᠤᠯᠠᠮ ᠣᠯᠠᠰᠢᠷᠠᠵᠤ᠂ ᠰᠤᠷᠭᠠᠭᠤᠯᠢ ᠶᠢᠨ ᠬᠦᠷᠢᠶᠡᠨ ᠦ ᠬᠦᠴᠦᠷᠬᠡᠯᠡᠯ ᠤᠯᠠᠨ ᠡᠭᠦᠰᠴᠦ᠂ ᠰᠤᠷᠭᠠᠭᠤᠯᠢ ᠶᠢᠨ ᠬᠦᠷᠢᠶᠡᠨ ᠦ ᠳᠣᠷᠤᠮᠵᠢᠯᠠᠯ ᠤᠨ ᠠᠰᠠᠭᠤᠳᠠᠯ ᠨᠢ ᠨᠠᠰᠤᠨ ᠳᠤ ᠦᠯᠦ ᠬᠦᠷᠦᠭᠰᠡᠳ ᠦᠨ ᠪᠡᠶ᠎ᠡ ᠰᠡᠳᠭᠢᠯ ᠢ ᠬᠣᠬᠢᠷᠠᠭᠤᠯᠬᠤ ᠪᠡᠷ ᠪᠠᠷᠠᠬᠤ ᠪᠠᠰᠠ ᠨᠡᠢᠭᠡᠮ ᠦᠨ ᠶᠣᠰᠤ ᠰᠤᠷᠳᠠᠬᠤᠨ ᠤ ᠨᠠᠭᠠᠲᠤ ᠵᠠᠬ᠎ᠠ ᠶᠢᠨ ᠬᠣᠷᠢᠭ᠎ᠠ ᠱᠤᠭᠤᠮ ᠢ ᠬᠥᠨᠳᠡᠵᠦ ᠪᠠᠢᠬᠤ ᠶᠤᠮ᠃ ᠰᠤᠷᠤᠭᠴᠢᠳ ᠤᠨ ᠬᠠᠤᠯᠢ ᠳᠦᠷᠢᠮ ᠦᠨ ᠤᠬᠠᠮᠰᠠᠷ ᠢ ᠳᠡᠭᠡᠭᠰᠢᠯᠡᠭᠦᠯᠵᠦ᠂ ᠬᠥᠮᠦᠨ ᠦ ᠨᠡᠷ᠎ᠡ ᠬᠦᠨᠳᠦ ᠪᠠ ᠠᠮᠢ ᠨᠠᠰᠤ ᠶᠢ ᠦᠯᠦ ᠬᠠᠢᠬᠤᠷᠬᠤ ᠦᠢᠯᠡ ᠠᠵᠢᠯᠯᠠᠭ᠎ᠠ ᠶᠢ ᠬᠣᠷᠢᠭᠯᠠᠬᠤ ᠶᠢᠨ ᠲᠥᠯᠦᠭᠡ᠂ ᠪᠢᠶᠠᠨ ᠰᠢᠭᠦᠭᠴᠢ ᠲᠤᠰ ᠤᠳᠠᠭᠠᠨ ᠤ ᠶᠠᠷᠢᠶ᠎ᠠ ᠢᠯᠡᠳᠭᠡᠯ ᠢ《ᠰᠤᠷᠭᠠᠭᠤᠯᠢ ᠶᠢᠨ ᠬᠦᠷᠢᠶᠡᠨ ᠦ ᠳᠣᠷᠤᠮᠵᠢᠯᠠᠯ ᠢ ᠤᠷᠢ ᠵᠠᠯᠠᠭᠤ ᠨᠠᠰᠤᠨ ᠤ ᠰᠢᠷᠬ᠎ᠠ ᠪᠣᠯᠭᠠᠵᠤ ᠪᠣᠯᠬᠤ ᠦᠭᠡᠢ》 ᠭᠡᠬᠦ ᠭᠠᠷᠴᠠᠭ ᠢᠶᠠᠷ ᠶᠠᠷᠢᠪᠠ᠃ ᠪᠢᠶᠠᠨ ᠰᠢᠭᠦᠭᠴᠢ ᠪᠤᠳᠠᠳᠠᠢ ᠰᠤᠷᠭᠠᠭᠤᠯᠢ ᠶᠢᠨ ᠬᠦᠷᠢᠶᠡᠨ ᠦ ᠳᠣᠷᠤᠮᠵᠢᠯᠠᠯ ᠤᠨ ᠬᠡᠷᠡᠭ ᠦᠨ ᠵᠢᠱᠢᠶ᠎ᠡ ᠡᠴᠡ ᠡᠬᠢᠯᠡᠵᠦ᠂ ᠰᠤᠷᠭᠠᠭᠤᠯᠢ ᠶᠢᠨ ᠬᠦᠷᠢᠶᠡᠨ ᠦ ᠳᠣᠷᠤᠮᠵᠢᠯᠠᠯ ᠤᠨ ᠤᠬᠠᠭᠳᠠᠬᠤᠨ ᠪᠠ ᠪᠤᠢ ᠪᠣᠯᠤᠭᠰᠠᠨ ᠰᠢᠯᠳᠠᠭᠠᠨ᠂ ᠰᠤᠷᠭᠠᠭᠤᠯᠢ ᠶᠢᠨ ᠬᠦᠷᠢᠶᠡᠨ ᠦ ᠳᠣᠷᠤᠮᠵᠢᠯᠠᠯ ᠤᠨ ᠬᠠᠤᠯᠢ ᠴᠠᠭᠠᠵᠠ ᠶᠢᠨ ᠡᠴᠦᠰ ᠳ᠋ᠦᠩ ᠵᠢᠴᠢ ᠰᠤᠷᠭᠠᠭᠤᠯᠢ ᠶᠢᠨ ᠬᠦᠷᠢᠶᠡᠨ ᠦ ᠳᠣᠷᠤᠮᠵᠢᠯᠠᠯ ᠢ ᠰᠡᠷᠭᠡᠢᠯᠡᠬᠦ ᠶᠢ ᠵᠠᠳᠠᠯᠤᠪᠠ᠃ ᠲᠡᠷᠡ ᠮᠠᠰᠢ ᠶᠦᠮᠦᠷᠯᠢᠭ ᠦᠭᠡ ᠶᠠᠷᠢᠶ᠎ᠠ ᠪᠠ ᠠᠮᠢᠳᠤᠯᠢᠭ ᠬᠡᠷᠡᠭ ᠦᠨ ᠵᠢᠱᠢᠶ᠎ᠡ ᠪᠡᠷ ᠬᠡᠪᠰᠢᠮᠡᠯ ᠬᠠᠤᠯᠢ ᠴᠠᠭᠠᠵᠠ ᠶᠢᠨ ᠳᠦᠷᠢᠮ ᠲᠣᠭᠲᠠᠭᠠᠯ ᠢ ᠪᠤᠳᠠᠳᠠᠢ ᠪᠥᠭᠡᠳ ᠳᠤᠳᠤᠷᠬᠠᠢ ᠶᠠᠷᠢᠵᠤ᠂ ᠬᠡᠤᠬᠡᠳ ᠨᠠᠷ ᠮᠠᠰᠢ ᠤᠷᠮ᠎ᠠ ᠲᠠᠢ ᠰᠣᠨᠤᠰᠴᠤ᠂ ᠪᠢᠶᠠᠨ ᠰᠢᠭᠦᠭᠴᠢ ᠶᠢᠨ ᠠᠰᠠᠭᠤᠭᠰᠠᠨ ᠠᠰᠠᠭᠤᠯᠲᠠ ᠶᠢ ᠪᠤᠯᠢᠶᠠᠯᠳᠤᠨ ᠬᠠᠷᠢᠭᠤᠯᠵᠤ ᠪᠠᠢᠪᠠ᠃ ᠬᠠᠷᠢᠯᠴᠠᠨ ᠶᠠᠷᠢᠯᠴᠠᠬᠤ ᠦᠶ᠎ᠡ ᠳᠤ ᠰᠤᠷᠤᠭᠴᠢᠳ ᠢᠳᠡᠪᠬᠢᠲᠡᠢ ᠠᠰᠠᠭᠤᠵᠤ᠂ ᠢᠳᠡᠪᠬᠢᠲᠡᠢ ᠶᠠᠷᠢᠵᠤ᠂ ᠬᠦᠷ ᠬᠥᠭᠵᠢᠶᠡᠨ ᠲᠠᠢ ᠶᠠᠷᠢᠶ᠎ᠠ ᠢᠯᠡᠳᠭᠡᠯ ᠡᠴᠡ ᠬᠡᠤᠬᠡᠳ ᠨᠠᠷ ᠰᠤᠷᠭᠠᠭᠤᠯᠢ ᠶᠢᠨ ᠬᠦᠷᠢᠶᠡᠨ ᠦ ᠳᠣᠷᠤᠮᠵᠢᠯᠠᠯ ᠤᠨ ᠬᠣᠣᠷ ᠬᠥᠨᠦᠭᠡᠯ ᠢ ᠣᠢᠯᠭᠠᠵᠤ᠂ ᠬᠡᠷᠬᠢᠨ ᠳᠣᠷᠤᠮᠵᠢᠯᠠᠯ ᠢ ᠰᠡᠷᠭᠡᠢᠯᠡᠬᠦ ᠶᠢ ᠮᠡᠳᠡᠵᠦ᠂ ᠬᠡᠷᠬᠢᠨ ᠥᠪᠡᠷ ᠦᠨ ᠪᠡᠶ᠎ᠡ ᠪᠠᠨ ᠬᠠᠮᠠᠭᠠᠯᠠᠬᠤ ᠶᠢ ᠰᠤᠷᠪᠠ᠃
ᠣᠷᠳᠤᠰ ᠬᠤᠳᠠ ᠶᠢᠨ ᠠᠷᠠᠳ ᠤᠨ ᠳᠤᠮᠳᠠ ᠵᠡᠷᠭᠡ ᠶᠢᠨ ᠰᠢᠭᠦᠬᠦ ᠬᠣᠷᠢᠶᠠᠨ ᠤ ᠰᠢᠭᠦᠭᠴᠢ ᠡᠵᠢ ᠤᠬᠠᠭᠤᠯᠤᠨ ᠰᠤᠷᠲᠠᠯᠴᠠᠬᠤ ᠪᠦᠯᠬᠦᠮ ᠪᠠᠢᠭᠤᠯᠤᠭᠳᠠᠭᠰᠠᠨ ᠠᠴᠠ ᠨᠠᠰᠢ᠂ ᠳ᠋ᠦᠩᠱᠧᠩ᠂ ᠬᠢᠶᠠᠨ ᠪᠠᠭᠰᠢ ᠵᠡᠷᠭᠡ ᠤᠯᠠᠨ ᠭᠠᠵᠠᠷ ᠤᠨ ᠳᠤᠮᠳᠠᠳᠤ ᠪᠠᠭ᠎ᠠ ᠰᠤᠷᠭᠠᠭᠤᠯᠢ᠂ ᠳᠤᠰᠬᠠᠢ ᠮᠡᠷᠭᠡᠵᠢᠯ ᠦᠨ ᠰᠤᠷᠭᠠᠭᠤᠯᠢ ᠳᠤ ᠭᠦᠨᠵᠡᠭᠡᠢᠷᠡᠨ ᠬᠠᠤᠯᠢ ᠪᠠᠷ ᠵᠠᠰᠠᠬᠤ ᠶᠠᠷᠢᠶ᠎ᠠ ᠢᠯᠡᠳᠭᠡᠯ ᠬᠢᠪᠡ᠃ ᠳᠡᠭᠡᠷ᠎ᠡ ᠵᠢᠯ ᠦᠨ ᠡᠴᠦᠰ᠂ ᠬᠣᠲᠠ ᠶᠢᠨ ᠠᠷᠠᠳ ᠤᠨ ᠳᠤᠮᠳᠠ ᠵᠡᠷᠭᠡ ᠶᠢᠨ ᠰᠢᠭᠦᠬᠦ ᠬᠣᠷᠢᠶ᠎ᠠ ᠪᠣᠯᠤᠨ ᠬᠢᠶᠠᠨ ᠪᠠᠭᠰᠢ ᠰᠤᠷᠭᠠᠨ ᠬᠥᠮᠦᠵᠢᠯ ᠦᠨ ᠲᠣᠪᠴᠢᠶ᠎ᠠ ᠬᠣᠯᠪᠤᠭᠠᠯᠠᠨ ᠵᠠᠯᠠᠭᠤ ᠪᠠᠭᠠᠴᠤᠳ ᠤᠨ ᠬᠠᠤᠯᠢ ᠪᠠᠷ ᠵᠠᠰᠠᠬᠤ ᠤᠬᠠᠭᠤᠯᠤᠨ ᠰᠤᠷᠤᠯᠴᠠᠬᠤ ᠰᠤᠷᠭᠠᠨ ᠬᠥᠮᠦᠵᠢᠯ ᠦᠨ ᠰᠠᠭᠤᠷᠢᠨ ᠭᠠᠵᠠᠷ ᠪᠠᠢᠭᠤᠯᠵᠤ᠂ ᠨᠡᠩ ᠤᠯᠠᠨ ᠰᠢᠭᠦᠭᠴᠢ ᠡᠵᠢ ᠶᠠᠷᠢᠶ᠎ᠠ ᠢᠯᠡᠳᠭᠡᠯ ᠦᠨ ᠳᠠᠢᠰᠠᠨ ᠳᠤ ᠭᠠᠷᠴᠤ ᠪᠠᠭᠰᠢ ᠰᠤᠷᠤᠭᠴᠢ ᠳᠤ ᠬᠠᠤᠯᠢ ᠶᠢᠨ ᠬᠢᠴᠢᠶᠡᠯ ᠣᠷᠤᠪᠠ᠃ ᠰᠤᠷᠭᠠᠭᠤᠯᠢ ᠶᠢᠨ ᠬᠦᠷᠢᠶᠡᠨ ᠦ ᠤᠬᠠᠭᠤᠯᠤᠨ ᠰᠤᠷᠲᠠᠯᠴᠠᠬᠤ᠂ ᠳᠠᠭᠤᠷᠢᠶᠠᠮᠠᠯ ᠰᠢᠭᠦᠬᠦ ᠲᠢᠩᠬᠢᠮ᠂ ᠬᠠᠵᠠᠭᠤ ᠠᠴᠠ ᠰᠣᠨᠤᠰᠬᠤ ᠵᠡᠷᠭᠡ ᠤᠯᠠᠨ ᠠᠷᠭ᠎ᠠ ᠬᠡᠯᠪᠡᠷᠢ ᠪᠡᠷ ᠰᠤᠷᠤᠭᠴᠢᠳ ᠲᠤ ᠬᠠᠤᠯᠢ ᠶᠢ ᠮᠡᠳᠡᠭᠦᠯᠵᠦ᠂ ᠬᠠᠤᠯᠢ ᠶᠢ ᠣᠢᠯᠭᠠᠭᠤᠯᠵᠤ᠂ ᠬᠠᠤᠯᠢ ᠰᠠᠬᠢᠬᠤ ᠶᠢ ᠮᠡᠳᠡᠭᠦᠯᠦᠭᠰᠡᠨ ᠮᠥᠷᠲᠡᠭᠡᠨ ᠥᠪᠡᠷ ᠪᠡᠶ᠎ᠡ ᠪᠡᠨ ᠬᠡᠷᠬᠢᠨ ᠬᠠᠮᠠᠭᠠᠯᠠᠬᠤ ᠶᠢ ᠰᠤᠷᠴᠤ᠂ ᠰᠤᠷᠤᠭᠴᠢᠳ ᠤᠨ ᠬᠠᠤᠯᠢ ᠴᠠᠭᠠᠵᠠ ᠶᠢᠨ ᠢᠲᠡᠭᠡᠯ ᠪᠢᠰᠢᠷᠡᠯ ᠢ ᠪᠤᠢ ᠪᠣᠯᠭᠠᠪᠠ᠃ ᠰᠢᠭᠦᠭᠴᠢ ᠡᠵᠢ ᠤᠬᠠᠭᠤᠯᠬᠤ ᠰᠤᠷᠲᠠᠯᠴᠠᠬᠤ ᠪᠦᠯᠬᠦᠮ ᠨᠢ ᠪᠠᠭᠰᠢ ᠰᠤᠷᠤᠭᠴᠢ ᠶᠢᠨ ᠰᠠᠢᠨ ᠦᠨᠡᠯᠡᠯᠲᠡ ᠶᠢ ᠣᠯᠵᠤ᠂ ᠡᠭᠦᠨ ᠡᠴᠡ ᠬᠣᠵᠢᠮ ᠰᠢᠭᠦᠭᠴᠢ ᠡᠵᠢ ᠨᠠᠷ ᠨᠡᠩ ᠢᠳᠡᠪᠬᠢᠲᠡᠢ ᠪᠡᠷ ᠵᠠᠯᠠᠭᠤ ᠪᠠᠭᠠᠴᠤᠳ ᠤᠨ ᠬᠠᠤᠯᠢ ᠪᠡᠷ ᠵᠠᠰᠠᠬᠤ ᠤᠬᠠᠭᠤᠯᠭ᠎ᠠ ᠪᠠ ᠵᠠᠯᠠᠭᠤ ᠪᠠᠭᠠᠴᠤᠳ ᠤᠨ ᠡᠷᠬᠡ ᠶᠢ ᠬᠠᠮᠠᠭᠠᠯᠠᠬᠤ ᠬᠥᠳᠡᠯᠭᠡᠭᠡᠨ ᠳᠤ ᠣᠷᠤᠯᠴᠠᠵᠤ᠂ ᠵᠠᠯᠠᠭᠤ ᠪᠠᠭᠠᠴᠤᠳ ᠤᠨ ᠡᠷᠡᠭᠦᠯ ᠴᠢᠭᠢᠷᠠᠭ ᠪᠡᠷ ᠦᠰᠦᠨ ᠪᠣᠢᠵᠢᠬᠤ ᠳᠤ ᠨᠡᠩ ᠶᠡᠬᠡ ᠬᠦᠴᠦᠨ ᠡᠷᠭᠦᠵᠦ᠂ ᠬᠡᠤᠬᠡᠳ ᠪᠦᠷᠢ ᠵᠠᠯᠠᠭᠤ ᠨᠠᠰᠤ ᠪᠠᠶᠠᠷ
ᠦᠨᠡᠯᠡᠬᠦ 0ᠦᠨᠡᠯᠡᠯᠲᠡ᠎ᠲᠠᠢ