ᠵᠢᠷᠭᠤᠭᠠᠨ ᠰᠠᠷᠠᠢᠨ ᠨᠢᠭᠡᠨ ᠡᠴᠡ ᠡᠮᠦᠨ᠎ᠡ᠂ ᠣᠷᠳᠤᠰ ᠬᠤᠳᠠ ᠶᠢᠨ ᠠᠷᠠᠳ ᠤᠨ ᠳᠤᠮᠳᠠ ᠵᠡᠷᠭᠡ ᠶᠢᠨ ᠰᠢᠭᠦᠬᠦ ᠬᠣᠷᠢᠶᠠᠨ ᠤ《ᠰᠢᠭᠦᠭᠴᠢ ᠡᠵᠢ ᠤᠬᠠᠭᠤᠯᠤᠨ ᠰᠤᠷᠲᠠᠯᠴᠢᠯᠠᠬᠤ ᠪᠦᠯᠬᠦᠮ》 ᠦᠨ ᠬᠡᠰᠢᠭᠦᠨ᠂ ᠮᠥᠨᠴᠦ ᠣᠷᠳᠤᠰ ᠬᠤᠳᠠ ᠶᠢᠨ ᠬᠢᠶᠠᠨ ᠪᠠᠭᠰᠢ ᠲᠣᠭᠤᠷᠢᠭ ᠤᠨ ᠲᠤᠷᠰᠢᠯᠲᠠ ᠶᠢᠨ ᠪᠠᠭ᠎ᠠ ᠰᠤᠷᠭᠠᠭᠤᠯᠢ ᠶᠢᠨ ᠬᠠᠤᠯᠢ ᠴᠠᠭᠠᠵᠠ ᠶᠢᠨ ᠳᠡᠳ᠋ ᠵᠠᠬᠢᠷᠤᠯ ᠭᠤᠤ ᠢᠦᠢ ᠷᠸᠥ ᠰᠢᠭᠦᠭᠴᠢ ᠲᠤᠰ ᠰᠤᠷᠭᠠᠭᠤᠯᠢ ᠳᠤ ᠬᠦᠷᠴᠦ ᠳᠡᠭᠡᠳᠦ ᠣᠨ ᠤ ᠰᠤᠷᠤᠭᠴᠢᠳ ᠲᠤ ᠨᠢᠭᠡᠨ ᠠᠮᠢᠳᠤᠯᠢᠭ ᠬᠠᠤᠯᠢ ᠲᠦᠭᠡᠮᠡᠵᠢᠯᠡᠬᠦ ᠬᠢᠴᠢᠶᠡᠯ ᠣᠷᠤᠪᠠ᠃
ᠬᠢᠴᠢᠶᠡᠯ ᠨᠢ《ᠬᠠᠤᠯᠢ ᠴᠠᠭᠠᠵᠠ ᠶᠢ ᠣᠢᠯᠭᠠᠵᠤ᠂ ᠬᠠᠤᠯᠢ ᠰᠠᠬᠢᠳᠠᠭ ᠰᠤᠷᠤᠭᠴᠢ ᠪᠣᠯᠤᠶ᠎ᠠ》 ᠭᠡᠰᠡᠨ ᠰᠡᠳᠦᠪ ᠪᠡᠷ ᠬᠢᠶᠠᠨ ᠪᠠᠭᠰᠢ ᠲᠤᠷᠰᠢᠯᠲᠠ ᠶᠢᠨ ᠪᠠᠭ᠎ᠠ ᠰᠤᠷᠭᠠᠭᠤᠯᠢ ᠶᠢᠨ ᠳᠡᠭᠡᠳᠦ ᠣᠨ ᠤ ᠰᠤᠷᠤᠭᠴᠢᠳ ᠲᠤ ᠪᠠᠭ᠎ᠠ ᠰᠤᠷᠭᠠᠭᠤᠯᠢ ᠶᠢᠨ ᠰᠤᠷᠤᠭᠴᠢ ᠲᠠᠢ ᠬᠠᠮᠢᠶ᠎ᠠ ᠪᠦᠬᠦᠢ ᠬᠠᠤᠯᠢ ᠴᠠᠭᠠᠵᠠ ᠶᠢᠨ ᠮᠡᠳᠡᠯᠭᠡ ᠶᠢ ᠲᠦᠭᠡᠮᠡᠵᠢᠯᠡᠪᠡ᠂ ᠰᠤᠷᠭᠠᠭᠤᠯᠢ ᠶᠢᠨ ᠬᠦᠷᠢᠶᠡᠨ ᠦ ᠠᠮᠤᠷ ᠲᠦᠪᠰᠢᠨ ᠦ ᠲᠠᠯ᠎ᠠ ᠪᠡᠷ ᠬᠢ ᠥᠩᠭᠡᠷᠡᠭᠰᠡᠨ ᠵᠢᠯ ᠦᠨ ᠰᠢᠭᠦᠨ ᠲᠠᠰᠤᠯᠤᠯᠲᠠ ᠶᠢᠨ ᠦᠢᠯᠡᠳᠦᠯᠭᠡ ᠳᠤᠮᠳᠠᠬᠢ ᠨᠡᠢᠲᠡᠯᠢᠭ ᠵᠢᠱᠢᠶ᠎ᠡ ᠪᠡᠷ ᠭᠣᠣᠯᠳᠠᠭᠤᠯᠵᠤ᠂ ᠪᠠᠭᠠᠴᠤᠳ ᠤᠨ ᠰᠡᠳᠭᠢᠴᠡ ᠶᠢᠨ ᠣᠨᠴᠠᠯᠢᠭ ᠲᠠᠢ ᠤᠶᠠᠯᠳᠤᠭᠤᠯᠤᠨ᠂ ᠠᠮᠢᠳᠤᠯᠢᠭ ᠦᠭᠡ ᠬᠡᠯᠡ ᠪᠡᠷ ᠰᠤᠷᠤᠭᠴᠢᠳ ᠲᠤ ᠲᠠᠢᠯᠪᠤᠷᠢᠯᠠᠯᠲᠠ ᠬᠢᠵᠦ᠂ ᠬᠡᠤᠬᠡᠳ ᠤᠳ ᠥᠪᠡᠷ ᠦᠨ ᠪᠡᠶ᠎ᠡ ᠪᠠᠨ ᠬᠠᠮᠠᠭᠠᠯᠠᠬᠤ ᠴᠢᠳᠠᠪᠤᠷᠢ ᠶᠢ ᠴᠢᠩᠭᠠᠳᠭᠠᠵᠤ ᠶᠠᠯ᠎ᠠ ᠬᠢᠬᠦ ᠪᠠ ᠬᠣᠣᠷᠯᠠᠭᠳᠠᠬᠤ ᠠᠴᠠ ᠵᠠᠢᠳᠠᠬᠤ ᠶᠢ ᠰᠤᠷᠭᠠᠪᠠ᠃ ᠬᠢᠴᠢᠶᠡᠯ ᠦᠨ ᠲᠠᠩᠬᠢᠮ ᠳᠤ ᠬᠠᠷᠢᠯᠴᠠᠨ ᠶᠠᠷᠢᠯᠴᠠᠵᠤ᠂ ᠭᠤᠤ ᠰᠢᠭᠦᠭᠴᠢ ᠪᠠᠭᠰᠢ ᠰᠤᠷᠤᠭᠴᠢ ᠳᠤ ᠬᠠᠤᠯᠢ ᠴᠠᠭᠠᠵᠠ ᠶᠢᠨ ᠠᠰᠠᠭᠤᠯᠲᠠ ᠳᠤ ᠲᠠᠢᠯᠪᠤᠷᠢ ᠬᠢᠵᠦ᠂ ᠰᠤᠷᠤᠭᠴᠢᠳ ᠢᠳᠡᠪᠬᠢᠲᠡᠢ ᠰᠡᠳᠭᠢᠵᠦ ᠬᠠᠮᠢᠶ᠎ᠠ ᠪᠦᠬᠦᠢ ᠠᠰᠠᠭᠤᠯᠲᠠ ᠶᠢ ᠬᠠᠷᠢᠭᠤᠯᠪᠠ᠃ ᠬᠢᠴᠢᠶᠡᠯ ᠤᠨ ᠳᠠᠷᠠᠭ᠎ᠠ ᠪᠠᠭᠰᠢ ᠰᠤᠷᠤᠭᠴᠢ ᠪᠦᠷ《ᠰᠢᠭᠦᠭᠴᠢ ᠡᠵᠢ》 ᠶᠢᠨ ᠬᠢᠴᠢᠶᠡᠯ ᠨᠢ ᠬᠠᠤᠯᠢ ᠴᠠᠭᠠᠵᠠ ᠶᠢᠨ ᠨᠣᠮ ᠠᠴᠠ ᠠᠮᠢᠳᠤᠯᠢᠭ᠂ ᠨᠡᠩ ᠠᠮᠠᠷᠬᠠᠨ ᠣᠢᠯᠭᠠᠵᠤ᠂ ᠬᠣᠵᠢᠮ ᠡᠢᠮᠦᠷᠬᠦ ᠮᠠᠶᠢᠭ ᠤᠨ ᠬᠥᠳᠡᠯᠭᠡᠭᠡᠨ ᠢᠯᠡᠭᠦᠦ ᠥᠷᠨᠢᠭᠦᠯᠬᠦ ᠶᠢ ᠬᠦᠰᠡᠵᠦ ᠪᠠᠢᠨ᠎ᠠ᠃
ᠦᠨᠡᠯᠡᠬᠦ 0ᠦᠨᠡᠯᠡᠯᠲᠡ ᠲᠠᠢ