ᠪᠦᠬᠦ ᠬᠣᠲᠠ ᠶᠢᠨ ᠰᠢᠭᠦᠬᠦ ᠬᠣᠷᠢᠶᠠᠨ ᠤ ᠭᠦᠢᠴᠡᠳᠬᠡᠬᠦ ᠠᠵᠢᠯ ᠳᠡᠰ ᠳᠠᠷᠠᠭ᠎ᠠ ᠲᠠᠢ ᠶᠠᠪᠤᠭᠳᠠᠬᠤ ᠶᠢ ᠠᠬᠢᠭᠤᠯᠵᠤ᠂ ᠨᠢᠭᠡ ᠵᠢᠯ ᠤᠷᠢᠳᠴᠢᠯᠠᠨ《ᠭᠦᠢᠴᠡᠳᠬᠡᠬᠦ ᠳᠤ ᠬᠦᠴᠢᠷ》 ᠠᠰᠠᠭᠤᠳᠠᠯ ᠢ ᠦᠨᠳᠦᠰᠦᠨ ᠡᠴᠡ ᠨᠢ ᠰᠢᠢᠳᠪᠦᠷᠢᠯᠡᠬᠦ ᠶᠢᠨ ᠲᠥᠯᠦᠭᠡ᠂ ᠬᠤᠳᠠ ᠶᠢᠨ ᠨᠠᠮ ᠤᠨ ᠬᠣᠷᠢᠶᠠᠨ ᠤ ᠤᠯᠤᠰ ᠲᠥᠷᠦ ᠬᠠᠤᠯᠢ ᠴᠠᠭᠠᠵᠠ ᠶᠢᠨ ᠬᠣᠷᠢᠶᠠᠨ ᠤ ᠤᠳᠤᠷᠢᠳᠤᠯᠭ᠎ᠠ᠂ ᠠᠷᠠᠳ ᠤᠨ ᠲᠥᠯᠦᠭᠡᠯᠡᠭᠴᠢᠳ ᠤᠨ ᠶᠡᠬᠡ ᠬᠤᠷᠠᠯ ᠤᠨ ᠤᠯᠤᠰ ᠲᠥᠷᠦ ᠶᠢᠨ ᠵᠥᠪᠯᠡᠭᠡᠨ ᠦ ᠬᠢᠨᠠᠯᠲᠠ ᠳᠣᠣᠷ᠎ᠠ᠂ ᠬᠤᠳᠠ ᠶᠢᠨ ᠵᠠᠰᠠᠭ ᠤᠨ ᠣᠷᠳᠤᠨ ᠤ ᠳᠡᠮᠵᠢᠯᠭᠡ ᠳᠣᠣᠷ᠎ᠠ᠂ ᠣᠷᠳᠤᠰ ᠬᠤᠳᠠ ᠶᠢᠨ ᠠᠷᠠᠳ ᠤᠨ ᠳᠤᠮᠳᠠ ᠵᠡᠷᠭᠡ ᠶᠢᠨ ᠰᠢᠭᠦᠬᠦ ᠬᠣᠷᠢᠶᠠᠨ ᠤ ᠨᠠᠮ ᠤᠨ ᠤᠳᠤᠷᠢᠳᠬᠤ ᠳᠤᠭᠤᠢᠯᠠᠩ ᠮᠠᠨ ᠤ ᠬᠤᠳᠠ ᠶᠢᠨ ᠬᠤᠶᠠᠷ ᠱᠠᠳᠤᠨ ᠤ ᠰᠢᠭᠦᠬᠦ ᠬᠣᠷᠢᠶᠠᠨ ᠳᠤ《ᠵᠤᠨ ᠤ ᠤᠯᠠᠷᠢᠯ ᠤᠨ ᠳᠣᠭᠰᠢᠨ ᠰᠠᠯᠬᠢ》 ᠭᠦᠢᠴᠡᠳᠬᠡᠬᠦ ᠲᠤᠰᠭᠠᠢ ᠠᠵᠢᠯᠯᠠᠭ᠎ᠠ ᠵᠢ ᠲᠥᠪᠯᠡᠷᠡᠭᠦᠯᠦᠨ ᠥᠷᠨᠢᠭᠦᠯᠬᠦ ᠪᠡᠷ ᠲᠣᠭᠲᠠᠪᠠ᠃ 31 ᠡᠳᠦᠷ ᠦᠨ ᠠᠵᠢᠯᠯᠠᠭᠠᠨ ᠢᠶᠠᠷ ᠳᠠᠮᠵᠢᠵᠤ ᠳᠣᠪᠤᠢᠮ᠎ᠠ ᠠᠮᠵᠢᠯᠲᠠ ᠣᠯᠪᠠ᠃
2017 ᠣᠨ ᠤ ᠨᠢᠭᠡᠳᠦᠭᠡᠷ ᠤᠯᠠᠷᠢᠯ ᠳᠤ ᠮᠠᠨ ᠤ ᠬᠤᠳᠠ ᠶᠢᠨ ᠬᠤᠶᠠᠷ ᠱᠠᠳᠤᠨ ᠤ ᠰᠢᠭᠦᠬᠦ ᠬᠣᠷᠢᠶᠠᠨ ᠤ ᠬᠡᠷᠡᠭ ᠳᠠᠭᠤᠰᠭᠠᠬᠤ ᠭᠦᠢᠴᠡᠳᠬᠡᠬᠦ ᠨᠤᠷᠮ᠎ᠠ ᠮᠥᠨᠴᠦ ᠳᠣᠣᠷ᠎ᠠ ᠪᠠᠢᠵᠤ᠂ ᠬᠡᠷᠡᠭ ᠳᠠᠭᠤᠰᠭᠠᠬᠤ ᠠᠬᠢᠴᠠ ᠨᠢ ᠳᠡᠭᠡᠳᠦ ᠵᠡᠷᠭᠡ ᠶᠢᠨ ᠰᠢᠭᠦᠬᠦ ᠬᠣᠷᠢᠶᠠᠨ ᠤ ᠬᠤ ᠢ ᠹᠧᠩ ᠬᠣᠷᠢᠶᠠᠨ ᠳᠠᠷᠤᠭ᠎ᠠ ᠶᠢᠨ ᠪᠦᠬᠦ ᠣᠷᠤᠨ ᠤ ᠳᠤᠮᠳᠠ ᠵᠡᠷᠭᠡ ᠶᠢᠨ ᠰᠢᠭᠦᠬᠦ ᠬᠣᠷᠢᠶᠠᠨ ᠤ ᠬᠣᠷᠢᠶᠠᠨ ᠳᠠᠷᠤᠭ᠎ᠠ ᠶᠢᠨ ᠬᠤᠷᠠᠯᠳᠤᠭᠠᠨ ᠳᠡᠭᠡᠷ᠎ᠡ ᠳᠤᠷᠠᠳᠤᠭᠰᠠᠨ《2017 ᠣᠨ ᠤ ᠵᠢᠯ ᠤᠨ ᠡᠴᠦᠰ ᠪᠦᠬᠦ ᠣᠷᠤᠨ ᠤ ᠰᠢᠭᠦᠬᠦ ᠬᠣᠷᠢᠶᠠᠨ ᠤ ᠬᠡᠷᠡᠭ ᠭᠦᠢᠴᠡᠳᠭᠡᠵᠦ ᠬᠡᠷᠡᠭ ᠰᠢᠢᠳᠪᠦᠷᠢᠯᠡᠬᠦ ᠡᠳ᠋ ᠬᠥᠷᠦᠩᠭᠡ ᠶᠢᠨ ᠨᠤᠷᠮ᠎ᠠ ᠨᠢ 85% ᠳᠡᠭᠡᠭᠰᠢ ᠪᠠᠢᠯᠭᠠᠵᠤ᠂ ᠰᠢᠭᠦᠬᠦ ᠴᠠᠭ ᠬᠢᠵᠠᠭᠠᠷ ᠤᠨ ᠳᠣᠲᠤᠷ᠎ᠠ ᠭᠦᠢᠴᠡᠳᠭᠡᠵᠦ ᠳᠠᠭᠤᠰᠭᠠᠭᠰᠠᠨ ᠨᠤᠷᠮ᠎ᠠ 80% ᠳᠡᠭᠡᠭᠰᠢ ᠪᠠᠢᠵᠤ᠂ ᠬᠡᠷᠡᠭ ᠭᠦᠢᠴᠡᠭᠡᠵᠦ ᠳᠠᠭᠤᠰᠭᠠᠭᠰᠠᠨ ᠬᠠᠷᠠᠯᠲᠠ ᠬᠦᠷᠬᠦ ᠨᠤᠷᠮ᠎ᠠ 80% ᠡᠴᠡ ᠳᠡᠭᠡᠭᠰᠢ ᠪᠠᠢᠬᠤ》 ᠬᠠᠷᠠᠯᠲᠠ ᠲᠠᠢ ᠵᠥᠷᠢᠶ᠎ᠡ ᠮᠠᠰᠢ ᠶᠡᠬᠡ ᠪᠠᠢᠨ᠎ᠠ᠃ ᠡᠭᠦᠨ ᠦ ᠲᠥᠯᠦᠭᠡ᠂ ᠣᠷᠳᠤᠰ ᠬᠤᠳᠠ ᠶᠢᠨ ᠠᠷᠠᠳ ᠤᠨ ᠳᠤᠮᠳᠠ ᠵᠡᠷᠭᠡ ᠶᠢᠨ ᠰᠢᠭᠦᠬᠦ ᠬᠣᠷᠢᠶᠠᠨ ᠤ ᠨᠠᠮ ᠤᠨ ᠤᠳᠤᠷᠢᠳᠬᠤ ᠳᠤᠭᠤᠢᠯᠠᠩ ᠮᠠᠨ ᠤ ᠬᠤᠳᠠ ᠶᠢᠨ ᠬᠤᠶᠠᠷ ᠱᠠᠳᠤᠨ ᠤ ᠰᠢᠭᠦᠬᠦ ᠬᠣᠷᠢᠶᠠᠨ ᠳᠤ《ᠵᠤᠨ ᠤ ᠤᠯᠠᠷᠢᠯ ᠤᠨ ᠳᠣᠭᠰᠢᠨ ᠰᠠᠯᠬᠢ》 ᠭᠦᠢᠴᠡᠳᠬᠡᠬᠦ ᠲᠤᠰᠭᠠᠢ ᠠᠵᠢᠯᠯᠠᠭ᠎ᠠ ᠲᠥᠪᠯᠡᠷᠡᠭᠦᠯᠦᠨ ᠥᠷᠨᠢᠭᠦᠯᠬᠦ ᠪᠡᠷ ᠲᠣᠭᠲᠠᠪᠠ᠃
ᠬᠤᠶᠠᠷ ᠱᠠᠳᠤᠨ ᠤ ᠰᠢᠭᠦᠬᠦ ᠬᠣᠷᠢᠶᠠᠨ ᠤ《 ᠵᠤᠨ ᠤ ᠤᠯᠠᠷᠢᠯ ᠤᠨ ᠳᠣᠭᠰᠢᠨ ᠰᠠᠯᠬᠢ》 ᠭᠦᠢᠴᠡᠳᠬᠡᠬᠦ ᠲᠤᠰᠭᠠᠢ ᠠᠵᠢᠯᠯᠠᠭ᠎ᠠ ᠨᠢ 4 ᠰᠠᠷᠠᠢᠨ 25 ᠤ ᠡᠳᠦᠷ ᠵᠢᠩᠬᠢᠨᠢ ᠪᠡᠷ ᠡᠬᠢᠯᠡᠵᠦ᠂ ᠲᠤᠰ ᠤᠳᠠᠭᠠᠨ ᠤ ᠬᠥᠳᠡᠯᠭᠡᠭᠡᠨ ᠳᠤ ᠣᠷᠤᠯᠴᠠᠭᠰᠠᠨ ᠪᠣᠯᠭᠠᠨ ᠢ ᠡᠯ᠎ᠡ ᠳᠤᠭᠤᠢᠯᠠᠩ ᠤᠨ ᠳᠤᠭᠤᠢᠯᠠᠩ ᠤᠨ ᠳᠠᠷᠤᠭ᠎ᠠ ᠬᠠᠷᠢᠭᠤᠴᠠᠵᠤ᠂ ᠭᠦᠢᠴᠡᠳᠭᠡᠭᠴᠢ ᠲᠠᠢ ᠬᠠᠮᠳᠤᠴᠢᠯᠠᠬᠤ ᠨᠠᠷᠢᠨ ᠬᠢᠨᠠᠮᠠᠭᠠᠢ ᠭᠦᠢᠴᠡᠳᠭᠡᠭᠳᠡᠭᠴᠢ ᠶᠢᠨ ᠮᠡᠳᠡᠭᠡ ᠵᠠᠩᠭᠢ ᠶᠢ ᠡᠮᠬᠢᠳᠭᠡᠵᠦ᠂ ᠠᠵᠢᠯᠯᠠᠭᠠᠨ ᠳᠤᠮᠳᠠ ᠠᠯᠳᠠᠭ᠎ᠠ ᠭᠠᠷᠭᠠᠬᠤ ᠦᠭᠡᠢ ᠪᠣᠯᠭᠠᠵᠠᠢ᠃ ᠠᠵᠢᠯᠯᠠᠭᠠᠨ ᠤ ᠳᠤᠭᠤᠢᠯᠠᠩ ᠭᠤᠴᠢᠨ ᠨᠢᠭᠡᠨ ᠡᠳᠦᠷ ᠦᠷᠭᠦᠯᠵᠢᠯᠡᠨ ᠠᠵᠢᠯᠯᠠᠵᠤ᠂ ᠠᠵᠢᠯᠯᠠᠭᠠᠨ ᠤ ᠬᠤᠭᠤᠴᠠᠭᠠᠨ ᠳᠤ ᠬᠤᠶᠠᠷ ᠱᠠᠳᠤᠨ ᠤ ᠰᠢᠭᠦᠬᠦ ᠬᠣᠷᠢᠶ᠎ᠠ ᠨᠡᠢᠲᠡ 13643 ᠬᠡᠷᠡᠭ ᠳᠠᠭᠤᠰᠭᠠᠵᠤ᠂ ᠬᠡᠷᠡᠭ ᠳᠠᠭᠤᠰᠭᠠᠭᠰᠠᠨ ᠬᠠᠷᠠᠯᠲᠠ 25.22 ᠳ᠋ᠦᠩᠰᠢᠭᠤᠷ ᠲᠥᠭᠦᠷᠢᠭ᠂ 1449 ᠬᠥᠮᠦᠨ ᠲᠦᠷ ᠬᠣᠷᠢᠵᠤ᠂ ᠢᠲᠡᠭᠡᠯ ᠠᠯᠳᠠᠭᠰᠠᠨ ᠭᠦᠢᠴᠡᠳᠭᠡᠭᠳᠡᠭᠴᠢ 3841 ᠬᠥᠮᠦᠨ᠂ 22 ᠠᠵᠤ ᠠᠬᠤᠢᠯᠠᠯ ᠢ ᠨᠡᠢᠲᠡᠯᠡᠵᠦ᠂ ᠨᠡᠢᠲᠡ 475 ᠬᠥᠮᠦᠨ(ᠬᠠᠤᠯᠢ ᠶᠢᠨ ᠴᠠᠭᠳᠠᠭ᠎ᠠ᠂ ᠬᠠᠤᠯᠢ ᠶᠢᠨ ᠠᠵᠢᠯᠴᠢᠨ ᠪᠠᠭᠲᠠᠨ᠎ᠠ) ᠲᠤᠰ ᠤᠳᠠᠭᠠᠨ ᠤ ᠠᠵᠢᠯᠯᠠᠭᠠᠨ ᠳᠤ ᠣᠷᠤᠯᠴᠠᠪᠠ᠃ ᠠᠵᠢᠯᠯᠠᠭᠠᠨ ᠳᠠᠭᠤᠰᠤᠭᠰᠠᠨ ᠤ ᠳᠠᠷᠠᠭ᠎ᠠ ᠪᠦᠬᠦ ᠬᠣᠲᠠ ᠶᠢᠨ ᠰᠢᠭᠦᠬᠦ ᠬᠣᠷᠢᠶᠠᠨ ᠤ ᠬᠡᠷᠡᠭ ᠭᠦᠢᠴᠡᠳᠬᠡᠬᠦ ᠬᠡᠷᠡᠭ ᠳᠠᠭᠤᠰᠭᠠᠬᠤ ᠨᠤᠷᠮ᠎ᠠ ᠨᠢ 46.75% ᠪᠣᠯᠵᠤ᠂ ᠲᠥᠯᠦᠪᠯᠡᠭᠰᠡᠨ ᠬᠠᠷᠠᠯᠲᠠ ᠳᠤ ᠬᠦᠷᠪᠡ᠃
ᠣᠳᠣᠬᠠᠨ ᠳᠤ᠂《ᠵᠤᠨ ᠤ ᠤᠯᠠᠷᠢᠯ ᠤᠨ ᠳᠣᠭᠰᠢᠨ ᠰᠠᠯᠬᠢ》 ᠭᠦᠢᠴᠡᠳᠬᠡᠬᠦ ᠲᠤᠰᠭᠠᠢ ᠠᠵᠢᠯᠯᠠᠭ᠎ᠠ ᠶᠢᠨ ᠬᠢᠨᠠᠯᠲᠠ ᠶᠢᠨ ᠳᠤᠭᠤᠢᠯᠠᠩ ᠨᠢᠭᠡᠨᠲᠡ ᠡᠯ᠎ᠡ ᠬᠣᠰᠢᠭᠤ ᠲᠣᠭᠤᠷᠢᠭ ᠤᠨ ᠰᠢᠭᠦᠬᠦ ᠬᠣᠷᠢᠶᠠᠨ ᠤ ᠬᠡᠷᠡᠭ ᠭᠦᠢᠴᠡᠳᠬᠡᠬᠦ ᠵᠢ ᠬᠢᠨᠠᠵᠤ᠂ ᠠᠵᠢᠯᠯᠠᠭᠠᠨ ᠤ ᠦᠷ᠎ᠡ ᠪᠦᠲᠦᠮᠵᠢ ᠶᠢ ᠪᠠᠢᠴᠠᠭᠠᠬᠤ ᠪᠡᠷ ᠳᠠᠮᠵᠢᠵᠤ ᠠᠵᠢᠯᠯᠠᠭᠠᠨ ᠨᠢ ᠪᠣᠳᠠᠲᠠᠢ ᠠᠮᠵᠢᠯᠲᠠ ᠤᠯᠬᠤ ᠶᠢ ᠪᠠᠲᠤᠯᠠᠨ᠎ᠠ᠃
ᠲᠤᠰ ᠤᠳᠠᠭᠠᠨ ᠤ《ᠵᠤᠨ ᠤ ᠤᠯᠠᠷᠢᠯ ᠤᠨ ᠳᠣᠭᠰᠢᠨ ᠰᠠᠯᠬᠢ》 ᠭᠦᠢᠴᠡᠳᠬᠡᠬᠦ ᠲᠤᠰᠭᠠᠢ ᠠᠵᠢᠯᠯᠠᠭ᠎ᠠ ᠨᠢ ᠪᠦᠬᠦ ᠬᠤᠳᠠ ᠶᠢᠨ ᠰᠢᠭᠦᠬᠦ ᠬᠣᠷᠢᠶᠠᠨ ᠤ ᠭᠦᠢᠴᠡᠳᠬᠡᠬᠦ ᠠᠵᠢᠯ ᠳᠤ ᠭᠦᠨ ᠥᠩᠭᠡ ᠪᠤᠳᠤᠭ ᠨᠡᠮᠡᠵᠦ᠂ ᠯᠤᠢᠪᠠᠷᠳᠠᠭᠴᠢ ᠳᠤ ᠰᠡᠷᠡᠮᠵᠢ ᠥᠭᠴᠦ᠂ ᠪᠦᠬᠦ ᠬᠤᠳᠠ ᠶᠢᠨ ᠰᠢᠭᠦᠬᠦ ᠬᠣᠷᠢᠶᠠᠨ ᠤ ᠳᠠᠷᠠᠭᠠᠴᠢ ᠶᠢᠨ ᠱᠠᠳᠤᠨ ᠤ ᠭᠦᠢᠴᠡᠳᠬᠡᠬᠦ ᠠᠵᠢᠯ ᠵᠢᠴᠢ ᠬᠠᠤᠯᠢ ᠴᠠᠭᠠᠵᠠ ᠶᠢᠨ ᠬᠠᠷᠢᠭᠤᠴᠠᠯᠭ᠎ᠠ ᠶᠢᠨ ᠳᠦᠷᠢᠮ ᠦᠨ ᠥᠭᠡᠷᠡᠴᠢᠯᠡᠯᠲᠡ ᠳᠤ ᠰᠠᠢᠨ ᠰᠠᠭᠤᠷᠢ ᠲᠠᠯᠪᠢᠵᠤ᠂ ᠨᠡᠩ ᠴᠤ ᠣᠷᠳᠤᠰ ᠬᠤᠳᠠ ᠶᠢᠨ ᠰᠢᠭᠦᠬᠦ ᠬᠣᠷᠢᠶ᠎ᠠ ᠥᠪᠡᠷᠲᠡᠭᠡᠨ ᠵᠠᠰᠠᠬᠤ ᠣᠷᠤᠨ ᠤ ᠳᠡᠭᠡᠳᠦ ᠵᠡᠷᠭᠡ ᠶᠢᠨ ᠰᠢᠭᠦᠬᠦ ᠬᠣᠷᠢᠶᠠᠨ ᠤ ᠳᠤᠷᠠᠳᠤᠭᠰᠠᠨ ᠨᠢᠭᠡ ᠵᠢᠯ ᠤᠷᠢᠳᠴᠢᠯᠠᠨ ᠭᠦᠢᠴᠡᠳᠬᠡᠬᠦ ᠳᠤ ᠬᠦᠴᠢᠷ ᠢ ᠦᠨᠳᠦᠰᠦᠨ ᠡᠴᠡ ᠨᠢ ᠰᠢᠢᠳᠪᠦᠷᠢᠯᠡᠬᠦ ᠬᠠᠷᠠᠯᠲᠠ ᠥᠭᠡᠳᠡ ᠪᠠᠰᠠ ᠨᠢᠭᠡ ᠠᠯᠬᠤᠮ ᠠᠯᠬᠤᠪᠠ᠃
ᠦᠨᠡᠯᠡᠬᠦ 0ᠦᠨᠡᠯᠡᠯᠲᠡ᠎ᠲᠠᠢ