ᠠᠷᠠᠳ ᠤᠨ ᠲᠥᠯᠦᠭᠡ ᠬᠠᠤᠯᠢ ᠪᠠᠷᠢᠬᠤ ᠠᠷᠭ᠎ᠠ ᠬᠡᠮᠵᠢᠶ᠎ᠡ ᠶᠢ ᠴᠢᠩᠭᠠᠳᠭᠠᠵᠤ ᠥᠨᠳᠦᠷ ᠪᠦᠲᠦᠮᠵᠢᠲᠦ ᠳᠥᠭᠦᠮ ᠳᠥᠲᠡ ᠦᠢᠯᠡᠴᠢᠯᠡᠭᠡ ᠶᠢ ᠦᠷᠭᠦᠯᠵᠢᠯᠡᠭᠦᠯᠦᠨ᠎ᠡ
2017.06.12 ᠲᠣᠰ ᠥᠷᠲᠡᠭᠡᠨ᠎ᠦ ᠨᠠᠢᠷᠠᠭᠤᠯᠤᠭᠴᠢ

ᠵᠠᠷᠭᠤ ᠶᠢᠨ ᠦᠢᠯᠡᠴᠢᠯᠡᠭᠡᠨ ᠦ ᠲᠥᠪ ᠰᠦᠯᠵᠢᠶᠡᠨ ᠳᠡᠭᠡᠷ᠎ᠡ ᠬᠡᠷᠡᠭ ᠳᠠᠩᠰᠠᠯᠠᠬᠤ᠂《12368》 ᠵᠠᠷᠭᠤ ᠶᠢᠨ ᠦᠢᠯᠡᠴᠢᠯᠡᠭᠡᠨ ᠦ ᠬᠠᠯᠠᠮ ᠤᠲᠠᠰᠤ ᠶᠢᠨ ᠪᠣᠯᠪᠠᠰᠤᠷᠠᠯ ᠤᠨ ᠠᠩᠭᠢ ᠡᠷᠬᠢᠯᠡᠪᠡ

 

 

 

 

 

 

 

 

      ᠵᠠᠷᠭᠤ ᠶᠢᠨ ᠦᠢᠯᠡᠴᠢᠯᠡᠭᠡᠨ ᠦ ᠲᠥᠪ ᠦᠨ ᠮᠡᠳᠡᠭᠡ ᠵᠠᠩᠭᠢᠴᠢᠯᠠᠯᠲᠠ ᠵᠢᠴᠢ ᠦᠢᠯᠡᠴᠢᠯᠡᠭᠡᠨ ᠦ ᠬᠢᠷᠢ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠰᠦᠯᠵᠢᠶᠡᠨ ᠲᠠᠪᠴᠠᠩ ᠤᠨ ᠲᠥᠬᠦᠮ ᠳᠦᠳᠡ ᠥᠨᠳᠦᠷ ᠪᠦᠲᠦᠮᠵᠢᠲᠠᠢ ᠳᠠᠪᠠᠭᠤᠯᠢᠭ ᠢ ᠭᠦᠢᠴᠡᠳ ᠠᠰᠢᠭᠯᠠᠨ᠂ ᠲᠤᠬᠠᠢ ᠶᠢᠨ ᠬᠥᠮᠦᠨ ᠳᠤ ᠨᠡᠩ ᠤᠯᠠᠨ ᠵᠠᠷᠭᠤ ᠬᠢᠬᠦ ᠲᠥᠬᠦᠮ ᠦᠵᠡᠭᠦᠯᠵᠦ᠂ ᠥᠪᠡᠷᠲᠡᠭᠡᠨ ᠵᠠᠰᠠᠬᠤ ᠣᠷᠤᠨ ᠤ ᠳᠡᠭᠡᠳᠦ ᠵᠡᠷᠭᠡ ᠶᠢᠨ ᠰᠢᠭᠦᠬᠦ ᠬᠣᠷᠢᠶᠠᠨ ᠤ ᠠᠵᠢᠯ ᠤᠨ ᠪᠠᠢᠷᠢᠯᠠᠭᠤᠯᠤᠯᠲᠠ ᠶᠢ ᠦᠨᠳᠦᠰᠦᠯᠡᠵᠦ᠂ 6 ᠰᠠᠷᠠᠢᠨ 8 ᠤ ᠡᠳᠦᠷ ᠦᠨ ᠦᠳᠡ ᠶᠢᠨ ᠡᠮᠦᠨ᠎ᠡ᠂ ᠵᠠᠷᠭᠤ ᠶᠢᠨ ᠦᠢᠯᠡᠴᠢᠯᠡᠭᠡᠨ ᠦ ᠲᠥᠪ ᠰᠦᠯᠵᠢᠶᠡᠨ ᠳᠡᠭᠡᠷ᠎ᠡ ᠬᠡᠷᠡᠭ ᠳᠠᠩᠰᠠᠯᠠᠬᠤ᠂《12368》 ᠵᠠᠷᠭᠤ ᠶᠢᠨ ᠦᠢᠯᠡᠴᠢᠯᠡᠭᠡᠨ ᠦ ᠬᠠᠯᠠᠮ ᠤᠲᠠᠰᠤ ᠶᠢᠨ ᠪᠣᠯᠪᠠᠰᠤᠷᠠᠯ ᠤᠨ ᠠᠩᠭᠢ ᠡᠷᠬᠢᠯᠡᠪᠡ᠃ ᠰᠦᠯᠵᠢᠶᠡᠨ ᠳᠡᠭᠡᠷ᠎ᠡ ᠬᠡᠷᠡᠭ ᠳᠠᠩᠰᠠᠯᠠᠬᠤ ᠠᠯᠬᠤᠮ ᠳᠠᠷᠠᠭ᠎ᠠ ᠶᠢ ᠣᠢᠯᠭᠠᠬᠤ ᠪᠠ ᠬᠡᠷᠡᠭᠯᠡᠬᠦ ᠶᠢ ᠳᠡᠭᠡᠭᠰᠢᠯᠡᠭᠦᠯᠬᠦ ᠶᠢᠨ ᠲᠥᠯᠦᠭᠡ᠂ ᠪᠦᠬᠦ ᠬᠤᠳᠠ ᠶᠢᠨ ᠠᠷᠪᠠᠨ ᠬᠡᠳᠦᠨ ᠬᠠᠤᠯᠢᠴᠢ ᠶᠢᠨ ᠬᠡᠷᠡᠭ ᠡᠷᠬᠢᠯᠡᠬᠦ ᠭᠠᠵᠠᠷ ᠤᠨ 30 ᠭᠠᠷᠤᠢ ᠬᠠᠤᠯᠢᠴᠢ ᠤᠷᠢᠯᠭ᠎ᠠ ᠶᠣᠰᠣᠭᠠᠷ ᠪᠣᠯᠪᠠᠰᠤᠷᠠᠯ ᠳᠤ ᠣᠷᠤᠯᠴᠠᠪᠠ᠃

      ᠬᠤᠳᠠ ᠶᠢᠨ ᠳᠤᠮᠳᠠ ᠵᠡᠷᠭᠡ ᠶᠢᠨ ᠰᠢᠭᠦᠬᠦ ᠬᠣᠷᠢᠶᠠᠨ ᠤ ᠰᠢᠭᠦᠨ ᠲᠠᠰᠤᠯᠬᠤ ᠺᠣᠮᠢᠰ ᠤᠨ ᠲᠤᠰᠭᠠᠢ ᠲᠤᠰᠢᠶᠠᠯᠲᠤ ᠬᠡᠰᠢᠭᠦᠨ ᠭ᠍ᠸ ᠵᠦᠩ ᠫᠢᠩ ᠬᠤᠷᠠᠯ ᠡᠷᠬᠢᠯᠡᠪᠡ᠃ ᠭ᠍ᠸ ᠲᠤᠰᠭᠠᠢ ᠳᠤᠰᠢᠶᠠᠯᠳᠤ ᠵᠢᠭᠠᠵᠤ ᠭᠠᠷᠭᠠᠭᠰᠠᠨ ᠨᠢ᠄ ᠰᠦᠯᠵᠢᠶᠡᠨ ᠳᠡᠭᠡᠷ᠎ᠡ ᠬᠡᠷᠡᠭ ᠳᠠᠩᠰᠠᠯᠠᠬᠤ ᠨᠢ ᠤᠤᠯ ᠤᠨ ᠬᠡᠷᠡᠭ ᠳᠠᠩᠰᠠᠯᠠᠬᠤ ᠦᠶᠡᠰ ᠲᠤᠬᠠᠢ ᠶᠢᠨ ᠬᠥᠮᠦᠨ ᠪᠠ ᠬᠠᠤᠯᠢᠴᠢ ᠰᠢᠭᠦᠬᠦ ᠬᠣᠷᠢᠶᠠᠨ ᠳᠤ ᠳᠠᠬᠢᠨ ᠳᠠᠪᠲᠠᠨ ᠵᠠᠷᠭᠤ ᠶᠢᠨ ᠮᠠᠲ᠋ᠧᠷᠢᠶᠠᠯ ᠲᠤᠰᠢᠶᠠᠬᠤ ᠴᠠᠭ ᠪᠠ ᠬᠦᠴᠦ ᠶᠢ ᠠᠷᠪᠢᠯᠠᠪᠠ᠃《12368》 ᠵᠠᠷᠭᠤ ᠶᠢᠨ ᠦᠢᠯᠡᠴᠢᠯᠡᠭᠡᠨ ᠦ ᠬᠠᠯᠠᠮ᠎ ᠤᠲᠠᠰᠤ ᠨᠢ ᠠᠷᠠᠳ ᠲᠦᠮᠡᠨ ᠬᠡᠷᠡᠭ ᠦᠨ ᠰᠤᠷᠠᠭ ᠵᠠᠩᠭᠢ ᠶᠢ ᠰᠤᠷᠠᠭᠯᠠᠬᠤ ᠪᠠ ᠰᠢᠭᠦᠭᠴᠢ ᠲᠠᠢ ᠬᠠᠷᠢᠯᠴᠠᠬᠤ ᠳᠤ ᠳᠥᠬᠦᠮ ᠪᠣᠯᠭᠠᠵᠤ᠂ ᠡᠨᠡᠬᠦ ᠬᠤᠶᠠᠷ ᠲᠥᠷᠦᠯ ᠨᠢ ᠮᠠᠨ ᠤ ᠣᠶᠤᠨ ᠤᠬᠠᠭᠠᠨᠲᠤ ᠰᠢᠭᠦᠬᠦ ᠬᠣᠷᠢᠶ᠎ᠠ ᠪᠦᠲᠦᠭᠡᠨ ᠪᠠᠢᠭᠤᠯᠬᠤ᠂ ᠬᠠᠤᠯᠢ ᠴᠠᠭᠠᠵᠠ ᠶᠢᠨ ᠦᠢᠯᠡᠴᠢᠯᠡᠭᠡ ᠶᠢ ᠦᠷᠭᠦᠯᠵᠢᠯᠡᠭᠦᠯᠬᠦ ᠶᠢᠨ ᠴᠢᠬᠤᠯᠠ ᠠᠷᠭ᠎ᠠ ᠬᠡᠮᠵᠢᠶ᠎ᠡ ᠪᠠᠢᠵᠤ᠂ ᠪᠦᠬᠦ ᠬᠣᠲᠠ ᠶᠢᠨ ᠰᠢᠭᠦᠬᠦ ᠬᠣᠷᠢᠶ᠎ᠠ ᠳᠡᠭᠡᠳᠦ ᠬᠡᠮᠵᠢᠶ᠎ᠡ ᠪᠡᠷ ᠴᠢᠬᠤᠯᠠᠴᠢᠯᠠᠵᠤ᠂ ᠪᠦᠬᠦ ᠬᠦᠴᠦᠨ ᠢᠶᠡᠷ ᠠᠵᠢᠯ ᠥᠷᠨᠢᠭᠦᠯᠬᠦ ᠬᠡᠷᠡᠭᠲᠡᠢ ᠮᠥᠷᠲᠡᠭᠡᠨ ᠨᠠᠷᠢᠯᠢᠭ ᠬᠢᠵᠦ ᠪᠣᠳᠠᠲᠠᠢ ᠪᠡᠷ ᠬᠢᠵᠦ᠂ ᠠᠷᠠᠳ ᠲᠦᠮᠡᠨ ᠳᠤ ᠪᠤᠳᠠᠳᠠᠢ ᠪᠡᠷ ᠳᠥᠭᠦᠮ ᠦᠵᠡᠭᠦᠯᠬᠦ ᠬᠡᠷᠡᠭᠲᠡᠢ᠃

     ᠪᠣᠯᠪᠠᠰᠤᠷᠠᠯ ᠤᠨ ᠠᠩᠭᠢ ᠳᠤ᠂ ᠮᠡᠷᠭᠡᠵᠢᠯ ᠦᠨ ᠢᠨᠵᠢᠨᠧᠷ ᠡᠮᠦᠨ᠎ᠡ ᠬᠣᠢᠨ᠎ᠠ ᠰᠦᠯᠵᠢᠶᠡᠨ ᠳᠡᠭᠡᠷ᠎ᠡ ᠬᠡᠷᠡᠭ ᠳᠠᠩᠰᠠᠯᠠᠬᠤ᠂《12368》ᠵᠠᠷᠭᠤ ᠶᠢᠨ ᠦᠢᠯᠡᠴᠢᠯᠡᠭᠡᠨ ᠦ ᠬᠠᠯᠠᠮ ᠤᠲᠠᠰᠤ ᠶᠢᠨ ᠦᠨᠳᠦᠰᠦᠨ ᠠᠵᠢᠯᠯᠠᠬᠤ ᠠᠯᠬᠤᠮ ᠳᠠᠷᠠᠭ᠎ᠠ ᠶᠢ ᠲᠠᠨᠢᠯᠴᠠᠭᠤᠯᠵᠤ᠂ ᠭᠣᠣᠯᠳᠠᠭᠤ ᠰᠦᠯᠵᠢᠶᠡᠨ ᠳᠡᠭᠡᠷ᠎ᠡ ᠳᠠᠩᠰᠠᠯᠠᠬᠤ᠂ ᠮᠠᠲ᠋ᠧᠷᠢᠶᠠᠯ ᠳᠠᠮᠵᠢᠭᠤᠯᠬᠤ᠂ ᠬᠡᠷᠡᠭ ᠦᠨ ᠰᠤᠷᠠᠭ ᠵᠠᠩᠭᠢ ᠰᠤᠷᠠᠭᠯᠠᠬᠤ ᠵᠡᠷᠭᠡ ᠠᠵᠢᠯᠯᠠᠬᠤ ᠠᠷᠭ᠎ᠠ ᠠᠪᠴᠢᠯ ᠢ ᠲᠤᠬᠠᠢ ᠲᠠᠯᠠᠪᠠᠢ ᠳᠤ ᠦᠵᠡᠭᠦᠯᠵᠦ᠂ ᠪᠣᠯᠪᠠᠰᠤᠷᠠᠯ ᠳᠤ ᠣᠷᠤᠯᠴᠠᠭᠰᠠᠨ ᠺᠠᠲᠠᠷ ᠴᠠᠭᠳᠠᠭ᠎ᠠ ᠪᠠ ᠬᠠᠤᠯᠢᠴᠢ ᠬᠡᠷᠡᠭᠯᠡᠬᠦ ᠶᠠᠪᠤᠴᠠ ᠳᠤ ᠲᠤᠯᠭᠠᠷᠠᠬᠤ ᠠᠰᠠᠭᠤᠳᠠᠯ ᠢ ᠨᠠᠷᠢᠯᠢᠭ ᠲᠠᠢᠯᠪᠤᠷᠢᠯᠠᠪᠠ᠃ ᠰᠦᠯᠵᠢᠶᠡᠨ ᠳᠡᠭᠡᠷ᠎ᠡ ᠬᠡᠷᠡᠭ ᠳᠠᠩᠰᠠᠯᠠᠬᠤ ᠪᠠ《12368》ᠵᠠᠷᠭᠤ ᠶᠢᠨ ᠦᠢᠯᠡᠴᠢᠯᠡᠭᠡᠨ ᠦ ᠬᠠᠯᠠᠮ ᠤᠲᠠᠰᠤ ᠪᠣᠯ ᠠᠷᠠᠳ ᠤᠨ ᠰᠢᠭᠦᠬᠦ ᠬᠣᠷᠢᠶᠠᠨ ᠤ ᠠᠷᠠᠳ ᠲᠤ ᠳᠥᠭᠦᠮ ᠦᠵᠡᠭᠦᠯᠬᠦ ᠰᠢᠨ᠎ᠡ ᠠᠷᠭ᠎ᠠ ᠬᠡᠮᠵᠢᠶ᠎ᠡ ᠭᠡᠵᠦ ᠪᠣᠯᠪᠠᠰᠤᠷᠠᠯ ᠳᠤ ᠣᠷᠤᠯᠴᠠᠭᠰᠠᠳ ᠢᠯᠡᠳᠭᠡᠵᠦ᠂ ᠲᠤᠰ ᠤᠳᠠᠭᠠᠨ ᠤ ᠪᠣᠯᠪᠠᠰᠤᠷᠠᠯ ᠨᠢ ᠤᠯᠠᠨ ᠢᠶᠠᠷ ᠰᠦᠯᠵᠢᠶᠡᠨ ᠳᠡᠭᠡᠷ᠎ᠡ ᠬᠡᠷᠡᠭ ᠳᠠᠩᠰᠠᠯᠠᠬᠤ ᠪᠠ《12368》ᠵᠠᠷᠭᠤ ᠶᠢᠨ ᠦᠢᠯᠡᠴᠢᠯᠡᠭᠡᠨ ᠦ ᠬᠠᠯᠠᠮ ᠤᠲᠠᠰᠤ ᠶᠢᠨ ᠳᠥᠭᠦᠮ ᠴᠢᠳᠠᠮᠵᠢ ᠪᠠ ᠠᠵᠢᠯᠯᠠᠬᠤ ᠴᠢᠳᠠᠪᠤᠷᠢ ᠵᠢ ᠤᠯᠠᠮ  ᠨᠢᠭᠡ ᠠᠯᠬᠤᠮ ᠣᠢᠯᠭᠠᠬᠤ ᠳᠤ ᠳᠤᠰᠠᠲᠠᠢ ᠪᠠᠢᠵᠤ᠂ ᠪᠦᠬᠦ ᠬᠤᠳᠠ ᠶᠢᠨ ᠰᠢᠭᠦᠬᠦ ᠬᠣᠷᠢᠶᠠᠨ ᠤ ᠬᠠᠮᠢᠶ᠎ᠠ ᠪᠦᠬᠦᠢ ᠠᠵᠢᠯ ᠥᠷᠨᠢᠭᠦᠯᠬᠦ ᠳᠤ ᠠᠰᠢᠭᠲᠠᠢ᠃

      ᠪᠣᠯᠪᠠᠰᠤᠷᠠᠯ ᠳᠠᠭᠤᠰᠤᠭᠰᠠᠨ ᠤ ᠳᠠᠷᠠᠭ᠎ᠠ᠂ ᠵᠠᠷᠭᠤ ᠶᠢᠨ ᠦᠢᠯᠡᠴᠢᠯᠡᠭᠡᠨ ᠦ ᠲᠥᠪ ᠬᠠᠤᠯᠢᠴᠢ ᠠᠴᠠ ᠰᠦᠯᠵᠢᠶᠡᠨ ᠳᠡᠭᠡᠷ᠎ᠡ ᠬᠡᠷᠡᠭ ᠳᠠᠩᠰᠠᠯᠠᠬᠤ᠂《12368》ᠵᠠᠷᠭᠤ ᠶᠢᠨ ᠦᠢᠯᠡᠴᠢᠯᠡᠭᠡᠨ ᠦ ᠬᠠᠯᠠᠮ ᠤᠲᠠᠰᠤ ᠵᠢᠴᠢ ᠵᠠᠷᠭᠤ ᠶᠢᠨ ᠦᠢᠯᠡᠴᠢᠯᠡᠭᠡᠨ ᠦ ᠲᠥᠪ ᠦᠨ ᠪᠦᠲᠦᠭᠡᠨ ᠪᠠᠢᠭᠤᠯᠤᠯᠲᠠ ᠵᠡᠷᠭᠡ ᠡᠯ᠎ᠡ ᠲᠥᠷᠦᠯ ᠦᠨ ᠠᠵᠢᠯ ᠤᠨ ᠲᠤᠬᠠᠢ ᠰᠠᠨᠠᠯ ᠪᠠ ᠰᠠᠨᠠᠭᠤᠯᠭ᠎ᠠ ᠠᠰᠠᠭᠤᠪᠠ᠃ ᠡᠭᠦᠨ ᠡᠴᠡ ᠬᠣᠵᠢᠮ ᠪᠦᠬᠦ ᠬᠣᠲᠠ ᠶᠢᠨ ᠰᠢᠭᠦᠬᠦ ᠬᠣᠷᠢᠶ᠎ᠠ ᠦᠷᠭᠦᠯᠵᠢᠯᠡᠨ ᠰᠠᠭᠠᠳ ᠦᠭᠡᠢ ᠵᠠᠷᠭᠤ ᠬᠢᠬᠦ ᠰᠦᠯᠵᠢᠶ᠎ᠡ᠂12368 ᠵᠠᠷᠭᠤ ᠶᠢᠨ ᠬᠠᠯᠠᠮ᠎ ᠤᠲᠠᠰᠤ ᠵᠡᠷᠭᠡ ᠰᠢᠰᠲ᠋ᠧᠮ ᠢᠶᠠᠷ ᠳᠠᠮᠵᠢᠵᠤ᠂ ᠪᠦᠬᠦ ᠲᠠᠯ᠎ᠠ ᠶᠢᠨ᠂ ᠪᠣᠳᠠᠲᠠᠢ《ᠰᠦᠯᠵᠢᠶ᠎ᠡ+》ᠵᠠᠷᠭᠤ ᠶᠢᠨ ᠦᠢᠯᠡᠴᠢᠯᠡᠭᠡ ᠵᠢ ᠴᠢᠷᠮᠠᠢᠨ ᠪᠠᠢᠭᠤᠯᠵᠤ᠂《ᠰᠤᠷᠠᠭ ᠵᠠᠩᠭᠢ ᠢᠯᠡᠭᠦᠦ ᠬᠥᠳᠡᠯᠵᠦ᠂ ᠠᠷᠠᠳ ᠲᠦᠮᠡᠨ ᠢ ᠳᠤᠲᠠᠭᠤ ᠭᠦᠶᠦᠯᠭᠡᠨ᠎ᠡ》᠂ ᠵᠠᠷᠭᠤ ᠬᠢᠵᠦ ᠪᠠᠢᠭ᠎ᠠ ᠠᠷᠠᠳ ᠲᠦᠮᠡᠨ ᠲᠤ ᠥᠨᠳᠦᠷ ᠪᠦᠲᠦᠮᠵᠢᠲᠦ ᠳᠥᠭᠦᠮ ᠳᠥᠲᠡ ᠬᠠᠤᠯᠢ ᠴᠠᠭᠠᠵᠠ ᠶᠢᠨ ᠦᠢᠯᠡᠴᠢᠯᠡᠭᠡ ᠲᠠᠰᠤᠷᠠᠯᠲᠠ ᠦᠭᠡᠢ ᠬᠠᠩᠭᠠᠨ᠎ᠠ᠃

ᠦᠨᠡᠯᠡᠬᠦ 0ᠦᠨᠡᠯᠡᠯᠲᠡ᠎ᠲᠠᠢ


( ᠨᠧᠲ ᠨᠠᠢᠵᠠ ᠵᠢᠨ ᠦᠨᠡᠯᠡᠯᠲᠡ᠎ᠨᠢ ᠵᠦᠪᠭᠡᠨ ᠲᠡᠭᠦᠨ ᠊ᠤ᠌ ᠬᠤᠪᠢ ᠭᠦᠮᠦᠨ ᠊ᠤ᠌ ᠦᠵᠡᠯᠲᠡ ᠲᠡᠳᠦᠢ᠂ ᠲᠤᠰ ᠨᠧᠲ ᠦᠷᠳᠡᠭᠡ ᠲᠡᠭᠦᠨ ᠊ᠤ᠌ ᠦᠵᠡᠯᠲᠡ ᠵᠢ ᠵᠦᠪᠱᠢᠶᠡᠷᠡᠭᠰᠡᠨ ᠶᠠᠪᠤᠳᠠᠯ ᠤᠭᠳᠤ ᠪᠢᠱᠢ᠎ᠶᠤᠮ᠃ )