ᠣᠷᠳᠤᠰ ᠬᠤᠳᠠ ᠶᠢᠨ ᠳᠤᠮᠳᠠ ᠵᠡᠷᠭᠡ ᠶᠢᠨ ᠰᠢᠭᠦᠬᠦ ᠬᠣᠷᠢᠶ᠎ᠠ ᠬᠠᠤᠯᠢ ᠴᠠᠭᠠᠵᠠ ᠶᠢᠨ ᠬᠠᠷᠢᠭᠤᠴᠠᠯᠭ᠎ᠠ ᠶᠢᠨ ᠳᠦᠷᠢᠮ ᠦᠨ ᠥᠭᠡᠷᠡᠴᠢᠯᠡᠯᠲᠡ ᠶᠢᠨ ᠳᠠᠢᠴᠢᠯᠠᠯᠲᠠ ᠶᠢᠨ ᠬᠤᠷᠠᠯ ᠬᠤᠷᠠᠯᠳᠤᠵᠤ
2017.06.15 ᠲᠣᠰ ᠥᠷᠲᠡᠭᠡᠨ᠎ᠦ ᠨᠠᠢᠷᠠᠭᠤᠯᠤᠭᠴᠢ

ᠣᠷᠳᠤᠰ ᠬᠤᠳᠠ ᠶᠢᠨ ᠳᠤᠮᠳᠠ ᠵᠡᠷᠭᠡ ᠶᠢᠨ ᠰᠢᠭᠦᠬᠦ ᠬᠣᠷᠢᠶ᠎ᠠ ᠬᠠᠤᠯᠢ ᠴᠠᠭᠠᠵᠠ ᠶᠢᠨ ᠬᠠᠷᠢᠭᠤᠴᠠᠯᠭ᠎ᠠ ᠶᠢᠨ ᠳᠦᠷᠢᠮ ᠦᠨ ᠥᠭᠡᠷᠡᠴᠢᠯᠡᠯᠲᠡ ᠶᠢᠨ ᠳᠠᠢᠴᠢᠯᠠᠯᠲᠠ ᠶᠢᠨ ᠬᠤᠷᠠᠯ ᠬᠤᠷᠠᠯᠳᠤᠵᠤ    ᠬᠠᠤᠯᠢ ᠴᠠᠭᠠᠵᠠ ᠶᠢᠨ ᠬᠠᠷᠢᠭᠤᠴᠠᠯᠭ᠎ᠠ ᠶᠢᠨ ᠳᠦᠷᠢᠮ ᠦᠨ ᠥᠭᠡᠷᠡᠴᠢᠯᠡᠯᠲᠡ ᠶᠢᠨ ᠠᠵᠢᠯ ᠢ ᠪᠦᠬᠦ ᠲᠠᠯ᠎ᠠ ᠪᠡᠷ ᠡᠬᠢᠯᠡᠭᠦᠯᠪᠡ

 

 

 

 

 

 

 

 

 

    《ᠪᠦᠬᠦ ᠣᠷᠤᠨ ᠤ ᠰᠢᠭᠦᠬᠦ ᠬᠣᠷᠢᠶᠠᠨ ᠤ ᠬᠠᠤᠯᠢ ᠴᠠᠭᠠᠵᠠ ᠶᠢᠨ ᠬᠠᠷᠢᠭᠤᠴᠠᠯᠭ᠎ᠠ ᠶᠢᠨ ᠳᠦᠷᠢᠮ ᠦᠨ ᠥᠭᠡᠷᠡᠴᠢᠯᠡᠯᠲᠡ ᠶᠢ ᠪᠦᠬᠦ ᠲᠠᠯ᠎ᠠ ᠪᠡᠷ ᠨᠠᠢᠳᠠᠪᠤᠷᠢᠵᠢᠭᠤᠯᠬᠤ ᠶᠢ ᠳᠦᠯᠬᠢᠨ ᠠᠬᠢᠭᠤᠯᠬᠤ ᠬᠤᠷᠠᠯ》 ᠤᠨ ᠵᠣᠷᠢᠭ ᠰᠠᠨᠠᠭ᠎ᠠ ᠶᠢ ᠲᠤᠤᠱᠯᠠᠭᠤᠯᠵᠤ᠂  ᠨᠠᠢᠳᠠᠪᠤᠷᠢᠵᠢᠭᠤᠯᠵᠤ᠂ ᠣᠷᠳᠤᠰ ᠤᠨ ᠳᠤᠮᠳᠠ ᠵᠡᠷᠭᠡ ᠶᠢᠨ ᠰᠢᠭᠦᠬᠦ ᠬᠣᠷᠢᠶᠠᠨ ᠤ ᠬᠠᠤᠯᠢ ᠴᠠᠭᠠᠵᠠ ᠶᠢᠨ ᠬᠠᠷᠢᠭᠤᠴᠠᠯᠭ᠎ᠠ ᠶᠢᠨ ᠳᠦᠷᠢᠮ ᠦᠨ ᠥᠭᠡᠷᠡᠴᠢᠯᠡᠯᠲᠡ ᠶᠢᠨ ᠠᠵᠢᠯ ᠤᠨ ᠪᠦᠬᠦ ᠲᠠᠯ᠎ᠠ ᠪᠡᠷ ᠡᠬᠢᠯᠡᠭᠦᠯᠵᠦ᠂ ᠡᠯ᠎ᠡ ᠲᠥᠷᠦᠯ ᠦᠨ ᠥᠭᠡᠷᠡᠴᠢᠯᠡᠯᠲᠡ ᠶᠢᠨ ᠠᠵᠢᠯ ᠢ ᠯᠠᠪᠳᠠᠭᠤᠨ᠂ ᠠᠯᠬᠤᠮ ᠳᠠᠷᠠᠭ᠎ᠠ ᠲᠠᠢ ᠲᠦᠯᠬᠢᠨ ᠠᠬᠢᠭᠤᠯᠬᠤ ᠶᠢ ᠪᠠᠲᠤᠯᠠᠬᠤ ᠶᠢᠨ ᠲᠥᠯᠦᠭᠡ᠂ 6 ᠰᠠᠷᠠᠢᠨ 12 ᠤ ᠡᠳᠦᠷ ᠡᠴᠡ 13 ᠪᠣᠯᠲᠠᠯ᠎ᠠ᠂ ᠣᠷᠳᠤᠰ ᠤᠨ ᠳᠤᠮᠳᠠ ᠵᠡᠷᠭᠡ ᠶᠢᠨ ᠰᠢᠭᠦᠬᠦ ᠬᠣᠷᠢᠶ᠎ᠠ ᠬᠠᠤᠯᠢ ᠴᠠᠭᠠᠵᠠ ᠶᠢᠨ ᠬᠠᠷᠢᠭᠤᠴᠠᠯᠭ᠎ᠠ ᠶᠢᠨ ᠳᠦᠷᠢᠮ ᠦᠨ ᠥᠭᠡᠷᠡᠴᠢᠯᠡᠯᠲᠡ ᠶᠢᠨ ᠳᠠᠢᠴᠢᠯᠠᠯᠲᠠ ᠶᠢᠨ ᠬᠤᠷᠠᠯ ᠪᠠ ᠶᠡᠷᠦᠩᠬᠡᠢᠯᠡᠭᠰᠡᠨ ᠰᠠᠯᠠᠭ᠎ᠠ ᠮᠥᠴᠢᠷ ᠦᠨ ᠬᠠᠷᠢᠭᠤᠴᠠᠯᠭᠠᠲᠠᠨ ᠵᠢᠴᠢ ᠰᠢᠭᠦᠨ ᠲᠠᠰᠤᠯᠬᠤ ᠳᠠᠷᠤᠭ᠎ᠠ ᠪᠣᠯᠬᠤ ᠪᠡᠷ ᠨᠡᠷ᠎ᠡ ᠮᠡᠳᠡᠭᠦᠯᠦᠭᠰᠡᠳ ᠦᠨ ᠲᠤᠰᠢᠶᠠᠯ ᠤᠨ ᠮᠡᠳᠡᠭᠦᠯᠦᠯᠲᠡ ᠴᠢᠭᠡᠴᠢ ᠶᠢᠨ ᠮᠡᠳᠡᠭᠦᠯᠦᠯᠲᠡ ᠶᠢᠨ ᠬᠢᠨᠠᠨ ᠰᠢᠯᠭᠠᠯᠲᠠ ᠶᠢᠨ ᠶᠡᠬᠡ ᠬᠤᠷᠠᠯ ᠢ ᠬᠤᠷᠠᠯᠳᠤᠭᠤᠯᠪᠠ᠃ ᠬᠤᠳᠠ ᠶᠢᠨ ᠠᠷᠠᠳ ᠤᠨ ᠳᠤᠮᠳᠠ ᠵᠡᠷᠭᠡ ᠶᠢᠨ ᠰᠢᠭᠦᠬᠦ ᠬᠣᠷᠢᠶ᠎ᠠ ᠶᠢᠨ ᠤᠳᠤᠷᠢᠳᠬᠤ ᠪᠠᠭ᠂ ᠪᠦᠬᠦ ᠺᠠᠲᠠᠷ ᠴᠠᠭᠳᠠᠭ᠎ᠠ ᠬᠤᠷᠠᠯ ᠳᠤ ᠣᠷᠤᠯᠴᠠᠪᠠ᠃ ᠳᠠᠢᠴᠢᠯᠠᠯᠲᠠ ᠶᠢᠨ ᠬᠤᠷᠠᠯ ᠪᠠ ᠲᠤᠰᠢᠶᠠᠯ ᠤᠨ ᠮᠡᠳᠡᠭᠦᠯᠦᠯᠲᠡ ᠴᠢᠭᠡᠴᠢ ᠶᠢᠨ ᠮᠡᠳᠡᠭᠦᠯᠦᠯᠲᠡ ᠶᠢᠨ ᠬᠢᠨᠠᠨ ᠪᠠᠢᠴᠠᠭᠠᠯᠲᠠ ᠶᠢᠨ ᠶᠡᠬᠡ ᠬᠤᠷᠠᠯ ᠢ ᠲᠤᠰᠪᠤᠷᠢ ᠬᠤᠳᠠ ᠶᠢᠨ ᠠᠷᠠᠳ ᠤᠨ ᠳᠤᠮᠳᠠ ᠵᠡᠷᠭᠡ ᠶᠢᠨ ᠰᠢᠭᠦᠬᠦ ᠬᠣᠷᠢᠶᠠᠨ ᠤ ᠠᠢ ᠹᠸᠢ ᠳᠡᠳ᠋ ᠬᠣᠷᠢᠶᠠᠨ ᠳᠠᠷᠤᠭ᠎ᠠ᠂ ᠯᠢ ᠵᠢᠩ ᠭᠦᠧᠧ ᠳᠡᠳ᠋ ᠬᠣᠷᠢᠶᠠᠨ ᠳᠠᠷᠤᠭ᠎ᠠ ᠡᠷᠬᠢᠯᠡᠪᠡ᠃

    ᠳᠠᠢᠴᠢᠯᠠᠯᠲᠠ ᠶᠢᠨ ᠬᠤᠷᠠᠯ ᠳᠡᠭᠡᠷ᠎ᠡ᠂ ᠯᠢ ᠵᠢᠩ ᠭᠦᠧᠧ ᠳᠡᠳ᠋ ᠬᠣᠷᠢᠶᠠᠨ ᠳᠠᠷᠤᠭ᠎ᠠ《 ᠣᠷᠳᠤᠰ ᠬᠤᠳᠠ ᠶᠢᠨ ᠠᠷᠠᠳ ᠤᠨ ᠳᠤᠮᠳᠠ ᠵᠡᠷᠭᠡ ᠶᠢᠨ ᠰᠢᠭᠦᠬᠦ ᠬᠣᠷᠢᠶᠠᠨ ᠤ ᠬᠠᠤᠯᠢ ᠴᠠᠭᠠᠵᠠ ᠶᠢᠨ ᠬᠠᠷᠢᠭᠤᠴᠠᠯᠭ᠎ᠠ ᠶᠢᠨ ᠳᠦᠷᠢᠮ ᠦᠨ ᠥᠭᠡᠷᠡᠴᠢᠯᠡᠯᠲᠡ ᠶᠢ ᠲᠦᠯᠬᠢᠨ ᠠᠬᠢᠭᠤᠯᠬᠤ ᠲᠤᠬᠠᠢ ᠬᠡᠷᠡᠭᠵᠢᠭᠦᠯᠬᠦ ᠲᠥᠰᠦᠪ》 ᠢ ᠤᠩᠰᠢᠵᠤ᠂ ᠥᠭᠡᠷᠡᠴᠢᠯᠡᠯᠲᠡ ᠶᠢᠨ ᠬᠠᠷᠠᠯᠲᠠ ᠶᠢᠨ ᠵᠠᠷᠴᠢᠮ᠂ ᠤᠯᠤᠰ ᠲᠥᠷᠦ ᠶᠢᠨ ᠶᠠᠪᠤᠳᠠᠯ ᠤᠨ ᠬᠠᠮᠢᠶᠠᠷᠤᠯᠲᠠ ᠵᠢᠴᠢ ᠰᠢᠭᠦᠨ ᠲᠠᠰᠤᠯᠬᠤ ᠡᠷᠬᠡ ᠶᠢᠨ ᠲᠣᠬᠢᠷᠠᠭᠤᠯᠤᠯᠲᠠ ᠶᠢᠨ ᠬᠡᠯᠪᠡᠷᠢ᠂ ᠰᠢᠭᠦᠨ ᠲᠠᠰᠤᠯᠤᠯᠲᠠ ᠶᠢᠨ ᠡᠷᠬᠡ ᠵᠢᠴᠢ ᠰᠢᠭᠦᠨ ᠲᠠᠰᠤᠯᠤᠯᠲᠠ ᠶᠢᠨ ᠬᠠᠮᠢᠶᠠᠷᠤᠯᠲᠠ ᠶᠢᠨ ᠡᠷᠬᠡ ᠶᠢᠨ ᠠᠵᠢᠯᠯᠠᠭᠠᠨ ᠤ ᠪᠠᠢᠭᠤᠯᠤᠮᠵᠢ᠂ ᠬᠢᠨᠠᠯᠲᠠ ᠶᠢᠨ ᠡᠷᠬᠡ ᠶᠢᠨ ᠠᠵᠢᠯᠯᠠᠭᠠᠨ ᠤ ᠪᠠᠢᠭᠤᠯᠤᠮᠵᠢ ᠶᠢᠨ ᠲᠤᠬᠠᠢ ᠨᠠᠷᠢᠨ ᠲᠠᠢᠯᠪᠤᠷᠢᠯᠠᠯᠲᠠ ᠬᠢᠪᠡ᠃ ᠠᠢ ᠹᠸᠢ ᠳᠡᠳ᠋ ᠬᠣᠷᠢᠶᠠᠨ ᠳᠠᠷᠤᠭ᠎ᠠ《 ᠰᠢᠭᠦᠨ ᠲᠠᠰᠤᠯᠬᠤ ᠳᠠᠷᠤᠭ᠎ᠠ ᠰᠣᠩᠭᠤᠬᠤ᠂ ᠵᠥᠪᠳᠡᠯᠴᠡᠬᠦ ᠲᠢᠩᠬᠢᠮ ᠵᠣᠬᠢᠶᠠᠨ ᠪᠠᠢᠭᠤᠯᠬᠤ ᠠᠷᠭ᠎ᠠ 》 ᠪᠠ《 ᠬᠠᠮᠢᠶ᠎ᠠ ᠪᠦᠬᠦᠢ ᠰᠠᠯᠠᠭ᠎ᠠ ᠮᠥᠴᠢᠷ ᠦᠨ ᠤᠳᠤᠷᠢᠳᠬᠤ ᠺᠠᠲᠠᠷ ᠢ ᠰᠢᠯᠭᠠᠬᠤ ᠠᠷᠭ᠎ᠠ ᠬᠡᠮᠵᠢᠶ᠎ᠡ》 ᠶᠢ ᠤᠩᠰᠢᠪᠠ᠃

    ᠬᠤᠷᠠᠯ ᠳᠡᠭᠡᠷ᠎ᠡ᠂ ᠬᠣᠲᠠ ᠶᠢᠨ ᠠᠷᠠᠳ ᠤᠨ ᠳᠤᠮᠳᠠ ᠵᠡᠷᠭᠡ ᠶᠢᠨ ᠰᠢᠭᠦᠬᠦ ᠬᠣᠷᠢᠶᠠᠨ ᠤ ᠬᠣᠷᠢᠶᠠᠨ ᠳᠠᠷᠤᠭ᠎ᠠ ᠯᠢ ᠾᠥᠩ ᠶᠠᠨ ᠴᠢᠬᠤᠯᠠ ᠶᠠᠷᠢᠶ᠎ᠠ ᠲᠠᠯᠪᠢᠪᠠ᠃ ᠯᠢ ᠾᠥᠩ ᠶᠠᠨ ᠬᠣᠷᠢᠶᠠᠨ ᠳᠠᠷᠤᠭ᠎ᠠ ᠣᠢᠷ᠎ᠠ ᠬᠤᠭᠤᠴᠠᠭᠠᠨ ᠤ ᠮᠠᠨ ᠤ ᠬᠣᠷᠢᠶᠠᠨ ᠤ ᠲᠣᠭᠲᠠᠭᠠᠭᠰᠠᠨ᠂ ᠲᠠᠷᠬᠠᠭᠰᠠᠨ ᠨᠢᠭᠡᠨ ᠰᠢᠷᠢᠰ ᠥᠭᠡᠷᠡᠴᠢᠯᠡᠯᠲᠡ ᠶᠢᠨ ᠳᠦᠷᠢᠮ᠂ ᠠᠷᠭ᠎ᠠ ᠬᠡᠮᠵᠢᠶ᠎ᠡ ᠳᠤ ᠲᠣᠭᠤᠷᠢᠭᠤᠯᠤᠨ᠂ ᠪᠦᠬᠦᠢᠯᠡ ᠳᠤᠳᠤᠭᠠᠳᠤ ᠪᠠᠢᠭᠤᠯᠤᠮᠵᠢ ᠵᠢᠴᠢ ᠬᠥᠮᠦᠨ᠂ ᠳᠦᠷᠢᠮᠵᠢᠭᠰᠡᠨ ᠰᠠᠯᠠᠭ᠎ᠠ ᠮᠥᠴᠢᠷ ᠵᠢᠴᠢ ᠵᠥᠪᠳᠡᠯᠴᠡᠬᠦ ᠲᠢᠩᠬᠢᠮ ᠦᠨ ᠬᠠᠷᠢᠭᠤᠴᠠᠯᠭ᠎ᠠ᠂ ᠠᠵᠢᠯ ᠮᠡᠷᠭᠡᠵᠢᠯ ᠦᠨ ᠪᠠᠲᠤᠯᠠᠭ᠎ᠠ ᠶᠢᠨ ᠨᠠᠢᠳᠠᠪᠤᠷᠢᠵᠢᠭᠤᠯᠬᠤ ᠪᠠ ᠠᠵᠢᠯ ᠤᠨ ᠤᠷᠠᠮᠰᠢᠭᠤᠯᠬᠤ ᠪᠠᠢᠭᠤᠯᠤᠮᠵᠢ ᠵᠡᠷᠭᠡ ᠳᠤ ᠶᠡᠷᠦᠩᠬᠡᠢ ᠴᠢᠨᠠᠷᠲᠠᠢ ᠲᠠᠢᠯᠪᠤᠷᠢ ᠬᠢᠵᠦ᠂ ᠺᠠᠲᠠᠷ ᠴᠠᠭᠳᠠᠭ᠎ᠠ ᠨᠡᠢᠳᠡᠮ ᠠᠩᠬᠠᠷᠴᠤ ᠪᠠᠢᠬᠤ ᠪᠠ ᠣᠷᠤᠰᠢᠵᠤ ᠪᠠᠢᠬᠤ ᠠᠰᠠᠭᠤᠳᠠᠯ ᠳᠤ ᠬᠠᠷᠢᠭᠤᠯᠲᠠ ᠬᠢᠪᠡ᠃ ᠯᠢ ᠾᠥᠩ ᠶᠠᠨ ᠴᠢᠩᠭᠠᠳᠭᠠᠭᠰᠠᠨ ᠨᠢ᠂ ᠲᠤᠰ ᠤᠳᠠᠭᠠᠨ ᠤ ᠥᠭᠡᠷᠡᠴᠢᠯᠡᠯᠲᠡ ᠨᠢ ᠬᠠᠪᠲᠠᠭᠠᠢ ᠰᠢᠭᠦᠨ ᠲᠠᠰᠤᠯᠤᠯᠲᠠ ᠶᠢᠨ ᠵᠣᠬᠢᠶᠠᠨ ᠪᠠᠢᠭᠤᠯᠤᠯᠲᠠ ᠶᠢ ᠪᠠᠢᠭᠤᠯᠵᠤ᠂ ᠡᠭᠦᠷᠭᠡ ᠬᠠᠷᠢᠭᠤᠴᠠᠯᠭ᠎ᠠ ᠲᠣᠳᠤᠷᠬᠠᠢ᠂ ᠡᠭᠦᠷᠭᠡ ᠬᠠᠷᠢᠭᠤᠴᠠᠯᠭ᠎ᠠ ᠨᠢᠭᠡᠲᠦᠯᠲᠡᠢ ᠰᠢᠭᠦᠨ ᠲᠠᠰᠤᠯᠤᠯᠲᠠ ᠶᠢᠨ ᠪᠠᠢᠭᠤᠯᠤᠮᠵᠢ ᠪᠠᠢᠭᠤᠯᠬᠤ ᠪᠡᠷ ᠳᠠᠮᠵᠢᠵᠤ᠂ ᠰᠢᠭᠦᠨ ᠲᠠᠰᠤᠯᠬᠤ ᠡᠷᠬᠡ ᠶᠢᠨ ᠠᠵᠢᠯᠯᠠᠭᠠᠨ ᠳᠤᠮᠳᠠ ᠵᠠᠰᠠᠭᠴᠢᠯᠠᠯ ᠤᠨ ᠠᠰᠠᠭᠤᠳᠠᠯ ᠢ ᠦᠭᠡᠢᠰᠭᠡᠵᠦ᠂《 ᠰᠢᠭᠦᠭᠴᠢ ᠪᠡᠷ ᠲᠠᠰᠤᠯᠤᠯᠲᠠ ᠬᠢᠯᠭᠡᠬᠦ᠂ ᠲᠠᠰᠤᠯᠤᠯᠲᠠ ᠬᠢᠭᠰᠡᠨ ᠢᠶᠡᠷ ᠬᠠᠷᠢᠴᠠᠭᠤᠯᠤᠨ᠎ᠠ》 ᠭᠡᠳᠡᠭ ᠢ ᠪᠡᠶᠡᠯᠡᠭᠦᠯᠵᠦ᠂ ᠦᠨᠡᠨᠬᠦ ᠬᠠᠤᠯᠢ ᠴᠠᠭᠠᠵᠠ ᠶᠢᠨ ᠬᠠᠷᠢᠭᠤᠴᠠᠯᠭ᠎ᠠ ᠶᠢᠨ ᠳᠦᠷᠢᠮ ᠢ ᠨᠠᠢᠳᠠᠪᠤᠷᠢᠵᠢᠭᠤᠯᠵᠤ᠂ ᠡᠷᠬᠡ ᠲᠠᠯᠪᠢᠬᠤ᠂ ᠬᠠᠷᠢᠭᠤᠴᠠᠯᠭ᠎ᠠ ᠨᠡᠮᠡᠬᠦ ᠪᠣᠯᠤᠨ ᠬᠢᠨᠠᠯᠲᠠ ᠶᠢ ᠨᠢᠭᠡᠳᠭᠡᠬᠦ ᠶᠢ ᠪᠡᠶᠡᠯᠡᠭᠦᠯᠦᠨ᠎ᠡ᠃ ᠯᠢ ᠾᠥᠩ ᠶᠠᠨ ᠬᠣᠷᠢᠶᠠᠨ ᠳᠠᠷᠤᠭ᠎ᠠ ᠵᠢᠭᠠᠨ ᠭᠠᠷᠭᠠᠭᠰᠠᠨ ᠨᠢ᠂ ᠬᠠᠤᠯᠢ ᠴᠠᠭᠠᠵᠠ ᠶᠢᠨ ᠬᠠᠷᠢᠭᠤᠴᠠᠯᠭ᠎ᠠ ᠶᠢᠨ ᠳᠦᠷᠢᠮ ᠦᠨ ᠥᠭᠡᠷᠡᠴᠢᠯᠡᠯᠲᠡ ᠪᠣᠯ ᠵᠠᠢᠯᠠᠵᠤ ᠪᠣᠯᠤᠰᠢ ᠦᠭᠡᠢ ᠰᠢᠯᠭᠠᠯᠲᠠ ᠮᠥᠩᠭᠦ᠂ ᠪᠢᠳᠡᠨ ᠦ ᠺᠠᠲᠠᠷ ᠴᠠᠭᠳᠠᠭ᠎ᠠ ᠪᠦᠷᠢ ᠡᠷᠬᠡᠪᠰᠢ ᠨᠠᠷᠢᠨ ᠬᠢᠨᠠᠮᠠᠭᠠᠢ ᠰᠡᠳᠭᠢᠭᠦ ᠪᠠ ᠢᠳᠡᠪᠬᠢᠲᠡᠢ ᠬᠥᠳᠡᠯᠵᠦ᠂ ᠥᠭᠡᠷᠡᠴᠢᠯᠡᠯᠲᠡ ᠶᠢᠨ ᠰᠢᠯᠭᠠᠯᠲᠠ ᠳᠤᠮᠳᠠ ᠰᠣᠷᠢᠯᠲᠠ ᠶᠢ ᠬᠦᠯᠢᠶᠡᠵᠦ᠂ ᠬᠢᠷᠢ ᠲᠡᠩᠴᠡᠭᠰᠡᠨ ᠦᠷ᠎ᠡ ᠪᠦᠲᠦᠮᠵᠢ ᠲᠤᠰᠢᠶᠠᠬᠤ ᠬᠡᠷᠡᠭᠲᠡᠢ᠃ ᠲᠡᠭᠦᠨ ᠦ ᠬᠦᠰᠡᠬᠦ ᠨᠢ᠂ ᠪᠦᠬᠦ ᠺᠠᠲᠠᠷ ᠴᠠᠭᠳᠠᠭ᠎ᠠ ᠰᠢᠨ᠎ᠡ ᠶᠢ ᠡᠭᠦᠳᠬᠦ ᠵᠣᠷᠢᠭ᠂ ᠲᠡᠷᠢᠭᠦᠨ ᠳᠤ ᠭᠠᠷᠬᠤ ᠬᠦᠴᠦ ᠵᠣᠷᠢᠭ᠂ ᠥᠷᠨᠢᠨ ᠳᠠᠪᠰᠢᠬᠤ ᠴᠤᠭ ᠵᠢᠪᠬᠤᠭ᠎ᠠ ᠪᠡᠷ ᠬᠦᠴᠢᠷ ᠪᠡᠷᠬᠡ ᠶᠢ ᠲᠤᠭᠤᠯᠵᠤ᠂ ᠵᠣᠷᠢᠭᠲᠠᠢ ᠬᠠᠷᠢᠭᠤᠴᠠᠵᠤ᠂ ᠬᠠᠮᠳᠤᠪᠡᠷ ᠬᠠᠤᠯᠢ ᠴᠠᠭᠠᠵᠠ ᠶᠢᠨ ᠬᠠᠷᠢᠭᠤᠴᠠᠯᠭ᠎ᠠ ᠶᠢᠨ ᠳᠦᠷᠢᠮ ᠦᠨ ᠥᠭᠡᠷᠡᠴᠢᠯᠡᠯᠲᠡ ᠶᠢ ᠰᠠᠢᠲᠤᠷ ᠬᠢᠵᠦ᠂ ᠥᠪᠡᠷᠲᠡᠭᠡᠨ ᠵᠠᠰᠠᠬᠤ ᠣᠷᠤᠨ ᠤ ᠪᠠᠢᠭᠤᠯᠤᠭᠳᠠᠭᠰᠠᠨ ᠳᠠᠯᠠᠨ ᠵᠢᠯ ᠤᠨ ᠤᠢ ᠪᠡᠯᠡᠭᠯᠡᠬᠦ ᠪᠠ ᠨᠠᠮ ᠤᠨ ᠠᠷᠪᠠ ᠶᠢᠰᠦᠳᠦᠭᠡᠷ ᠬᠤᠷᠠᠯ ᠢᠯᠠᠯᠲᠠ ᠪᠡᠷ ᠬᠤᠷᠠᠯᠳᠤᠬᠤ ᠳᠤ ᠨᠢᠭᠡ ᠬᠤᠪᠢ ᠪᠡᠯᠡᠭ ᠪᠣᠯᠭᠠᠨ ᠥᠭᠭᠦᠶ᠎ᠡ᠃

    ᠳᠠᠢᠴᠢᠯᠠᠯᠲᠠ ᠶᠢᠨ ᠬᠤᠷᠠᠯ ᠳᠡᠭᠡᠷ᠎ᠡ᠂ ᠠᠢ ᠹᠧᠢ ᠳᠡᠳ᠋ ᠬᠣᠷᠢᠶᠠᠨ ᠳᠠᠷᠤᠭ᠎ᠠ ᠲᠤᠰ ᠤᠳᠠᠭᠠᠨ ᠤ ᠬᠤᠷᠠᠯ ᠤᠨ ᠵᠣᠷᠢᠭ ᠰᠠᠨᠠᠭ᠎ᠠ ᠶᠢ ᠨᠠᠢᠳᠠᠪᠤᠷᠢᠵᠢᠭᠤᠯᠬᠤ ᠳᠤ ᠭᠤᠷᠪᠠᠨ ᠰᠠᠨᠠᠯ ᠶᠠᠷᠢᠪᠠ᠃ ᠨᠢᠭᠡ ᠳᠤ ᠶᠠᠷᠢᠶᠠᠨ ᠤ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠣᠢᠯᠭᠠᠵᠤ᠂ ᠥᠭᠡᠷᠡᠴᠢᠯᠡᠯᠲᠡ ᠶᠢ ᠵᠥᠪ ᠣᠨᠤᠪᠴᠢᠲᠠᠢ ᠲᠠᠨᠢᠵᠤ᠂ ᠥᠭᠡᠷᠡᠴᠢᠯᠡᠯᠲᠡ ᠶᠢ ᠳᠡᠮᠵᠢᠵᠦ᠂ ᠥᠭᠡᠷᠡᠴᠢᠯᠡᠯᠲᠡ ᠶᠢᠨ ᠵᠥᠪ ᠡᠨᠧᠷᠭᠢ ᠶᠢ ᠴᠢᠷᠮᠠᠢᠨ ᠨᠢᠭᠲᠠᠷᠠᠭᠤᠯᠵᠤ᠂ ᠦᠨᠡᠨᠬᠦ ᠦᠵᠡᠯ ᠰᠠᠨᠠᠭ᠎ᠠ ᠦᠢᠯᠡ ᠠᠵᠢᠯᠯᠠᠭ᠎ᠠ ᠶᠢ ᠰᠢᠭᠦᠬᠦ ᠬᠣᠷᠢᠶᠠᠨ ᠤ ᠨᠠᠮ ᠤᠨ ᠤᠳᠤᠷᠢᠳᠬᠤ ᠳᠤᠭᠤᠢᠯᠠᠩ ᠤᠨ ᠥᠭᠡᠷᠡᠴᠢᠯᠡᠯᠲᠡ ᠶᠢᠨ ᠪᠠᠢᠷᠢᠯᠠᠭᠤᠯᠤᠯᠲᠠ ᠱᠠᠭᠠᠷᠳᠠᠯᠭ᠎ᠠ ᠳᠤ ᠨᠢᠭᠡᠳᠭᠡᠵᠦ᠂ ᠥᠭᠡᠷᠡᠴᠢᠯᠡᠯᠲᠡ ᠶᠢ ᠣᠢᠯᠭᠠᠵᠤ᠂ ᠥᠭᠡᠷᠡᠴᠢᠯᠡᠯᠲᠡ ᠶᠢ ᠳᠡᠮᠵᠢᠬᠦ᠂ ᠥᠭᠡᠷᠡᠴᠢᠯᠡᠯᠲᠡ ᠳᠤ ᠣᠷᠤᠯᠴᠠᠬᠤ ᠰᠠᠢᠨ ᠣᠷᠴᠢᠨ ᠳᠤᠭᠤᠷᠢᠨ ᠪᠤᠢ ᠪᠣᠯᠭᠠᠬᠤ ᠬᠡᠷᠡᠭᠲᠡᠢ᠃ ᠬᠤᠶᠠᠷ ᠲᠤ ᠤᠯᠠᠮ ᠨᠢᠭᠡ ᠠᠯᠬᠤᠮ ᠴᠢᠭᠯᠡᠯ ᠪᠡᠨ ᠲᠣᠭᠲᠠᠭᠠᠵᠤ᠂ ᠭᠣᠣᠯᠳᠠᠯᠭ᠎ᠠ ᠶᠢ ᠳᠣᠪᠤᠢᠯᠭᠠᠨ᠂ ᠵᠠᠩᠭᠢᠯᠠᠭ᠎ᠠ ᠶᠢ ᠠᠳᠭᠤᠵᠤ᠂ ᠨᠢᠭᠡᠲᠦᠯᠲᠠᠢ ᠲᠥᠯᠦᠪᠯᠡᠨ ᠠᠬᠢᠭᠤᠯᠵᠤ᠂ ᠬᠠᠤᠯᠢ ᠴᠠᠭᠠᠵᠠ ᠶᠢᠨ ᠬᠠᠷᠢᠭᠤᠴᠠᠯᠭ᠎ᠠ ᠶᠢᠨ ᠳᠦᠷᠢᠮ ᠦᠨ ᠥᠭᠡᠷᠡᠴᠢᠯᠡᠯᠲᠡ ᠶᠢᠨ ᠡᠯ᠎ᠡ ᠲᠥᠷᠦᠯ ᠦᠨ ᠪᠠᠢᠷᠢᠯᠠᠭᠤᠯᠤᠯᠲᠠ ᠶᠢᠨ ᠪᠣᠳᠠᠲᠠᠢ ᠪᠣᠯᠭᠠᠬᠤ ᠬᠡᠷᠡᠭᠲᠡᠢ᠃ ᠭᠤᠷᠪᠠ ᠳᠤ ᠨᠢᠭᠡᠲᠦᠯᠲᠡᠢ ᠲᠣᠬᠢᠷᠠᠭᠤᠯᠵᠤ ᠪᠦᠬᠦᠨ ᠢ ᠬᠠᠷᠠᠭᠠᠯᠵᠠᠬᠤ ᠵᠢ ᠪᠠᠷᠢᠮᠲᠠᠯᠠᠵᠤ᠂ ᠥᠭᠡᠷᠡᠴᠢᠯᠡᠯᠲᠡ ᠪᠣᠯᠤᠨ ᠡᠳᠦᠷ ᠳᠣᠲᠤᠮ ᠤᠨ ᠠᠵᠢᠯ ᠤᠨ ᠬᠠᠷᠢᠴᠠᠭ᠎ᠠ ᠶᠢ ᠰᠠᠢᠲᠤᠷ ᠰᠢᠢᠳᠪᠦᠷᠢᠯᠡᠵᠦ᠂ ᠥᠭᠡᠷᠡᠴᠢᠯᠡᠯᠲᠡ ᠪᠡᠷ ᠠᠵᠢᠯ ᠢ ᠲᠦᠯᠬᠢᠨ ᠠᠬᠢᠭᠤᠯᠬᠤ᠂ ᠠᠵᠢᠯ ᠪᠡᠷ ᠥᠭᠡᠷᠡᠴᠢᠯᠡᠯᠲᠡ ᠶᠢ ᠱᠠᠭᠠᠷᠳᠠᠬᠤ ᠶᠢ ᠪᠡᠶᠡᠯᠡᠭᠦᠯᠵᠦ᠂ ᠦᠨᠡᠨᠬᠦ ᠥᠭᠡᠷᠡᠴᠢᠯᠡᠯᠲᠡ ᠶᠢᠨ ᠣᠷᠭᠢᠯᠤᠮ᠎ᠠ ᠰᠡᠳᠭᠢᠯᠭᠡ ᠶᠢ ᠭᠠᠷ ᠳᠡᠬᠢ ᠠᠵᠢᠯ ᠪᠠᠨ ᠰᠠᠢᠨ ᠬᠢᠬᠦ ᠬᠥᠳᠡᠯᠭᠡᠬᠦ ᠬᠦᠴᠦᠨ ᠪᠣᠯᠭᠠᠵᠤ ᠬᠤᠪᠢᠷᠠᠭᠠᠨ᠎ᠠ᠃

     ᠬᠠᠤᠯᠢ ᠴᠠᠭᠠᠵᠠ ᠶᠢᠨ ᠬᠠᠷᠢᠭᠤᠴᠠᠯᠭ᠎ᠠ ᠶᠢᠨ ᠳᠦᠷᠢᠮ ᠦᠨ ᠥᠭᠡᠷᠡᠴᠢᠯᠡᠯᠲᠡ ᠶᠢᠨ ᠳᠠᠢᠴᠢᠯᠠᠯᠲᠠ ᠶᠢᠨ ᠬᠤᠷᠠᠯ ᠤᠨ ᠳᠠᠷᠠᠭ᠎ᠠ᠂ ᠬᠤᠳᠠ ᠶᠢᠨ ᠳᠤᠮᠳᠠ ᠵᠡᠷᠭᠡ ᠶᠢᠨ ᠰᠢᠭᠦᠬᠦ ᠬᠣᠷᠢᠶ᠎ᠠ《 ᠬᠠᠮᠢᠶ᠎ᠠ ᠪᠦᠬᠦᠢ ᠰᠠᠯᠠᠭ᠎ᠠ ᠮᠥᠴᠢᠷ ᠦᠨ ᠤᠳᠤᠷᠢᠳᠤᠯᠭ᠎ᠠ ᠺᠠᠲᠠᠷ ᠤᠨ ᠬᠢᠨᠠᠨ ᠰᠢᠯᠭᠠᠬᠤ ᠬᠠᠤᠯᠢ》᠂《 ᠰᠢᠭᠦᠨ ᠲᠠᠰᠤᠯᠬᠤ ᠳᠠᠷᠤᠭ᠎ᠠ ᠰᠢᠯᠢᠨ ᠰᠣᠩᠭᠤᠬᠤ ᠵᠢᠴᠢ ᠵᠥᠪᠳᠡᠯᠴᠡᠬᠦ ᠲᠢᠩᠬᠢᠮ ᠪᠠᠢᠭᠤᠯᠬᠤ ᠠᠷᠭ᠎ᠠ ᠬᠡᠮᠵᠢᠶ᠎ᠡ》 ᠶᠢᠨ ᠱᠠᠭᠠᠷᠳᠠᠯᠭ᠎ᠠ ᠶᠢ ᠦᠨᠳᠦᠰᠦᠯᠡᠵᠦ ᠰᠢᠯᠭᠠᠨ ᠪᠠᠢᠴᠠᠭᠠᠬᠤ ᠬᠤᠷᠠᠯ ᠬᠢᠵᠦ᠂ 21 ᠨᠡᠷᠡᠰ ᠬᠠᠮᠢᠶ᠎ᠠ ᠪᠦᠬᠦᠢ ᠰᠠᠯᠠᠭ᠎ᠠ ᠮᠥᠴᠢᠷ ᠦᠨ ᠤᠳᠤᠷᠢᠳᠤᠯᠭ᠎ᠠ ᠺᠠᠲᠠᠷ ᠪᠣᠯᠤᠨ 34 ᠨᠡᠷᠡᠰ ᠰᠢᠭᠦᠨ ᠲᠠᠰᠤᠯᠬᠤ ᠳᠠᠷᠤᠭ᠎ᠠ ᠥᠷᠢᠰᠦᠯᠳᠦᠭᠦ ᠳᠤ ᠨᠡᠷ᠎ᠡ ᠮᠡᠳᠡᠭᠦᠯᠦᠭᠰᠡᠨ ᠠᠵᠢᠯᠳᠠᠨ ᠳᠤ ᠬᠢᠨᠠᠨ ᠪᠠᠢᠴᠠᠭᠠᠯᠲᠠ ᠬᠢᠪᠡ᠃ ᠬᠠᠮᠢᠶ᠎ᠠ ᠪᠦᠬᠦᠢ ᠰᠠᠯᠠᠭ᠎ᠠ ᠮᠥᠴᠢᠷ ᠦᠨ ᠤᠳᠤᠷᠢᠳᠤᠯᠭ᠎ᠠ ᠺᠠᠲᠠᠷ ᠪᠣᠯᠤᠨ ᠰᠢᠭᠦᠨ ᠲᠠᠰᠤᠯᠬᠤ ᠳᠠᠷᠤᠭ᠎ᠠ ᠥᠷᠢᠰᠦᠯᠳᠦᠭᠦ ᠳᠤ ᠨᠡᠷ᠎ᠡ ᠮᠡᠳᠡᠭᠦᠯᠦᠭᠰᠡᠨ ᠨᠥᠬᠦᠷ ᠲᠤᠰᠪᠤᠷᠢ ᠲᠤᠰᠢᠶᠠᠯ ᠤᠨ ᠮᠡᠳᠡᠭᠦᠯᠦᠯᠲᠡ ᠴᠢᠭᠡᠴᠢ ᠪᠡᠨ ᠮᠡᠳᠡᠭᠦᠯᠦᠯᠲᠡ ᠬᠢᠵᠦ᠂ ᠪᠦᠬᠦ ᠬᠣᠷᠢᠶᠠᠨ ᠤ ᠺᠠᠲᠠᠷ ᠴᠠᠭᠳᠠᠭ᠎ᠠ ᠬᠢᠨᠠᠨ ᠪᠠᠢᠴᠠᠭᠠᠯᠲᠠ ᠬᠢᠭᠰᠡᠳ ᠲᠤ ᠠᠷᠠᠳᠴᠢᠯᠠᠭᠰᠠᠨ ᠬᠢᠨᠠᠨ ᠦᠨᠡᠯᠡᠯᠲᠡ ᠬᠢᠪᠡ᠃

ᠦᠨᠡᠯᠡᠬᠦ 0ᠦᠨᠡᠯᠡᠯᠲᠡ᠎ᠲᠠᠢ


( ᠨᠧᠲ ᠨᠠᠢᠵᠠ ᠵᠢᠨ ᠦᠨᠡᠯᠡᠯᠲᠡ᠎ᠨᠢ ᠵᠦᠪᠭᠡᠨ ᠲᠡᠭᠦᠨ ᠊ᠤ᠌ ᠬᠤᠪᠢ ᠭᠦᠮᠦᠨ ᠊ᠤ᠌ ᠦᠵᠡᠯᠲᠡ ᠲᠡᠳᠦᠢ᠂ ᠲᠤᠰ ᠨᠧᠲ ᠦᠷᠳᠡᠭᠡ ᠲᠡᠭᠦᠨ ᠊ᠤ᠌ ᠦᠵᠡᠯᠲᠡ ᠵᠢ ᠵᠦᠪᠱᠢᠶᠡᠷᠡᠭᠰᠡᠨ ᠶᠠᠪᠤᠳᠠᠯ ᠤᠭᠳᠤ ᠪᠢᠱᠢ᠎ᠶᠤᠮ᠃ )