2016 ᠣᠨ ᠤ《ᠭᠦᠢᠴᠡᠳᠬᠡᠬᠦ ᠵᠢᠯ》ᠲᠤᠰᠭᠠᠢ ᠠᠵᠢᠯ ᠤᠨ ᠰᠠᠢᠨ ᠪᠠᠢᠳᠠᠯ ᠢ ᠦᠷᠭᠦᠯᠵᠢᠯᠡᠭᠦᠯᠵᠦ᠂《ᠭᠦᠢᠴᠡᠳᠬᠡᠬᠦ ᠵᠢᠯ》《ᠲᠠᠯ᠎ᠠ ᠨᠤᠲᠤᠭ ᠤᠨ ᠠᠶᠤᠩᠭ᠎ᠠ》 ᠶᠢᠨ ᠦᠷᠭᠦᠯᠵᠢᠯᠡᠨ ᠪᠠᠢᠯᠳᠤᠬᠤ ᠵᠣᠷᠢᠭ ᠰᠠᠨᠠᠭ᠎ᠠ ᠶᠢ ᠪᠠᠳᠠᠷᠠᠭᠤᠯᠵᠤ᠂ ᠭᠦᠢᠴᠡᠳᠬᠡᠬᠦ ᠠᠵᠢᠯ ᠤᠨ ᠦᠷ᠎ᠡ ᠪᠦᠲᠦᠮᠵᠢ ᠶᠢ ᠥᠷᠭᠡᠳᠭᠡᠵᠦ᠂ ᠪᠦᠬᠦ ᠣᠷᠤᠨ ᠳᠤ ᠢᠳᠡᠭᠡᠯ ᠠᠯᠳᠠᠭᠰᠠᠨ ᠭᠦᠢᠴᠡᠳᠭᠡᠭᠳᠡᠭᠴᠢ ᠳᠤ ᠴᠣᠬᠢᠯᠲᠠ ᠥᠭᠬᠦ ᠥᠨᠳᠦᠷ ᠳᠠᠷᠤᠯᠲᠠ ᠲᠠᠢ ᠰᠦᠷᠳᠡᠭᠦᠯᠭᠡ ᠶᠢᠨ ᠪᠠᠢᠳᠠᠯ ᠢ ᠴᠢᠷᠮᠠᠢᠨ ᠪᠤᠢ ᠪᠣᠯᠭᠠᠵᠤ᠂ ᠵᠠᠷᠭᠤ ᠢᠯᠠᠭᠰᠠᠨ ᠲᠤᠬᠠᠢ ᠶᠢᠨ ᠬᠥᠮᠦᠨ ᠦ ᠬᠠᠤᠯᠢ ᠳᠤ ᠨᠡᠢᠴᠡᠭᠰᠡᠨ ᠡᠷᠬᠡ ᠠᠰᠢᠭ ᠢ ᠪᠣᠳᠠᠲᠠᠢ ᠪᠡᠷ ᠬᠠᠮᠠᠭᠠᠯᠠᠬᠤ ᠶᠢᠨ ᠲᠥᠯᠦᠭᠡ᠂ ᠥᠪᠡᠷᠲᠡᠭᠡᠨ ᠵᠠᠰᠠᠬᠤ ᠣᠷᠤᠨ ᠤ ᠠᠷᠠᠳ ᠤᠨ ᠳᠡᠭᠡᠳᠦ ᠵᠡᠷᠭᠡ ᠶᠢᠨ ᠰᠢᠭᠦᠬᠦ ᠬᠣᠷᠢᠶ᠎ᠠ ᠪᠦᠬᠦ ᠣᠷᠤᠨ ᠤ ᠰᠢᠭᠦᠬᠦ ᠬᠣᠷᠢᠶ᠎ᠠ ᠶᠢ ᠨᠢᠭᠡᠲᠦᠯᠲᠡᠢ ᠵᠣᠬᠢᠶᠠᠨ ᠪᠠᠢᠭᠤᠯᠤᠨ 6 ᠰᠠᠷᠠᠢᠨ 15 ᠤ ᠡᠳᠦᠷ ᠡᠴᠡ 24 ᠪᠣᠯᠲᠠᠯ᠎ᠠ ᠠᠷᠪᠠᠨ ᠡᠳᠦᠷ ᠦᠨ ᠪᠦᠬᠦ ᠣᠷᠤᠨ ᠤ ᠰᠢᠭᠦᠬᠦ ᠬᠣᠷᠢᠶᠠᠨ ᠤ《ᠲᠠᠯ᠎ᠠ ᠨᠤᠲᠤᠭ ᠤᠨ ᠠᠶᠤᠩᠭ᠎ᠠ》 ᠲᠥᠪᠯᠡᠷᠡᠭᠦᠯᠦᠨ ᠭᠦᠢᠴᠡᠳᠬᠡᠬᠦ ᠠᠵᠢᠯᠯᠠᠭ᠎ᠠ ᠶᠠᠪᠤᠭᠳᠠᠭᠤᠯᠪᠠ᠃
《ᠲᠠᠯ᠎ᠠ ᠨᠤᠲᠤᠭ ᠤᠨ ᠠᠶᠤᠩᠭ᠎ᠠ》 ᠲᠥᠪᠯᠡᠷᠡᠭᠦᠯᠦᠨ ᠭᠦᠢᠴᠡᠳᠬᠡᠬᠦ ᠠᠵᠢᠯᠯᠠᠭ᠎ᠠ ᠡᠬᠢᠯᠡᠭᠰᠡᠨ ᠡᠴᠡ ᠨᠠᠰᠢ᠂ ᠣᠷᠳᠤᠰ ᠤᠨ ᠬᠤᠶᠠᠷ ᠱᠠᠳᠤᠨ ᠤ ᠰᠢᠭᠦᠬᠦ ᠬᠣᠷᠢᠶ᠎ᠠ ᠬᠠᠭᠤᠴᠢᠨ ᠭᠦᠢᠴᠡᠳᠬᠡᠬᠦ ᠠᠷᠭ᠎ᠠ ᠬᠡᠯᠪᠡᠷᠢ ᠪᠠ ᠮᠡᠳᠡᠭᠡ ᠵᠠᠩᠭᠢᠴᠢᠯᠠᠯᠲᠠ ᠶᠢᠨ ᠠᠷᠭ᠎ᠠ ᠠᠪᠴᠢᠯ ᠢ ᠤᠶᠠᠯᠳᠤᠭᠤᠯᠵᠤ᠂ ᠬᠦᠴᠦᠨ ᠬᠠᠰᠤᠬᠤ ᠦᠭᠡᠢ᠂ ᠡᠷᠴᠢᠮ ᠬᠠᠰᠤᠬᠤ ᠦᠭᠡᠢ᠂ ᠰᠦᠷ ᠬᠦᠴᠦᠨ ᠬᠠᠰᠤᠬᠤ ᠦᠭᠡᠢ ᠶᠢ ᠪᠠᠷᠢᠮᠲᠠᠯᠠᠵᠤ᠂ ᠪᠦᠬᠦ ᠬᠦᠴᠦᠨ ᠢᠶᠡᠷ ᠲᠤᠰ ᠤᠳᠠᠭᠠᠨ ᠤ ᠲᠥᠪᠯᠡᠷᠡᠭᠦᠯᠦᠨ ᠭᠦᠢᠴᠡᠳᠬᠡᠬᠦ ᠠᠵᠢᠯᠯᠠᠭ᠎ᠠ ᠶᠢᠨ《ᠲᠠᠪᠤᠨ ᠨᠢᠭᠡ ᠪᠦᠯᠦᠭ》 ᠬᠠᠷᠠᠯᠲᠠ(ᠨᠢᠭᠡ ᠪᠦᠯᠦᠭ ᠬᠦᠴᠢᠷ ᠲᠠᠢ ᠬᠡᠷᠡᠭ ᠢ ᠰᠢᠢᠳᠪᠦᠷᠢᠯᠡᠨ᠎ᠡ᠂ ᠨᠢᠭᠡ ᠪᠦᠯᠦᠭ ᠢᠲᠡᠭᠡᠯ ᠠᠯᠳᠠᠭᠰᠠᠨ ᠭᠦᠢᠴᠡᠳᠭᠡᠭᠳᠡᠭᠴᠢ ᠶᠢ ᠨᠡᠢᠲᠡᠯᠡᠨ᠎ᠡ᠂ ᠨᠢᠭᠡ ᠪᠦᠯᠦᠭ ᠯᠤᠢᠪᠠᠷᠳᠠᠭᠴᠢ ᠶᠢ ᠲᠦᠷ ᠬᠣᠷᠢᠨ᠎ᠠ᠂ ᠨᠢᠭᠡ ᠪᠦᠯᠦᠭ ᠭᠦᠢᠴᠡᠳᠬᠡᠬᠦ ᠵᠢ ᠲᠡᠪᠴᠢᠭᠰᠡᠨ ᠬᠡᠷᠡᠭ ᠢ ᠲᠠᠰᠤᠯᠤᠨ᠎ᠠ᠂ ᠨᠢᠭᠡ ᠪᠦᠯᠦᠭ ᠨᠡᠢᠲᠡᠯᠢᠭ ᠬᠡᠷᠡᠭ ᠦᠨ ᠵᠢᠱᠢᠶ᠎ᠡ ᠶᠢ ᠨᠡᠢᠲᠡᠯᠡᠨ᠎ᠡ) ᠵᠢ ᠪᠡᠶᠡᠯᠡᠭᠦᠯᠦᠨ᠎ᠡ᠃
6 ᠰᠠᠷᠠᠢᠨ 20 ᠤ ᠪᠣᠯᠲᠠᠯ᠎ᠠ᠂ ᠲᠤᠰ ᠤᠳᠠᠭᠠᠨ ᠤ《ᠲᠠᠯ᠎ᠠ ᠨᠤᠲᠤᠭ ᠤᠨ ᠠᠶᠤᠩᠭ᠎ᠠ》ᠠᠵᠢᠯᠯᠠᠭ᠎ᠠ ᠳᠤ ᠪᠦᠬᠦ ᠬᠣᠲᠠ ᠶᠢᠨ ᠬᠤᠶᠠᠷ ᠱᠠᠳᠤᠨ ᠤ ᠰᠢᠭᠦᠬᠦ ᠬᠣᠷᠢᠶ᠎ᠠ ᠨᠡᠢᠲᠡ 1598(ᠤᠳᠠᠭ᠎ᠠ) ᠴᠠᠭᠳᠠᠭ᠎ᠠ ᠭᠠᠷᠭᠠᠵᠤ᠂ ᠴᠠᠭᠳᠠᠭᠠᠨ ᠲᠡᠷᠭᠡ 449(ᠤᠳᠠᠭ᠎ᠠ) ᠬᠥᠳᠡᠯᠵᠦ᠂ ᠭᠦᠢᠴᠡᠳᠭᠡᠵᠦ ᠳᠠᠭᠤᠰᠭᠠᠭᠰᠠᠨ ᠬᠡᠷᠡᠭ 1132᠂ ᠳᠠᠭᠤᠰᠭᠠᠭᠰᠠᠨ ᠬᠡᠷᠡᠭ ᠦᠨ ᠬᠠᠷᠠᠯᠲᠠ 51888.41 ᠲᠦᠮᠡᠨ ᠲᠥᠭᠦᠷᠢᠭ᠂ ᠭᠦᠢᠴᠡᠳᠭᠡᠭᠳᠡᠭᠴᠢ 128 ᠬᠥᠮᠦᠨ ᠢ ᠲᠦᠷ ᠬᠣᠷᠢᠵᠤ᠂ 15 ᠬᠥᠮᠦᠨ ᠢ 20700 ᠲᠥᠭᠦᠷᠢᠭ ᠪᠡᠷ ᠲᠣᠷᠭᠠᠭᠠᠵᠤ᠂ ᠠᠯᠪᠠᠳᠠᠯᠭ᠎ᠠ ᠶᠢᠨ ᠠᠷᠭ᠎ᠠ ᠬᠡᠮᠵᠢᠶ᠎ᠡ ᠠᠪᠤᠭᠰᠠᠨ ᠤ ᠳᠠᠷᠠᠭ᠎ᠠ ᠰᠠᠢᠨ ᠳᠤᠷ᠎ᠠ ᠠᠴᠠ ᠪᠠᠨ ᠭᠦᠢᠴᠡᠳᠭᠡᠭᠰᠡᠨ ᠬᠥᠮᠦᠨ 38᠂ ᠢᠲᠡᠭᠡᠯ ᠠᠯᠳᠠᠭᠰᠠᠨ ᠭᠦᠢᠴᠡᠳᠭᠡᠭᠳᠡᠭᠴᠢ ᠳᠤ ᠣᠷᠤᠭᠤᠯᠤᠭᠰᠠᠨ ᠬᠥᠮᠦᠨ 258᠃
ᠦᠨᠡᠯᠡᠬᠦ 0ᠦᠨᠡᠯᠡᠯᠲᠡ᠎ᠲᠠᠢ