《 ᠲᠠᠯ᠎ᠠ ᠨᠤᠲᠤᠭ ᠤᠨ ᠠᠶᠤᠩᠭ᠎ᠠ》ᠲᠥᠪᠯᠡᠷᠡᠭᠦᠯᠦᠨ ᠭᠦᠢᠴᠡᠳᠬᠡᠬᠦ ᠠᠵᠢᠯᠯᠠᠭ᠎ᠠ《ᠭᠦᠢᠴᠡᠳᠬᠡᠬᠦ ᠰᠢᠭᠤᠷᠭ᠎ᠠ》 ᠵᠢ ᠳᠠᠬᠢᠨ ᠰᠡᠷᠭᠦᠭᠡᠵᠦ᠂ ᠬᠤᠷᠴᠠ ᠰᠡᠯᠡᠮ᠎ᠡ ᠵᠢ《ᠯᠤᠢᠪᠠᠷᠳᠠᠭᠴᠢ》 ᠳᠤ ᠬᠠᠨᠳᠤᠭᠤᠯᠪᠠ
2017.06.19 ᠲᠣᠰ ᠥᠷᠲᠡᠭᠡᠨ᠎ᠦ ᠨᠠᠢᠷᠠᠭᠤᠯᠤᠭᠴᠢ

 

 

 

     ᠥᠪᠦᠷ ᠮᠣᠩᠭᠤᠯ ᠤᠨ ᠥᠪᠡᠷᠲᠡᠭᠡᠨ ᠵᠠᠰᠠᠬᠤ ᠣᠷᠤᠨ ᠤ ᠠᠷᠠᠳ ᠤᠨ ᠳᠡᠭᠡᠳᠦ ᠵᠡᠷᠭᠡ ᠶᠢᠨ ᠰᠢᠭᠦᠬᠦ ᠬᠣᠷᠢᠶ᠎ᠠ ᠨᠢᠭᠡᠳᠦᠯᠲᠡᠢ ᠵᠣᠬᠢᠶᠠᠨ ᠪᠠᠢᠭᠤᠯᠤᠨ ᠥᠷᠨᠢᠭᠦᠯᠦᠭᠰᠡᠨ ᠠᠷᠪᠠᠨ ᠡᠳᠦᠷ ᠦᠨ ᠪᠦᠬᠦ ᠣᠷᠤᠨ ᠤ《 ᠲᠠᠯ᠎ᠠ ᠨᠤᠲᠤᠭ ᠤᠨ ᠠᠶᠤᠩᠭ᠎ᠠ》ᠲᠥᠪᠯᠡᠷᠡᠭᠦᠯᠦᠨ ᠭᠦᠢᠴᠡᠳᠬᠡᠬᠦ ᠠᠵᠢᠯᠯᠠᠭ᠎ᠠ᠂ 6 ᠰᠠᠷᠠᠢᠨ 15 ᠤ ᠡᠳᠦᠷ ᠦᠨ ᠦᠳᠡ ᠶᠢᠨ ᠡᠮᠦᠨ᠎ᠡ 9 ᠴᠠᠭ ᠲᠤ ᠵᠢᠩᠬᠢᠨᠢ ᠪᠡᠷ ᠡᠬᠢᠯᠡᠵᠦ᠂ ᠲᠤᠰ ᠤᠳᠠᠭᠠᠨ ᠤ ᠠᠵᠢᠯᠯᠠᠭ᠎ᠠ ᠶᠢᠨ ᠲᠤᠬᠠᠢ ᠶᠢᠨ ᠡᠳᠦᠷ᠂ ᠣᠷᠳᠤᠰ ᠬᠤᠳᠠ ᠶᠢᠨ ᠬᠤᠶᠠᠷ ᠱᠠᠳᠤᠨ ᠤ ᠰᠢᠭᠦᠬᠦ ᠬᠣᠷᠢᠶ᠎ᠠ 232 ᠨᠡᠷᠡᠰ ᠴᠠᠭᠳᠠᠭ᠎ᠠ ᠬᠥᠳᠡᠯᠵᠦ᠂ ᠴᠠᠭᠳᠠᠭᠠᠨ ᠲᠡᠷᠭᠡ 78 ᠬᠥᠳᠡᠯᠪᠡ᠃ ᠠᠵᠢᠯᠯᠠᠭ᠎ᠠ ᠶᠢᠨ ᠲᠡᠷᠢᠭᠦᠨ ᠦ ᠡᠳᠦᠷ ᠪᠦᠬᠦ ᠬᠣᠲᠠ ᠶᠢᠨ ᠬᠤᠶᠠᠷ ᠱᠠᠳᠤᠨ ᠤ ᠰᠢᠭᠦᠬᠦ ᠬᠣᠷᠢᠶ᠎ᠠ ᠭᠦᠢᠴᠡᠳᠭᠡᠵᠦ ᠳᠠᠭᠤᠰᠭᠠᠭᠰᠠᠨ ᠬᠡᠷᠡᠭ 135᠂ ᠭᠦᠢᠴᠡᠳᠭᠡᠵᠦ ᠰᠢᠢᠳᠪᠦᠷᠢᠯᠡᠭᠰᠡᠨ ᠬᠠᠷᠠᠯᠲᠠ 1821.46 ᠲᠦᠮᠡᠨ ᠲᠥᠭᠦᠷᠢᠭ᠂ 19 ᠬᠥᠮᠦᠨ ᠢ ᠲᠦᠷ ᠬᠣᠷᠢᠵᠤ᠂ ᠠᠯᠪᠠᠳᠠᠯᠭ᠎ᠠ ᠶᠢᠨ ᠠᠷᠭ᠎ᠠ ᠬᠡᠮᠵᠢᠶ᠎ᠡ ᠠᠪᠤᠭᠰᠠᠨ ᠤ ᠳᠠᠷᠠᠭ᠎ᠠ ᠰᠠᠢᠨ ᠳᠤᠷ᠎ᠠ ᠠᠴᠠ ᠪᠠᠨ 3 ᠬᠥᠮᠦᠨ ᠭᠦᠢᠴᠡᠳᠭᠡᠵᠦ᠂ ᠢᠲᠡᠭᠡᠯ ᠠᠯᠳᠠᠭᠰᠠᠨ ᠭᠦᠢᠴᠡᠳᠭᠡᠭᠳᠡᠭᠴᠢ(ᠪᠠᠢᠭᠠᠯᠢ ᠬᠥᠮᠦᠨ ᠵᠢᠴᠢ ᠬᠠᠣᠯᠢᠲᠠᠨ ᠪᠠᠭᠲᠠᠨ᠎ᠠ) ᠨᠡᠢᠲᠡ 78 ᠬᠥᠮᠦᠨ ᠨᠡᠢᠲᠡᠯᠡᠪᠡ᠃

     ᠳᠠᠷᠠᠭᠠᠴᠢ ᠶᠢᠨ ᠠᠯᠬᠤᠮ ᠳᠤ᠂ ᠪᠦᠬᠦ ᠬᠣᠲᠠ ᠶᠢᠨ ᠬᠤᠶᠠᠷ ᠱᠠᠳᠤᠨ ᠤ ᠰᠢᠭᠦᠬᠦ ᠬᠣᠷᠢᠶ᠎ᠠ ᠦᠷᠭᠦᠯᠵᠢᠯᠡᠨ ᠬᠦᠴᠦᠯᠡᠵᠦ᠂ ᠲᠤᠰ ᠤᠳᠠᠭᠠᠨ ᠤ ᠭᠦᠢᠴᠡᠳᠬᠡᠬᠦ ᠠᠵᠢᠯᠯᠠᠭ᠎ᠠ ᠳᠤ ᠤᠯᠠᠮ ᠨᠢᠭᠡ ᠠᠯᠬᠤᠮ ᠦᠷ᠎ᠡ ᠪᠦᠲᠦᠮᠵᠢ ᠶᠢ ᠥᠷᠭᠡᠳᠭᠡᠬᠦ ᠪᠡᠷ ᠴᠢᠷᠮᠠᠢᠵᠤ᠂ ᠭᠦᠢᠴᠡᠳᠭᠡᠭᠳᠡᠭᠴᠢ ᠵᠢ ᠶᠠᠯᠠᠳᠠᠬᠤ ᠡᠷᠴᠢᠮ ᠢ ᠦᠷᠭᠦᠯᠵᠢᠯᠡᠨ ᠴᠢᠩᠭᠠᠳᠭᠠᠵᠤ᠂ ᠣᠷᠳᠤᠰ ᠬᠤᠳᠠ ᠶᠢᠨ ᠨᠡᠢᠭᠡᠮ ᠦᠨ ᠢᠲᠡᠭᠡᠯᠲᠦ ᠰᠢᠰᠲ᠋ᠧᠮ ᠢ ᠪᠠᠢᠭᠤᠯᠬᠤ ᠳᠤ ᠴᠢᠬᠤᠯᠠ ᠦᠢᠯᠡᠳᠦᠯ ᠦᠵᠡᠭᠦᠯᠵᠦ᠂ ᠵᠢᠯ ᠦᠨ ᠡᠴᠦᠰ ᠡᠴᠡ ᠡᠮᠦᠨ᠎ᠡ ᠭᠦᠢᠴᠡᠳᠬᠡᠬᠦ ᠳᠤ ᠬᠦᠴᠢᠷ ᠢ ᠦᠨᠳᠦᠰᠦᠨ ᠡᠴᠡ ᠨᠢ ᠰᠢᠢᠳᠪᠦᠷᠢᠯᠡᠬᠦ ᠳᠤ ᠪᠠᠳᠤᠨ ᠪᠡᠬᠢ ᠰᠠᠭᠤᠷᠢ ᠲᠠᠯᠪᠢᠵᠦ ᠥᠭᠭᠦᠨ᠎ᠡ᠃

ᠦᠨᠡᠯᠡᠬᠦ 0ᠦᠨᠡᠯᠡᠯᠲᠡ᠎ᠲᠠᠢ


( ᠨᠧᠲ ᠨᠠᠢᠵᠠ ᠵᠢᠨ ᠦᠨᠡᠯᠡᠯᠲᠡ᠎ᠨᠢ ᠵᠦᠪᠭᠡᠨ ᠲᠡᠭᠦᠨ ᠊ᠤ᠌ ᠬᠤᠪᠢ ᠭᠦᠮᠦᠨ ᠊ᠤ᠌ ᠦᠵᠡᠯᠲᠡ ᠲᠡᠳᠦᠢ᠂ ᠲᠤᠰ ᠨᠧᠲ ᠦᠷᠳᠡᠭᠡ ᠲᠡᠭᠦᠨ ᠊ᠤ᠌ ᠦᠵᠡᠯᠲᠡ ᠵᠢ ᠵᠦᠪᠱᠢᠶᠡᠷᠡᠭᠰᠡᠨ ᠶᠠᠪᠤᠳᠠᠯ ᠤᠭᠳᠤ ᠪᠢᠱᠢ᠎ᠶᠤᠮ᠃ )