___ ᠣᠷᠳᠤᠰ ᠬᠤᠳᠠ ᠶᠢᠨ ᠠᠷᠠᠳ ᠤᠨ ᠳᠤᠮᠳᠠ ᠵᠡᠷᠭᠡ ᠶᠢᠨ ᠰᠢᠭᠦᠬᠦ ᠬᠣᠷᠢᠶ᠎ᠠ ᠬᠠᠤᠯᠢ ᠴᠠᠭᠠᠵᠠ ᠶᠢᠨ ᠬᠠᠷᠢᠭᠤᠴᠠᠯᠭ᠎ᠠ ᠶᠢᠨ ᠳᠦᠷᠢᠮ ᠦᠨ ᠥᠭᠡᠷᠡᠴᠢᠯᠡᠯᠲᠡ ᠶᠢᠨ ᠳ᠋ᠦᠩᠨᠡᠯᠲᠡ ᠬᠤᠷᠠᠯ ᠬᠤᠷᠠᠯᠳᠤᠵᠤ ᠰᠢᠭᠦᠨ ᠲᠠᠰᠤᠯᠤᠯᠲᠠ ᠶᠢᠨ ᠡᠷᠬᠡ ᠶᠢᠨ ᠰᠢᠨ᠎ᠡ ᠪᠠᠢᠭᠤᠯᠤᠮᠵᠢ ᠤᠷᠤᠭᠰᠢᠲᠠᠢ ᠶᠠᠪᠤᠭᠳᠠᠬᠤ ᠶᠢ ᠪᠠᠲᠤᠯᠠᠪᠠ
ᠬᠠᠤᠯᠢ ᠴᠠᠭᠠᠵᠠ ᠶᠢᠨ ᠬᠠᠷᠢᠭᠤᠴᠠᠯᠭ᠎ᠠ ᠶᠢᠨ ᠳᠦᠷᠢᠮ ᠦᠨ ᠥᠭᠡᠷᠡᠴᠢᠯᠡᠯᠲᠡ ᠶᠢᠨ ᠠᠵᠢᠯ ᠢ ᠤᠯᠠᠮ ᠨᠢᠭᠡ ᠠᠯᠬᠤᠮ ᠳ᠋ᠦᠩᠨᠡᠵᠦ᠂ ᠬᠠᠮᠳᠤ ᠶᠢᠨ ᠲᠠᠨᠢᠯᠲᠠ ᠶᠢ ᠨᠢᠭᠲᠠᠷᠠᠭᠤᠯᠵᠤ᠂ ᠠᠮᠢᠵᠢᠷᠠᠯ ᠤᠨ ᠬᠦᠴᠦᠨ ᠢ ᠬᠥᠭᠵᠢᠭᠡᠵᠦ᠂ ᠳᠠᠢᠴᠢᠨ ᠬᠦᠴᠦᠨ ᠢ ᠤᠷᠠᠮᠰᠢᠯᠠᠭᠤᠯᠵᠤ᠂ ᠡᠬᠢᠯᠡᠬᠦ ᠭᠡᠵᠦ ᠪᠠᠢᠭ᠎ᠠ ᠰᠢᠭᠦᠨ ᠲᠠᠰᠤᠯᠤᠯᠲᠠ ᠶᠢᠨ ᠡᠷᠬᠡ ᠶᠢᠨ ᠰᠢᠨ᠎ᠡ ᠪᠠᠢᠭᠤᠯᠤᠮᠵᠢ ᠶᠠᠪᠤᠭᠳᠠᠬᠤ ᠳᠤ ᠢᠳᠡᠪᠬᠢᠲᠡᠢ ᠪᠡᠷ ᠪᠡᠯᠡᠳᠭᠡᠯ ᠬᠢᠬᠦ ᠶᠢᠨ ᠲᠥᠯᠦᠭᠡ᠂ 6 ᠰᠠᠷᠠᠢᠨ 28 ᠤ ᠡᠳᠦᠷ᠂ ᠣᠷᠳᠤᠰ ᠬᠤᠳᠠ ᠶᠢᠨ ᠳᠤᠮᠳᠠ ᠵᠡᠷᠭᠡ ᠶᠢᠨ ᠰᠢᠭᠦᠬᠦ ᠬᠣᠷᠢᠶ᠎ᠠ ᠬᠠᠤᠯᠢ ᠴᠠᠭᠠᠵᠠ ᠶᠢᠨ ᠬᠠᠷᠢᠭᠤᠴᠠᠯᠭ᠎ᠠ ᠶᠢᠨ ᠳᠦᠷᠢᠮ ᠦᠨ ᠥᠭᠡᠷᠡᠴᠢᠯᠡᠯᠲᠡ ᠶᠢᠨ ᠳ᠋ᠦᠩᠨᠡᠯᠲᠡ ᠶᠢᠨ ᠬᠤᠷᠠᠯ ᠬᠤᠷᠠᠯᠳᠤᠪᠠ᠃ ᠣᠷᠳᠤᠰ ᠬᠤᠳᠠ ᠶᠢᠨ ᠠᠷᠠᠳ ᠤᠨ ᠳᠤᠮᠳᠠ ᠵᠡᠷᠭᠡ ᠶᠢᠨ ᠰᠢᠭᠦᠬᠦ ᠬᠣᠷᠢᠶᠠᠨ ᠤ ᠤᠳᠤᠷᠢᠳᠬᠤ ᠪᠠᠭ ᠤᠨ ᠭᠡᠰᠢᠭᠦᠨ᠂ ᠪᠦᠬᠦ ᠺᠠᠲᠠᠷ ᠴᠠᠭᠳᠠᠭ᠎ᠠ ᠬᠤᠷᠠᠯ ᠳᠤ ᠣᠷᠤᠯᠴᠠᠪᠠ᠃ ᠯᠢ ᠵᠢᠩ ᠭᠦᠧᠧ ᠳᠡᠳ᠋ ᠬᠣᠷᠢᠶᠠᠨ ᠳᠠᠷᠤᠭ᠎ᠠ ᠬᠤᠷᠠᠯ ᠡᠷᠬᠢᠯᠡᠪᠡ᠃
ᠬᠤᠷᠠᠯ ᠳᠡᠭᠡᠷ᠎ᠡ᠂ ᠡᠷᠡᠭᠦᠦ ᠶᠢᠨ ᠬᠡᠷᠡᠭ ᠦᠨ ᠰᠢᠭᠦᠨ ᠲᠠᠰᠤᠯᠤᠯᠲᠠ ᠶᠢᠨ ᠪᠠᠭ᠂ ᠢᠷᠭᠡᠨ ᠦ ᠬᠡᠷᠡᠭ ᠤᠨ ᠰᠢᠭᠦᠨ ᠲᠠᠰᠤᠯᠤᠯᠲᠠ ᠶᠢᠨ ᠨᠢᠭᠡᠳᠦᠭᠡᠷ ᠪᠠᠭ᠂ ᠢᠷᠭᠡᠨ ᠦ ᠬᠡᠷᠡᠭ ᠤᠨ ᠰᠢᠭᠦᠨ ᠲᠠᠰᠤᠯᠤᠯᠲᠠ ᠶᠢᠨ ᠬᠣᠶᠠᠳᠤᠭᠠᠷ ᠪᠠᠭ᠂ᠢᠷᠭᠡᠨ ᠦ ᠬᠡᠷᠡᠭ ᠤᠨ ᠰᠢᠭᠦᠨ ᠲᠠᠰᠤᠯᠤᠯᠲᠠ ᠶᠢᠨ ᠭᠤᠷᠪᠠᠳᠤᠭᠠᠷ ᠪᠠᠭ᠂ ᠵᠠᠰᠠᠭ ᠵᠠᠬᠢᠷᠭᠠᠨ ᠤ ᠰᠢᠭᠦᠨ ᠲᠠᠰᠤᠯᠤᠯᠲᠠ ᠶᠢᠨ ᠪᠠᠭ᠂ ᠳᠠᠬᠢᠨ ᠰᠢᠭᠦᠯᠲᠡ ᠶᠢᠨ ᠬᠢᠨᠠᠨ ᠪᠠᠢᠴᠠᠭᠠᠬᠤ ᠪᠠᠭ᠂ ᠭᠦᠢᠴᠡᠳᠬᠡᠬᠦ ᠪᠠᠭ᠂ ᠬᠡᠷᠡᠭ ᠳᠠᠩᠰᠠᠯᠠᠬᠤ ᠪᠠ ᠵᠠᠷᠭᠤ ᠶᠢᠨ ᠦᠢᠯᠡᠴᠢᠯᠡᠭᠡᠨ ᠦ ᠪᠠᠭ ᠤᠨ 8 ᠨᠡᠷᠡᠰ ᠪᠠᠭ ᠤᠨ ᠳᠠᠷᠤᠭ᠎ᠠ ᠪᠠ ᠤᠯᠤᠰ ᠲᠥᠷᠦ ᠶᠢᠨ ᠬᠡᠯᠲᠡᠰ᠂ ᠬᠢᠨᠠᠨ ᠪᠠᠢᠴᠠᠭᠠᠬᠤ ᠭᠠᠵᠠᠷ᠂ ᠠᠯᠪᠠᠨ ᠭᠡᠷ᠂ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠳᠦᠬᠦᠭᠡᠷᠥᠮᠵᠢ ᠶᠢᠨ ᠬᠠᠮᠢᠶᠠᠷᠤᠯᠲᠠ ᠶᠢᠨ ᠲᠠᠰᠤᠭ᠂ ᠪᠠᠢᠭᠤᠯᠭ᠎ᠠ ᠶᠢᠨ ᠨᠠᠮ ᠤᠨ ᠬᠣᠷᠢᠶ᠎ᠠ᠂ ᠰᠢᠭᠦᠨ ᠲᠠᠰᠤᠯᠤᠯᠲᠠ ᠶᠢᠨ ᠬᠠᠮᠢᠶᠠᠷᠤᠯᠲᠠ ᠶᠢᠨ ᠠᠯᠪᠠᠨ ᠭᠡᠷ᠂ ᠰᠤᠳᠤᠯᠬᠤ ᠲᠠᠰᠤᠭ᠂ ᠵᠠᠬᠢᠳᠠᠯ ᠰᠤᠷᠪᠤᠯᠵᠢᠯᠠᠭ᠎ᠠ ᠶᠢᠨ ᠲᠠᠰᠤᠭ᠂ ᠮᠡᠷᠭᠡᠵᠢᠯ ᠦᠨ ᠬᠡᠯᠲᠡᠰ ᠵᠡᠷᠭᠡ 9 ᠶᠡᠷᠦᠩᠬᠡᠢᠯᠡᠭᠰᠡᠨ ᠬᠡᠯᠲᠡᠰ ᠦᠨ ᠬᠠᠷᠢᠭᠤᠴᠠᠯᠭᠠᠲᠠᠨ ᠲᠤᠰᠪᠤᠷᠢ ᠣᠪᠤᠷ ᠢᠯᠡᠳᠭᠡᠭᠦ ᠶᠠᠷᠢᠶ᠎ᠠ ᠲᠠᠯᠪᠢᠪᠠ᠃ ᠪᠦᠭᠦᠳᠡᠭᠡᠷ ᠬᠣᠵᠢᠮ ᠤᠨ ᠠᠵᠢᠯ ᠳᠤᠮᠳᠠ ᠡᠭᠦᠷᠭᠡ ᠲᠤᠰᠢᠶᠠᠯ ᠪᠠᠨ ᠭᠦᠢᠴᠡᠳᠭᠡᠵᠦ᠂ ᠴᠢᠷᠮᠠᠢᠨ ᠠᠵᠢᠯᠯᠠᠵᠤ᠂ ᠬᠠᠷᠢᠭᠤᠴᠠᠯᠭ᠎ᠠ ᠪᠠᠨ ᠪᠣᠳᠠᠲᠠᠢ ᠪᠡᠷ ᠪᠡᠶᠡᠯᠡᠭᠦᠯᠵᠦ᠂ ᠲᠤᠰᠢᠶᠠᠯ ᠢᠶᠡᠨ ᠡᠭᠦᠷᠭᠡᠯᠡᠵᠦ᠂ ᠵᠣᠬᠢᠶᠠᠨ ᠪᠠᠢᠭᠤᠯᠤᠯᠲᠠ ᠪᠠ ᠪᠦᠬᠦ ᠰᠢᠭᠦᠬᠦ ᠬᠣᠷᠢᠶᠠᠨ ᠤ ᠺᠠᠲᠠᠷ ᠴᠠᠭᠳᠠᠭᠠᠨ ᠤ ᠡᠷᠡᠮᠡᠯᠵᠡᠯ ᠢ ᠬᠦᠰᠡᠷᠳᠡᠭᠦᠯᠬᠦ ᠦᠭᠡᠢ᠃
ᠬᠤᠷᠠᠯ ᠳᠡᠭᠡᠷ᠎ᠡ᠂ ᠳᠤᠮᠳᠠ ᠵᠡᠷᠭᠡ ᠶᠢᠨ ᠰᠢᠭᠦᠬᠦ ᠬᠣᠷᠢᠶᠠᠨ ᠤ ᠬᠣᠷᠢᠶᠠᠨ ᠳᠠᠷᠤᠭ᠎ᠠ ᠯᠢ ᠾᠥᠩ ᠶᠠᠨ ᠴᠢᠬᠤᠯᠠ ᠶᠠᠷᠢᠶ᠎ᠠ ᠲᠠᠯᠪᠢᠪᠠ᠃ ᠯᠢ ᠾᠥᠩ ᠶᠠᠨ ᠬᠣᠷᠢᠶᠠᠨ ᠳᠠᠷᠤᠭ᠎ᠠ ᠵᠢᠭᠠᠵᠤ ᠭᠠᠷᠭᠠᠭᠰᠠᠨ ᠨᠢ᠂ 6 ᠰᠠᠷᠠᠢᠨ 12 ᠤ ᠡᠳᠦᠷ ᠬᠠᠤᠯᠢ ᠴᠠᠭᠠᠵᠠ ᠶᠢᠨ ᠬᠠᠷᠢᠭᠤᠴᠠᠯᠭ᠎ᠠ ᠶᠢᠨ ᠳᠦᠷᠢᠮ ᠦᠨ ᠥᠭᠡᠷᠡᠴᠢᠯᠡᠯᠲᠡ ᠶᠢᠨ ᠳᠠᠢᠴᠢᠯᠠᠯᠲᠠ ᠶᠢᠨ ᠬᠤᠷᠠᠯ ᠬᠤᠷᠠᠯᠳᠤᠭᠤᠯᠤᠭᠰᠠᠨ ᠠᠴᠠ ᠨᠠᠰᠢ᠂ ᠪᠦᠬᠦ ᠬᠣᠷᠢᠶᠠᠨ ᠤ ᠮᠠᠰᠢ ᠥᠨᠳᠦᠷ ᠤᠯᠤᠰ ᠲᠥᠷᠦ ᠶᠢᠨ ᠤᠬᠠᠮᠰᠠᠷ ᠪᠠ ᠪᠠᠲᠤ ᠴᠢᠩᠭ᠎ᠠ ᠬᠠᠷᠢᠭᠤᠴᠠᠯᠭ᠎ᠠ ᠡᠭᠦᠷᠭᠡᠯᠡᠬᠦ ᠪᠡᠷ ᠬᠠᠤᠯᠢ ᠴᠠᠭᠠᠵᠠ ᠶᠢᠨ ᠬᠠᠷᠢᠭᠤᠴᠠᠯᠭ᠎ᠠ ᠶᠢᠨ ᠳᠦᠷᠢᠮ ᠦᠨ ᠥᠭᠡᠷᠡᠴᠢᠯᠡᠯᠲᠡ ᠶᠢᠨ ᠲᠥᠰᠦᠪ ᠢ ᠲᠣᠭᠲᠠᠭᠠᠬᠤ᠂ ᠠᠵᠢᠯᠲᠠᠨ ᠢ ᠲᠥᠷᠦᠯ ᠬᠤᠪᠢᠶᠠᠬᠤ᠂ ᠰᠢᠭᠦᠨ ᠲᠠᠰᠤᠯᠤᠯᠲᠠ ᠶᠢᠨ ᠳᠠᠷᠤᠭ᠎ᠠ᠂ ᠪᠠᠭ ᠤᠨ ᠳᠠᠷᠤᠭ᠎ᠠ ᠰᠣᠩᠭᠤᠬᠤ ᠵᠢᠴᠢ ᠵᠥᠪᠳᠡᠯᠴᠡᠬᠦ ᠲᠢᠩᠬᠢᠮ ᠪᠠᠢᠭᠤᠯᠬᠤ᠂ ᠲᠤᠰᠢᠶᠠᠯ ᠲᠣᠭᠲᠠᠭᠠᠬᠤ᠂ ᠲᠤᠲᠤᠭᠠᠳᠤ ᠪᠠᠢᠭᠤᠯᠤᠮᠵᠢ ᠶᠢᠨ ᠲᠣᠬᠢᠷᠠᠭᠤᠯᠤᠯᠲᠠ᠂ ᠶᠡᠷᠦᠩᠬᠡᠢᠯᠡᠭᠰᠡᠨ ᠬᠡᠯᠲᠡᠰ ᠦᠨ ᠠᠵᠢᠯᠲᠠᠨ ᠢ ᠳᠤᠬᠢᠷᠠᠭᠤᠯᠬᠤ ᠪᠠ ᠨᠠᠮ ᠤᠨ ᠡᠭᠦᠷ ᠦᠨ ᠱᠦᠵᠢ ᠶᠢ ᠲᠣᠬᠢᠷᠠᠭᠤᠯᠬᠤ ᠵᠡᠷᠭᠡ ᠠᠵᠢᠯ ᠢ ᠴᠢᠷᠮᠠᠢᠨ ᠪᠡᠶᠡᠯᠡᠭᠦᠯᠪᠡ᠃ ᠲᠡᠷᠡ ᠵᠢᠭᠠᠵᠤ ᠭᠠᠷᠭᠠᠭᠰᠠᠨ ᠨᠢ᠂ ᠲᠤᠰ ᠤᠳᠠᠭᠠᠨ ᠤ ᠥᠭᠡᠷᠡᠴᠢᠯᠡᠯᠲᠡ ᠶᠢ ᠨᠠᠢᠳᠠᠪᠤᠷᠢᠵᠢᠭᠤᠯᠬᠤ ᠪᠡᠷ ᠳᠠᠮᠵᠢᠵᠤ᠂ ᠤᠷᠲᠤ ᠬᠤᠭᠤᠴᠠᠭ᠎ᠠ ᠪᠡᠷ ᠣᠷᠤᠰᠢᠵᠤ ᠪᠠᠢᠭᠰᠠᠨ ᠰᠢᠭᠦᠨ ᠲᠠᠰᠤᠯᠤᠯᠲᠠ ᠶᠢᠨ ᠡᠬᠢ ᠪᠠᠶᠠᠯᠢᠭ ᠤᠨ ᠲᠣᠬᠢᠷᠠᠭᠤᠯᠤᠯᠲᠠ ᠵᠣᠬᠢᠰ ᠦᠭᠡᠢ ᠵᠢᠴᠢ ᠰᠢᠭᠦᠨ ᠲᠠᠰᠤᠯᠤᠯᠲᠠ ᠶᠢᠨ ᠠᠵᠢᠯ ᠵᠠᠰᠠᠭᠴᠢᠯᠠᠯᠲᠠ ᠠᠴᠠ ᠪᠣᠯᠵᠤ ᠰᠢᠭᠦᠬᠦ᠂ ᠲᠠᠰᠤᠯᠬᠤ ᠰᠠᠯᠤᠩᠭᠢᠷᠠᠬᠤ᠂ ᠬᠡᠷᠡᠭ ᠰᠢᠭᠦᠭᠴᠢ ᠲᠠᠰᠤᠯᠤᠯᠲᠠ ᠬᠢᠬᠦ ᠦᠭᠡᠢ᠂ ᠬᠡᠷᠡᠭ ᠲᠠᠰᠤᠯᠤᠭᠴᠢ ᠰᠢᠭᠦᠬᠦ ᠦᠭᠡᠢ᠂ ᠬᠠᠤᠯᠢ ᠴᠠᠭᠠᠵᠠ ᠶᠢᠨ ᠥᠪᠡᠷ ᠦᠨ ᠪᠡᠶ᠎ᠡ ᠪᠡᠷ ᠢᠶᠡᠨ ᠣᠷᠤᠯᠴᠠᠬᠤ ᠵᠠᠷᠴᠢᠮ ᠢ ᠵᠥᠷᠢᠴᠡᠭᠰᠡᠨ ᠤᠯᠠᠨ ᠨᠠᠵᠠᠭᠠᠢ ᠲᠠᠯ᠎ᠠ ᠶᠢ ᠪᠦᠲᠦᠮᠵᠢᠲᠠᠢ ᠰᠢᠢᠳᠪᠦᠷᠢᠯᠡᠪᠡ᠃ ᠰᠢᠭᠦᠭᠴᠢ ᠪᠡᠷ ᠭᠣᠣᠯᠳᠠᠯᠭ᠎ᠠ ᠪᠤᠯᠬᠠᠵᠤ᠂ ᠰᠢᠭᠦᠭᠴᠢ ᠶᠢᠨ ᠳᠤᠰᠠᠯᠠᠭᠴᠢ᠂ ᠲᠡᠮᠳᠡᠭᠯᠡᠭᠴᠢ ᠪᠡᠷ ᠬᠠᠪᠰᠤᠷᠤᠮᠵᠢ ᠪᠣᠯᠭᠠᠨ᠂ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠠᠵᠢᠯᠲᠠᠨ ᠪᠡᠷ ᠪᠠᠲᠤᠯᠠᠭ᠎ᠠ ᠪᠣᠯᠭᠠᠭᠰᠠᠨ ᠬᠤᠪᠢᠶᠠᠷᠢᠯᠠᠯ ᠰᠢᠨᠵᠢᠯᠡᠬᠦ ᠤᠬᠠᠭᠠᠨᠴᠢ᠂ ᠪᠦᠲᠦᠴᠡ ᠵᠣᠬᠢᠰᠲᠠᠢ᠂ ᠡᠷᠬᠡ ᠬᠠᠷᠢᠭᠤᠴᠠᠯᠭ᠎ᠠ ᠲᠣᠳᠤᠷᠬᠠᠢ᠂ ᠬᠠᠮᠢᠶᠠᠷᠤᠯᠲᠠ ᠳᠦᠷᠢᠮᠵᠢᠯ ᠲᠠᠢ᠂ ᠪᠠᠲᠤᠯᠠᠭ᠎ᠠ ᠬᠦᠴᠦᠲᠡᠢ᠂ ᠬᠠᠤᠯᠢ ᠴᠠᠭᠠᠵᠠ ᠶᠢᠨ ᠲᠤᠬᠠᠢᠯᠠᠭᠰᠠᠨ ᠠᠵᠢᠯ ᠤᠨ ᠣᠨᠴᠠᠯᠢᠭ ᠲᠤ ᠨᠡᠢᠴᠡᠭᠰᠡᠨ᠂ ᠰᠢᠭᠦᠬᠦ ᠬᠣᠷᠢᠶᠠᠨ ᠤ ᠪᠣᠳᠠᠲᠠᠢ ᠲᠠᠢ ᠨᠡᠢᠴᠡᠭᠰᠡᠨ ᠠᠵᠢᠯᠲᠠᠨ ᠤ ᠬᠠᠮᠢᠶᠠᠷᠤᠯᠲᠠ ᠶᠢᠨ ᠪᠦᠲᠦᠴᠡ ᠦᠨᠳᠦᠰᠦᠨ ᠳ᠋ᠡᠭᠡᠨ ᠪᠠᠢᠭᠤᠯᠤᠭᠳᠠᠪᠠ᠃ ᠯᠢ ᠾᠥᠩ ᠶᠠᠨ ᠬᠣᠷᠢᠶᠠᠨ ᠳᠠᠷᠤᠭ᠎ᠠ ᠴᠢᠩᠭᠠᠳᠭᠠᠭᠰᠠᠨ ᠨᠢ᠂ ᠲᠤᠰ ᠤᠳᠠᠭᠠᠨ ᠤ ᠥᠭᠡᠷᠡᠴᠢᠯᠡᠯᠲᠡ ᠳᠤᠮᠳᠠ᠂ ᠣᠷᠳᠤᠰ ᠬᠤᠳᠠ ᠶᠢᠨ ᠳᠤᠮᠳᠠ ᠵᠡᠷᠭᠡ ᠶᠢᠨ ᠰᠢᠭᠦᠬᠦ ᠬᠣᠷᠢᠶ᠎ᠠ ᠡᠬᠢ ᠪᠠᠶᠠᠯᠢᠭ ᠢ ᠰᠢᠯᠢᠳᠡᠭᠵᠢᠭᠦᠯᠦᠨ ᠲᠣᠬᠢᠷᠠᠭᠤᠯᠬᠤ᠂ ᠰᠢᠭᠦᠨ ᠲᠠᠰᠤᠯᠤᠯᠲᠠ ᠶᠢᠨ ᠡᠷᠬᠡ ᠶᠢᠨ ᠠᠵᠢᠯᠯᠠᠬᠤ ᠪᠠᠢᠭᠤᠯᠤᠮᠵᠢ ᠶᠢ ᠥᠭᠡᠷᠡᠴᠢᠯᠡᠵᠦ᠂ ᠬᠠᠮᠢᠶᠠᠷᠤᠯᠲᠠ ᠶᠢᠨ ᠬᠡᠯᠪᠡᠷᠢ ᠳᠤ ᠰᠢᠨ᠎ᠡ ᠶᠢ ᠡᠭᠦᠳᠬᠦ ᠶᠢ ᠰᠦᠪᠡᠭᠴᠢᠯᠡᠵᠦ᠂ ᠮᠡᠳᠡᠭᠡ ᠵᠠᠩᠭᠢᠴᠢᠯᠠᠯᠲᠠ ᠶᠢᠨ ᠮᠡᠷᠭᠡᠵᠢᠯ ᠦᠨ ᠬᠡᠷᠡᠭᠯᠡᠯᠲᠡ ᠵᠢ ᠪᠦᠬᠦ ᠲᠠᠯ᠎ᠠ ᠪᠡᠷ ᠠᠬᠢᠭᠤᠯᠬᠤ ᠵᠢᠴᠢ ᠭᠦᠢᠴᠡᠳᠬᠡᠬᠦ ᠵᠢ ᠳᠦᠷᠢᠮᠵᠢᠭᠦᠯᠬᠦ ᠵᠢ ᠴᠢᠩᠭᠠᠳᠭᠠᠬᠤ ᠲᠠᠪᠤᠨ ᠥᠭᠡᠷᠡᠴᠢᠯᠡᠯᠲᠡ ᠶᠢᠨ ᠡᠭᠦᠷᠭᠡ ᠶᠢ ᠪᠡᠶᠡᠯᠡᠭᠦᠯᠪᠡ᠃
ᠯᠢ ᠾᠥᠩ ᠶᠠᠨ ᠬᠣᠷᠢᠶᠠᠨ ᠳᠠᠷᠤᠭ᠎ᠠ ᠢᠯᠡᠷᠬᠡᠢᠯᠡᠭᠰᠡᠨ ᠨᠢ᠂ 2017 ᠣᠨ ᠤ 7 ᠰᠠᠷᠠᠢᠨ 1 ᠤ ᠡᠳᠦᠷ ᠡᠴᠡ ᠡᠬᠢᠯᠡᠵᠦ᠂ ᠰᠢᠨ᠎ᠡ ᠰᠢᠭᠦᠨ ᠲᠠᠰᠤᠯᠤᠯᠲᠠ ᠶᠢᠨ ᠡᠷᠬᠡ ᠶᠢᠨ ᠪᠠᠢᠭᠤᠯᠤᠮᠵᠢ᠂ ᠰᠢᠨ᠎ᠡ ᠠᠵᠢᠯ ᠤᠨ ᠬᠠᠮᠢᠶᠠᠷᠤᠯᠲᠠ ᠶᠢᠨ ᠬᠡᠯᠪᠡᠷᠢ ᠪᠦᠬᠦ ᠲᠠᠯ᠎ᠠ ᠪᠡᠷ ᠡᠬᠢᠯᠡᠨ ᠶᠠᠪᠤᠭᠳᠠᠵᠤ᠂ ᠡᠨᠡ ᠨᠢ ᠥᠭᠡᠷᠡᠴᠢᠯᠡᠯᠲᠡ ᠶᠢᠨ ᠬᠠᠷᠠᠯᠲᠠ ᠵᠢ ᠪᠡᠶᠡᠯᠡᠭᠦᠯᠦᠭᠰᠡᠨ ᠡᠰᠡᠬᠦ ᠶᠢ ᠰᠢᠯᠭᠠᠬᠤ ᠵᠠᠩᠭᠢᠯᠠᠭ᠎ᠠ ᠶᠢᠨ ᠬᠡᠰᠡᠭ ᠮᠥᠨ᠃ ᠪᠦᠬᠦ ᠬᠣᠷᠢᠶᠠᠨ ᠤ ᠺᠠᠳᠠᠷ ᠴᠠᠭᠳᠠᠭ᠎ᠠ ᠡᠷᠬᠡᠪᠰᠢ ᠤᠤᠯ ᠰᠠᠨᠠᠭ᠎ᠠ ᠪᠠ ᠬᠠᠷᠠᠯᠲᠠ ᠪᠠᠨ ᠭᠤᠢᠪᠢᠰᠢ ᠦᠭᠡᠢ ᠪᠠᠷᠢᠮᠲᠠᠯᠠᠵᠤ᠂ ᠡᠭᠦᠷᠭᠡ ᠬᠠᠷᠢᠭᠤᠴᠠᠯᠭ᠎ᠠ ᠪᠠᠨ ᠡᠭᠦᠷᠭᠡᠯᠡᠵᠦ᠂ ᠰᠡᠳᠭᠢᠯᠭᠡ ᠪᠠᠨ ᠤᠷᠠᠮᠰᠢᠭᠤᠯᠵᠤ ᠬᠣᠭᠤᠰᠤᠨ ᠶᠠᠷᠢᠬᠤ ᠦᠭᠡᠢ᠂ ᠰᠢᠨ᠎ᠡ ᠮᠠᠶᠢᠭ ᠤᠨ ᠰᠢᠭᠦᠨ ᠲᠠᠰᠤᠯᠤᠯᠲᠠ ᠶᠢᠨ ᠪᠠᠭ ᠤᠨ ᠠᠵᠢᠯᠯᠠᠬᠤ ᠪᠠᠢᠭᠤᠯᠤᠮᠵᠢ ᠶᠢᠨ ᠱᠠᠭᠠᠷᠳᠠᠯᠭ᠎ᠠ ᠶᠣᠰᠣᠭᠠᠷ ᠴᠠᠭ ᠲᠤᠬᠠᠢ ᠳ᠋ᠤᠨᠢ ᠠᠵᠢᠯ ᠶᠢᠨ ᠰᠡᠳᠭᠢᠯᠭᠡ ᠪᠠᠨ ᠲᠣᠬᠢᠷᠠᠭᠤᠯᠵᠤ᠂ ᠣᠷᠤᠨ ᠪᠠᠢᠷᠢ ᠪᠠᠨ ᠣᠯᠵᠤ ᠨᠢᠭᠡᠨ《ᠣᠷᠳᠤᠰ ᠣᠨᠴᠠᠯᠢᠭ》 ᠲᠠᠢ ᠬᠠᠤᠯᠢ ᠴᠠᠭᠠᠵᠠ ᠶᠢᠨ ᠬᠠᠷᠢᠭᠤᠴᠠᠯᠭ᠎ᠠ ᠶᠢᠨ ᠳᠦᠷᠢᠮ ᠦᠨ ᠥᠭᠡᠷᠡᠴᠢᠯᠡᠯᠲᠡ ᠶᠢᠨ ᠵᠠᠮ ᠢ ᠴᠢᠷᠮᠠᠢᠨ ᠰᠦᠪᠡᠭᠴᠢᠯᠡᠨ ᠣᠯᠤᠨ᠎ᠠ᠃
ᠲᠤᠰ ᠤᠳᠠᠭᠠᠨ ᠤ ᠳ᠋ᠦᠩᠨᠡᠯᠲᠡ ᠶᠢᠨ ᠬᠤᠷᠠᠯ ᠢ ᠬᠤᠷᠠᠯᠳᠤᠭᠤᠯᠤᠭᠰᠠᠨ ᠨᠢ᠂ ᠣᠷᠳᠤᠰ ᠬᠤᠳᠠ ᠶᠢᠨ ᠠᠷᠠᠳ ᠤᠨ ᠳᠤᠮᠳᠠ ᠵᠡᠷᠭᠡ ᠶᠢᠨ ᠰᠢᠭᠦᠬᠦ ᠬᠣᠷᠢᠶᠠᠨ ᠤ ᠬᠠᠤᠯᠢ ᠴᠠᠭᠠᠵᠠ ᠶᠢᠨ ᠬᠠᠷᠢᠭᠤᠴᠠᠯᠭ᠎ᠠ ᠶᠢᠨ ᠳᠦᠷᠢᠮ ᠦᠨ ᠥᠭᠡᠷᠡᠴᠢᠯᠡᠯᠲᠡ ᠠᠩᠬ᠎ᠠ ᠠᠯᠬᠤᠮ ᠪᠡᠶᠡᠯᠡᠭᠦᠯᠦᠭᠰᠡᠨ ᠢ ᠬᠠᠷᠠᠭᠤᠯᠵᠤ᠂ ᠰᠢᠨ᠎ᠡ ᠰᠢᠭᠦᠨ ᠲᠠᠰᠤᠯᠤᠯᠲᠠ ᠶᠢᠨ ᠡᠷᠬᠡ ᠶᠢᠨ ᠠᠵᠢᠯᠯᠠᠬᠤ ᠪᠠᠢᠭᠤᠯᠤᠮᠵᠢ 7 ᠰᠠᠷᠠᠢᠨ 1 ᠳᠤ ᠪᠦᠬᠦ ᠲᠠᠯ᠎ᠠ ᠪᠡᠷ ᠲᠤᠤᠱᠠᠯᠠᠭᠤᠯᠵᠤ᠂ ᠡᠨᠡ ᠨᠢ ᠮᠠᠨ ᠤ ᠬᠣᠷᠢᠶᠠᠨ ᠤ ᠲᠡᠤᠬᠡᠨ ᠳᠡᠭᠡᠷ᠎ᠡ ᠪᠡᠯᠭᠡ ᠳᠡᠮᠳᠡᠭ ᠦᠨ ᠠᠴᠢ ᠬᠣᠯᠪᠤᠭᠳᠠᠯ ᠲᠠᠢ ᠶᠤᠮ᠃
ᠦᠨᠡᠯᠡᠬᠦ 0ᠦᠨᠡᠯᠡᠯᠲᠡ ᠲᠠᠢ