9 ᠰᠠᠷᠠᠢᠨ13 ᠤ ᠡᠳᠦᠷ ᠦᠨ ᠦᠳᠡ ᠶᠢᠨ ᠬᠣᠢᠨ᠎ᠠ᠂ ᠢᠷᠭᠠᠢ ᠬᠣᠲᠠ ᠶᠢᠨ ᠠᠷᠠᠳ ᠤᠨ ᠳᠤᠮᠳᠠ ᠵᠡᠷᠭᠡ ᠶᠢᠨ ᠰᠢᠭᠦᠬᠦ ᠬᠣᠷᠢᠶᠠᠨ ᠤ ᠳᠡᠳ᠋ ᠬᠣᠷᠢᠶᠠᠨ ᠳᠠᠷᠤᠭ᠎ᠠ ᠴᠢᠶᠣᠣ ᠵᠢᠶᠠᠨ ᠵᠢᠶᠦ᠋ᠨ ᠵᠡᠷᠭᠡ7 ᠬᠥᠮᠦᠨ ᠮᠠᠨ ᠤ ᠬᠣᠷᠢᠶᠠᠨ ᠳᠤ ᠬᠦᠷᠴᠦ ᠬᠡᠷᠡᠭ ᠳᠠᠩᠰᠠᠯᠠᠬᠤ ᠪᠣᠯᠤᠨ᠎ᠠ ᠵᠠᠷᠭᠤ ᠶᠢᠨ ᠦᠢᠯᠡᠴᠢᠯᠡᠭᠡᠨ ᠦ ᠠᠵᠢᠯ᠂ ᠮᠡᠳᠡᠭᠡ ᠵᠠᠩᠭᠢᠴᠢᠯᠠᠯᠲᠠ ᠶᠢᠨ ᠪᠦᠲᠦᠭᠡᠨ ᠪᠠᠢᠭᠤᠯᠤᠯᠲᠠ ᠵᠡᠷᠭᠡ ᠠᠵᠢᠯ ᠳᠤ ᠪᠠᠢᠴᠠᠭᠠᠨ ᠰᠤᠳᠤᠯᠤᠯᠲᠠ ᠬᠢᠪᠡ᠃ ᠪᠠᠢᠴᠠᠭᠠᠨ ᠰᠤᠳᠤᠯᠤᠯᠲᠠ ᠶᠢᠨ ᠳᠤᠭᠤᠢᠯᠠᠩ ᠯᠢ ᠵᠢᠩ ᠭᠦᠧᠧ ᠳᠡᠳ᠋ ᠬᠣᠷᠢᠶᠠᠨ ᠳᠠᠷᠤᠭ᠎ᠠ ᠵᠢᠴᠢ ᠬᠡᠷᠡᠭ ᠳᠠᠩᠰᠠᠯᠠᠬᠤ ᠪᠣᠯᠤᠨ ᠵᠠᠷᠭᠤ ᠶᠢᠨ ᠦᠢᠯᠡᠴᠢᠯᠡᠭᠡᠨ ᠦ ᠪᠦᠯᠬᠦᠮ ᠦᠨ ᠳᠠᠷᠤᠭ᠎ᠠ ᠠᠭᠤᠯᠠ ᠵᠡᠷᠭᠡ ᠤᠳᠤᠷᠢᠳᠤᠯᠭ᠎ᠠ ᠲᠠᠢ ᠬᠠᠮᠲᠤ ᠮᠠᠨ ᠤ ᠬᠣᠷᠢᠶᠠᠨ ᠤ ᠰᠣᠶᠤᠯ ᠤᠨ ᠪᠦᠲᠦᠭᠡᠨ ᠪᠠᠢᠭᠤᠯᠤᠯᠲᠠ᠂ ᠲᠤᠭᠠᠴᠢᠯᠠᠭᠰᠠᠨ ᠰᠢᠭᠦᠬᠦ ᠲᠢᠩᠬᠢᠮ᠂ ᠵᠠᠷᠭᠤ ᠶᠢᠨ ᠦᠢᠯᠡᠴᠢᠯᠡᠭᠡᠨ ᠲᠥᠪ ᠤᠨ ᠪᠦᠲᠦᠭᠡᠨ ᠪᠠᠢᠭᠤᠯᠤᠯᠲᠠ ᠪᠠ ᠮᠡᠳᠡᠭᠡ ᠵᠠᠩᠭᠢᠴᠢᠯᠠᠯᠲᠠ ᠶᠢᠨ ᠪᠦᠲᠦᠭᠡᠨ ᠪᠠᠢᠭᠤᠯᠤᠯᠲᠠ ᠶᠢᠨ ᠪᠠᠢᠳᠠᠯ ᠢ ᠲᠣᠭᠤᠷᠢᠨ ᠦᠵᠡᠪᠡ᠃
ᠳᠤᠭᠤᠷᠢᠨ ᠦᠵᠡᠭᠰᠡᠨ ᠦ ᠳᠠᠷᠠᠭ᠎ᠠ᠂ ᠪᠠᠢᠴᠠᠭᠠᠨ ᠰᠤᠳᠤᠯᠬᠤ ᠳᠤᠭᠤᠢᠯᠠᠩ ᠪᠣᠯᠤᠨ ᠮᠠᠨ ᠤ ᠬᠣᠷᠢᠶᠠᠨ ᠤ ᠬᠠᠮᠢᠶ᠎ᠠ ᠪᠦᠬᠦᠢ ᠠᠵᠢᠯᠳᠠᠨ ᠲᠠᠢ ᠰᠠᠭᠤᠳᠠᠯ ᠤᠨ ᠬᠤᠷᠠᠯ ᠬᠤᠷᠠᠯᠳᠤᠭᠤᠯᠪᠠ᠃ ᠬᠤᠷᠠᠯ ᠳᠡᠭᠡᠷ᠎ᠡ᠂ ᠯᠢ ᠵᠢᠩ ᠭᠦᠧᠧ ᠬᠣᠷᠢᠶᠠᠨ ᠳᠠᠷᠤᠭ᠎ᠠ ᠪᠦᠬᠦ ᠬᠤᠳᠠ ᠶᠢᠨ ᠬᠤᠶᠠᠷ ᠱᠠᠳᠤᠨ ᠤ ᠰᠢᠭᠦᠬᠦ ᠬᠣᠷᠢᠶᠠᠨ ᠤ ᠰᠢᠭᠦᠨ ᠲᠠᠰᠤᠯᠬᠤ ᠭᠦᠢᠴᠡᠳᠬᠡᠬᠦ᠂ ᠠᠵᠢᠯᠳᠠᠨ ᠤ ᠡᠩᠨᠡᠭᠡ᠂ ᠬᠠᠤᠯᠢ ᠴᠠᠭᠠᠵᠠ ᠶᠢᠨ ᠥᠭᠡᠷᠡᠴᠢᠯᠡᠯᠲᠡ ᠶᠢᠨ ᠦᠨᠳᠦᠰᠦᠨ ᠪᠠᠢᠳᠠᠯ ᠢ ᠪᠠᠢᠴᠠᠭᠠᠨ ᠰᠤᠳᠤᠯᠤᠯᠲᠠ ᠶᠢᠨ ᠳᠤᠭᠤᠢᠯᠠᠩ ᠳᠤ ᠲᠠᠨᠢᠯᠴᠠᠭᠤᠯᠪᠠ᠃ ᠳᠠᠷᠠᠭ᠎ᠠ ᠨᠢ᠂ ᠬᠡᠷᠡᠭ ᠳᠠᠩᠰᠠᠯᠠᠬᠤ ᠪᠣᠯᠤᠨ ᠵᠠᠷᠭᠤ ᠶᠢᠨ ᠦᠢᠯᠡᠴᠢᠯᠡᠭᠡᠨ ᠦ ᠪᠦᠯᠬᠦᠮ ᠦᠨ ᠳᠠᠷᠤᠭ᠎ᠠ ᠠᠭᠤᠯᠠ᠂ ᠵᠠᠷᠭᠤ ᠶᠢᠨ ᠦᠢᠯᠡᠴᠢᠯᠡᠭᠡᠨ ᠦ ᠲᠥᠪ ᠦᠨ ᠳᠡᠳ᠋ ᠡᠷᠬᠢᠯᠡᠭᠴᠢ ᠯᠢᠦ ᠵᠢᠶᠠᠨ ᠸᠧᠨ᠂ ᠮᠡᠷᠭᠡᠵᠢᠯ ᠦᠨ ᠬᠡᠯᠲᠡᠰ ᠦᠨ ᠬᠠᠷᠢᠭᠤᠴᠠᠯᠭᠠᠲᠠᠨ ᠳ᠋ᠢᠩ ᠸᠧᠢ ᠬᠤᠸᠠ ᠵᠠᠷᠭᠤ ᠶᠢᠨ ᠦᠢᠯᠡᠴᠢᠯᠡᠭᠡᠨ ᠦ ᠲᠥᠪ ᠤᠨ ᠪᠦᠲᠦᠭᠡᠨ ᠪᠠᠢᠭᠤᠯᠤᠯᠲᠠ᠂ ᠠᠵᠢᠯ ᠤᠨ ᠰᠢᠨ᠎ᠡ ᠡᠭᠦᠳᠬᠦ᠂ ᠮᠡᠳᠡᠭᠡ ᠵᠠᠩᠭᠢ ᠶᠢᠨ ᠪᠦᠲᠦᠭᠡᠨ ᠪᠠᠢᠭᠤᠯᠤᠯᠲᠠ ᠪᠣᠯᠤᠨ ᠬᠡᠷᠡᠭᠯᠡᠯᠲᠡ ᠵᠢᠴᠢ ᠳᠠᠷᠠᠭᠠᠴᠢ ᠶᠢᠨ ᠠᠯᠬᠤᠮ ᠤᠨ ᠠᠵᠢᠯ ᠤᠨ ᠲᠥᠯᠦᠪᠯᠡᠪᠡ ᠶᠢᠨ ᠦᠨᠳᠦᠰᠦᠨ ᠪᠠᠢᠳᠠᠯ ᠢ ᠪᠤᠳᠠᠳᠠᠢ ᠲᠠᠨᠢᠯᠴᠠᠭᠤᠯᠪᠠ᠃
ᠢᠷᠭᠠᠢ ᠬᠣᠲᠠ ᠶᠢᠨ ᠠᠷᠠᠳ ᠤᠨ ᠳᠤᠮᠳᠠ ᠵᠡᠷᠭᠡ ᠶᠢᠨ ᠰᠢᠭᠦᠬᠦ ᠬᠣᠷᠢᠶᠠᠨ ᠤ ᠳᠡᠳ᠋ ᠬᠣᠷᠢᠶᠠᠨ ᠳᠠᠷᠤᠭ᠎ᠠ ᠴᠢᠶᠣᠣ ᠵᠢᠶᠠᠨ ᠵᠢᠶᠦ᠋ᠨ ᠮᠠᠨ ᠤ ᠬᠣᠷᠢᠶᠠᠨ ᠤ ᠠᠵᠢᠯ ᠤᠨ ᠪᠠᠢᠳᠠᠯ ᠤᠨ ᠲᠠᠨᠢᠯᠴᠠᠭᠤᠯᠤᠭ᠎ᠠ ᠶᠢ ᠰᠣᠨᠤᠰᠤᠭᠰᠠᠨ ᠤ ᠳᠠᠷᠠᠭ᠎ᠠ᠂ ᠮᠠᠨ ᠤ ᠬᠣᠷᠢᠶᠠᠨ ᠤ ᠬᠠᠤᠯᠢ ᠴᠠᠭᠠᠵᠠ ᠶᠢᠨ ᠥᠭᠡᠷᠡᠴᠢᠯᠡᠯᠲᠡ ᠪᠠᠢᠭᠤᠯᠤᠮᠵᠢ ᠶᠢᠨ ᠬᠠᠪᠲᠠᠭᠠᠢ ᠬᠠᠮᠢᠶᠠᠷᠤᠯᠲᠠ ᠶᠢᠨ ᠬᠡᠯᠪᠡᠷᠢ᠂ ᠳᠠᠬᠢᠨ ᠰᠢᠭᠦᠯᠲᠡ ᠶᠢᠨ ᠬᠡᠷᠡᠭ ᠢ ᠨᠢᠭᠡᠳᠭᠡᠬᠦ ᠵᠡᠷᠭᠡ ᠠᠵᠢᠯ ᠢ ᠪᠦᠷᠢᠮᠦᠰᠦᠨ ᠮᠡᠳᠡᠷᠡᠵᠦ᠂ ᠡᠭᠦᠨ ᠦ ᠬᠠᠮᠲᠤ ᠮᠠᠨ ᠤ ᠬᠣᠷᠢᠶᠠᠨ ᠤ ᠮᠡᠳᠡᠭᠡ ᠵᠠᠩᠭᠢᠴᠢᠯᠠᠯᠲᠠ ᠶᠢᠨ ᠪᠦᠲᠦᠭᠡᠨ ᠪᠠᠢᠭᠤᠯᠤᠯᠲᠠ ᠳᠤ ᠥᠨᠳᠦᠷ ᠦᠨᠡᠯᠡᠯᠲᠡ ᠥᠭᠪᠡ᠃
ᠦᠨᠡᠯᠡᠬᠦ 0ᠦᠨᠡᠯᠡᠯᠲᠡ ᠲᠠᠢ