9 ᠰᠠᠷᠠᠢᠨ 8 ᠤ ᠡᠳᠦᠷ ᠦᠨ ᠦᠳᠡ ᠶᠢᠨ ᠡᠮᠦᠨ᠎ᠡ ᠶᠢᠨ 9᠄00 ᠲᠤ᠂ ᠠᠷᠠᠳ ᠤᠨ ᠳᠡᠭᠡᠳᠦ ᠵᠡᠷᠭᠡ ᠶᠢᠨ ᠰᠢᠭᠦᠬᠦ ᠬᠣᠷᠢᠶᠠᠨ ᠤ ᠯᠸᠺᠲ᠋ᠣᠷ ᠤᠨ ᠪᠦᠯᠬᠦᠮ ᠤᠨ ᠥᠪᠦᠷ ᠮᠣᠩᠭᠤᠯ ᠢ ᠲᠣᠭᠤᠷᠢᠭᠰᠠᠨ ᠬᠢᠴᠢᠶᠡᠯ ᠤᠨ ᠵᠠᠰᠠᠭ ᠵᠠᠬᠢᠷᠭᠠᠨ ᠤ ᠰᠢᠭᠦᠯᠲᠡ ᠶᠢᠨ ᠲᠤᠰᠭᠠᠢ ᠮᠡᠷᠭᠡᠵᠢᠯ ᠨᠢ ᠣᠷᠳᠤᠰ ᠬᠣᠲᠠ ᠶᠢᠨ ᠠᠷᠠᠳ ᠤᠨ ᠳᠤᠮᠳᠠ ᠵᠡᠷᠭᠡ ᠶᠢᠨ ᠰᠢᠭᠦᠬᠦ ᠬᠣᠷᠢᠶᠠᠨ ᠭᠣᠣᠯ ᠬᠢᠴᠢᠶᠡᠯ ᠦᠨ ᠭᠡᠷ ᠲᠤ ᠡᠬᠢᠯᠡᠵᠦ᠂ ᠯᠸᠺᠲ᠋ᠣᠷ ᠤᠨ ᠪᠦᠯᠬᠦᠮ ᠦᠨ ᠬᠡᠰᠢᠭᠦᠨ᠂ ᠱᠠᠩᠬᠠᠢ ᠬᠣᠲᠠ ᠶᠢᠨ ᠠᠷᠠᠳ ᠤᠨ ᠳᠡᠭᠡᠳᠦ ᠵᠡᠷᠭᠡ ᠤ ᠰᠢᠭᠦᠬᠦ ᠬᠣᠷᠢᠶᠠᠨ ᠤ ᠵᠠᠰᠠᠭ ᠵᠠᠬᠢᠷᠭᠠᠨ ᠤ ᠰᠢᠭᠦᠯᠲᠡ ᠶᠢᠨ ᠲᠢᠩᠬᠢᠮ ᠤᠨ ᠰᠢᠭᠦᠨ ᠲᠠᠰᠤᠯᠤᠭᠴᠢ ᠯᠢᠨ ᠵᠢᠶᠦ᠋ᠨ ᠬᠤᠸᠠ ᠵᠠᠰᠠᠭ ᠵᠠᠬᠢᠷᠭᠠᠨ ᠤ ᠰᠢᠭᠦᠯᠲᠡ ᠶᠢᠨ ᠳᠤᠰᠬᠠᠢ ᠮᠡᠷᠭᠡᠵᠢᠯ ᠢ ᠲᠣᠭᠤᠷᠢᠭᠤᠯᠤᠨ ᠲᠤᠰᠭᠠᠢ ᠰᠡᠳᠦᠪᠲᠦ ᠬᠢᠴᠢᠶᠡᠯ ᠣᠷᠤᠪᠠ᠃ ᠣᠷᠳᠤᠰ ᠬᠤᠳᠠ ᠶᠢᠨ ᠠᠷᠠᠳ ᠤᠨ ᠳᠤᠮᠳᠠ ᠵᠡᠷᠭᠡ ᠶᠢᠨ ᠰᠢᠭᠦᠬᠦ ᠬᠣᠷᠢᠶᠠᠨ ᠤ ᠳᠡᠳ᠋ ᠬᠣᠷᠢᠶᠠᠨ ᠳᠠᠷᠤᠭ᠎ᠠ ᠹᠠᠨ ᠶᠢ᠍ᠤ ᠹᠠ ᠬᠢᠴᠢᠶᠡᠯ ᠳᠤ ᠣᠷᠤᠯᠴᠠᠭᠰᠠᠨ ᠮᠥᠷᠲᠡᠭᠡᠨ ᠲᠤᠰ ᠤᠳᠠᠭᠠᠨ ᠤ ᠰᠠᠭᠤᠳᠠᠯ ᠤᠨ ᠬᠤᠷᠠᠯ ᠢ ᠡᠷᠬᠢᠯᠡᠪᠡ᠃
ᠯᠢᠨ ᠵᠢᠶᠦ᠋ᠨ ᠬᠤᠸᠠ ᠰᠢᠭᠦᠭᠴᠢ《ᠰᠢᠨ᠎ᠡ《ᠵᠠᠰᠠᠭ ᠵᠠᠬᠢᠷᠭᠠᠨ ᠤ ᠵᠠᠷᠭᠤ ᠶᠢᠨ ᠬᠠᠤᠯᠢ》 ᠶᠢᠨ ᠬᠡᠷᠡᠭᠵᠢᠭᠦᠯᠦᠭᠰᠡᠨ ᠦ ᠪᠠᠢᠳᠠᠯ ᠳᠣᠣᠷ᠎ᠠ ᠵᠠᠰᠠᠭ ᠵᠠᠬᠢᠷᠭᠠᠨ ᠤ ᠰᠢᠭᠦᠯᠲᠡ ᠶᠢᠨ ᠬᠠᠤᠯᠢ ᠴᠠᠭᠠᠵᠠ ᠶᠢᠨ ᠪᠠᠢᠴᠠᠭᠠᠯᠲᠠ ᠶᠢᠨ ᠪᠤᠳᠠᠳᠤ ᠰᠤᠳᠤᠯᠭᠠᠨ》 ᠢᠶᠠᠷ ᠭᠣᠣᠯ ᠰᠡᠳᠦᠪ ᠪᠤᠯᠬᠠᠵᠤ᠂ ᠦᠳᠡ ᠶᠢᠨ ᠡᠮᠦᠨᠡᠬᠢ ᠬᠢᠴᠢᠶᠡᠯ ᠳᠤ ᠵᠠᠰᠠᠭ ᠵᠠᠬᠢᠷᠭᠠᠨ ᠤ ᠵᠠᠷᠭᠤ ᠶᠢᠨ ᠬᠡᠷᠡᠭ ᠦᠨ ᠬᠡᠷᠡᠭ ᠬᠦᠯᠢᠶᠡᠨ ᠠᠪᠬᠤ ᠬᠡᠪᠴᠢᠶ᠎ᠡ᠂ ᠵᠠᠭᠠᠯᠳᠤᠭᠴᠢ ᠶᠢᠨ ᠬᠢᠷᠢ ᠬᠡᠮ ᠦᠨ ᠠᠰᠠᠭᠤᠳᠠᠯ᠂ ᠳᠠᠬᠢᠨ ᠵᠥᠪᠯᠡᠬᠦ ᠪᠠᠢᠭᠤᠯᠭ᠎ᠠ ᠵᠠᠷᠭᠤ ᠳᠤ ᠣᠷᠤᠯᠴᠠᠬᠤ ᠠᠰᠠᠭᠤᠳᠠᠯ᠂ ᠵᠠᠰᠠᠭ ᠵᠠᠬᠢᠷᠭᠠᠨ ᠤ ᠪᠠᠢᠭᠤᠯᠤᠯᠭ᠎ᠠ ᠶᠢᠨ ᠬᠠᠷᠢᠭᠤᠴᠠᠯᠭᠠᠲᠠᠨ ᠰᠢᠭᠦᠯᠲᠡ ᠳᠤ ᠣᠷᠤᠯᠴᠠᠬᠤ ᠬᠡᠪᠴᠢᠶ᠎ᠡ᠂ ᠪᠣᠳᠠᠲᠠᠢ ᠠᠷᠭ᠎ᠠ ᠠᠪᠴᠢᠯ ᠵᠢᠴᠢ ᠰᠢᠭᠦᠯᠲᠡ ᠳᠤ ᠣᠷᠤᠯᠴᠠᠵᠤ ᠳᠡᠢᠯᠬᠦ ᠦᠭᠡᠢ ᠶᠢ ᠰᠢᠢᠳᠪᠦᠷᠢᠯᠡᠬᠦ ᠵᠡᠷᠭᠡ ᠬᠡᠳᠦᠨ ᠲᠠᠯ᠎ᠠ ᠶᠢ ᠭᠣᠣᠯᠳᠠᠯᠭ᠎ᠠ ᠲᠠᠢ ᠳᠤᠷᠠᠳᠪᠠ᠃ ᠦᠳᠡ ᠶᠢᠨ ᠬᠣᠢᠨᠠᠬᠢ ᠬᠢᠴᠢᠶᠡᠯ ᠨᠢ ᠭᠣᠣᠯᠳᠠᠭᠤ ᠳᠥᠷᠪᠡᠨ ᠲᠠᠯ᠎ᠠ᠂ ᠵᠠᠰᠠᠭ ᠵᠠᠬᠢᠷᠭᠠᠨ ᠤ ᠣᠷᠤᠨ ᠬᠠᠷᠢᠶᠠᠯᠠᠯ ᠠᠯᠤᠰᠯᠠᠭᠰᠠᠨ ᠵᠠᠰᠠᠭ ᠵᠠᠬᠢᠷᠭᠠᠨ ᠤ ᠬᠡᠷᠡᠭ᠂ ᠳᠦᠷᠢᠮᠵᠢᠯ ᠦᠨ ᠴᠢᠨᠠᠷ ᠲᠠᠢ ᠮᠠᠲ᠋ᠧᠷᠢᠶᠠᠯ ᠤᠨ ᠳᠠᠭᠠᠯᠳᠤᠭᠤᠯᠤᠨ ᠰᠢᠭᠦᠨ ᠪᠠᠢᠴᠠᠭᠠᠬᠤ᠂ ᠵᠠᠰᠠᠭ ᠵᠠᠬᠢᠷᠭᠠᠨ ᠤ ᠵᠠᠷᠭᠤ ᠶᠢᠨ ᠳᠥᠭᠦᠮ ᠠᠯᠬᠤᠮ ᠳᠠᠷᠠᠭ᠎ᠠ ᠵᠢᠴᠢ ᠵᠠᠰᠠᠭ ᠵᠠᠬᠢᠷᠭᠠᠨ ᠤ ᠦᠢᠯᠡ ᠠᠵᠢᠯᠯᠠᠭ᠎ᠠ ᠵᠣᠬᠢᠰ ᠦᠭᠡᠢ ᠨᠢ ᠢᠯᠡᠷᠬᠡᠢ ᠪᠠᠢᠬᠤ ᠵᠢ ᠬᠢᠨᠠᠨ ᠪᠠᠢᠴᠠᠭᠠᠬᠤ ᠶᠢ ᠪᠠᠭᠲᠠᠭᠠᠵᠤ᠂ ᠣᠨᠴᠠᠭᠠᠢᠯᠠᠨ ᠱᠠᠩᠬᠠᠢ ᠬᠣᠲᠠ ᠶᠢᠨ ᠭᠤᠷᠪᠠᠳᠤᠭᠠᠷ ᠠᠷᠠᠳ ᠤᠨ ᠳᠤᠮᠳᠠ ᠵᠡᠷᠭᠡ ᠶᠢᠨ ᠰᠢᠭᠦᠬᠦ ᠬᠣᠷᠢᠶ᠎ᠠ᠂ ᠱᠠᠩᠬᠠᠢ ᠬᠣᠲᠠ ᠶᠢᠨ ᠲᠡᠮᠦᠷ ᠵᠠᠮ ᠤᠨ ᠲᠡᠭᠡᠭᠡᠪᠦᠷᠢ ᠶᠢᠨ ᠰᠢᠭᠦᠬᠦ ᠬᠣᠷᠢᠶᠠᠨ ᠤ ᠵᠠᠰᠠᠭ ᠵᠠᠬᠢᠷᠭᠠᠨ ᠤ ᠣᠷᠤᠨ ᠬᠠᠷᠢᠶᠠᠯᠠᠯ ᠠᠯᠤᠰᠯᠠᠭᠰᠠᠨ ᠢ ᠲᠥᠪᠯᠡᠷᠡᠭᠦᠯᠦᠨ ᠬᠠᠮᠢᠶᠠᠷᠬᠤ ᠳᠠᠪᠰᠢᠭᠰᠠᠨ ᠲᠤᠷᠰᠢᠯᠭ᠎ᠠ ᠶᠢ ᠲᠠᠨᠢᠯᠴᠠᠭᠤᠯᠪᠠ᠃ ᠡᠨᠡ ᠬᠤᠭᠤᠴᠠᠭᠠᠨ ᠳᠤ᠂ ᠬᠢᠴᠢᠶᠡᠯᠯᠡᠬᠦ ᠪᠠᠭᠰᠠᠢ ᠰᠤᠷᠤᠭᠴᠢᠳ ᠲᠠᠢ ᠰᠢᠭᠦᠨ ᠲᠠᠰᠤᠯᠤᠯᠲᠠ ᠶᠢᠨ ᠦᠢᠯᠡᠳᠦᠯᠭᠡ ᠳᠤᠮᠳᠠ ᠤᠴᠠᠷᠠᠭᠰᠠᠨ ᠡᠯ᠎ᠡ ᠵᠦᠢᠯ ᠦᠨ ᠠᠰᠠᠭᠤᠳᠠᠯ ᠤᠨ ᠲᠤᠬᠠᠢ ᠶᠠᠷᠢᠯᠴᠠᠪᠠ᠃ ᠲᠤᠰ ᠤᠳᠠᠭᠠᠨ ᠤ ᠪᠣᠯᠪᠠᠰᠤᠷᠠᠯ ᠤᠨ ᠡᠳᠡᠭᠡᠳ ᠨᠢ ᠥᠷᠭᠡᠨ᠂ ᠪᠦᠬᠦ ᠬᠣᠲᠠ ᠶᠢᠨ ᠰᠢᠭᠦᠬᠦ ᠬᠣᠷᠢᠶᠠᠨ ᠤ ᠪᠦᠬᠦ ᠵᠠᠰᠠᠭ ᠵᠠᠬᠢᠷᠭᠠᠨ ᠤ ᠰᠢᠭᠦᠨ ᠲᠠᠰᠤᠯᠤᠯᠲᠠ ᠶᠢᠨ ᠡᠩᠨᠡᠭᠡ ᠶᠢ ᠪᠠᠭᠲᠠᠭᠠᠵᠤ᠂ ᠪᠦᠬᠦ ᠵᠠᠰᠠᠭ ᠵᠠᠬᠢᠷᠭᠠᠨ ᠤ ᠰᠢᠭᠦᠨ ᠲᠠᠰᠤᠯᠤᠯᠲᠠ ᠶᠢᠨ ᠠᠩᠭᠢ ᠶᠢᠨ ᠬᠡᠪ ᠴᠢᠨᠠᠷ ᠳᠡᠭᠡᠭᠰᠢᠯᠡᠬᠦ ᠳᠤ ᠠᠰᠢᠭᠲᠠᠢ᠂ ᠬᠠᠤᠯᠢ ᠴᠠᠭᠠᠵᠠ ᠶᠢᠨ ᠲᠥᠪ ᠭᠣᠣᠯᠴᠢ ᠥᠨᠳᠦᠷ ᠪᠦᠲᠦᠮᠵᠢ ᠲᠠᠢ ᠶᠢ ᠠᠬᠢᠭᠤᠯᠬᠤ ᠳᠤ ᠢᠳᠡᠪᠬᠢᠲᠡᠢ ᠦᠢᠯᠡᠳᠦᠯ ᠦᠵᠡᠭᠦᠯᠬᠦ ᠶᠤᠮ᠃
ᠲᠤᠰ ᠡᠳᠦᠷ ᠦᠨ ᠦᠳᠡ ᠶᠢᠨ ᠬᠣᠢᠨ᠎ᠠ᠂ ᠪᠦᠲᠦᠮᠵᠢ ᠶᠢ ᠳᠡᠭᠡᠭᠰᠢᠯᠡᠭᠦᠯᠵᠦ᠂ ᠨᠡᠩ ᠰᠠᠢᠨ ᠢᠶᠠᠷ ᠤᠯᠠᠨ ᠺᠠᠲᠠᠷ ᠴᠠᠭᠳᠠᠭ᠎ᠠ ᠶᠢᠨ ᠳᠤᠷᠠᠳᠤᠭᠰᠠᠨ ᠰᠢᠭᠦᠨ ᠲᠠᠰᠤᠯᠤᠯᠲᠠ ᠶᠢᠨ ᠠᠵᠢᠯ ᠳᠤᠮᠳᠠᠬᠢ ᠬᠦᠴᠢᠷᠲᠡᠢ ᠠᠰᠠᠭᠤᠳᠠᠯ ᠢ ᠲᠠᠢᠯᠪᠤᠷᠢᠯᠠᠬᠤ ᠶᠢᠨ ᠲᠥᠯᠦᠭᠡ᠂ ᠬᠤᠳᠠ ᠶᠢᠨ ᠠᠷᠠᠳ ᠤᠨ ᠳᠤᠮᠳᠠ ᠵᠡᠷᠭᠡ ᠶᠢᠨ ᠰᠢᠭᠦᠬᠦ ᠬᠣᠷᠢᠶ᠎ᠠ ᠯᠸᠺᠲ᠋ᠤᠷ ᠤᠨ ᠪᠦᠯᠬᠦᠮ ᠢ ᠬᠤᠶᠠᠷ ᠳᠤᠭᠤᠢᠯᠠᠩ ᠬᠤᠪᠢᠶᠠᠵᠤ ᠬᠠᠷᠢᠭᠤᠯᠲᠠ ᠬᠢᠪᠡ᠃ ᠨᠢᠭᠡᠳᠦᠭᠡᠷ ᠳᠤᠭᠤᠢᠯᠠᠩ ᠨᠢ ᠡᠷᠡᠭᠦᠦ ᠶᠢᠨ ᠬᠡᠷᠡᠭ ᠦᠨ ᠰᠢᠭᠦᠨ ᠲᠠᠰᠤᠯᠤᠯᠲᠠ ᠶᠢᠨ ᠲᠤᠰᠭᠠᠢ ᠮᠡᠷᠭᠡᠵᠢᠯ ᠦᠨ ᠰᠠᠭᠤᠳᠠᠯ ᠤᠨ ᠬᠤᠷᠠᠯ᠂ ᠬᠣᠶᠠᠳᠤᠭᠠᠷ ᠳᠤᠭᠤᠢᠯᠠᠩ ᠨᠢ ᠢᠷᠭᠡᠨ ᠦ ᠬᠡᠷᠡᠭ ᠬᠤᠳᠠᠯᠳᠤᠭᠠᠨ ᠤ ᠬᠡᠷᠡᠭ ᠦᠨ ᠰᠢᠭᠦᠨ ᠲᠠᠰᠤᠯᠤᠯᠲᠠ ᠶᠢᠨ ᠲᠤᠰᠭᠠᠢ ᠮᠡᠷᠭᠡᠵᠢᠯ ᠦᠨ ᠰᠠᠭᠤᠳᠠᠯ ᠤᠨ ᠬᠤᠷᠠᠯ᠂ ᠳ᠋ᠦᠩᠱᠧᠩ ᠲᠣᠭᠤᠷᠢᠭ ᠤᠨ ᠰᠢᠭᠦᠬᠦ ᠬᠣᠷᠢᠶ᠎ᠠ᠂ ᠡᠵᠡᠨ ᠬᠣᠷᠤᠭ᠎ᠠ ᠰᠢᠭᠦᠬᠦ ᠬᠣᠷᠢᠶᠠᠨ ᠤ ᠲᠣᠭᠠᠨ ᠳᠤ ᠣᠷᠤᠭᠰᠠᠨ ᠰᠢᠭᠦᠭᠴᠢ ᠨᠢ ᠣᠷᠭᠢᠯᠤᠮ᠎ᠠ ᠬᠠᠯᠠᠭᠤᠨ ᠰᠡᠳᠭᠢᠯ ᠢᠶᠡᠷ ᠢᠳᠡᠪᠬᠢᠲᠡᠢ ᠪᠠᠷ ᠰᠠᠭᠤᠳᠠᠯ ᠤᠨ ᠬᠤᠷᠠᠯ ᠳᠤ ᠣᠷᠤᠯᠴᠠᠪᠠ᠃ ᠡᠷᠡᠭᠦᠦ ᠶᠢᠨ ᠬᠡᠷᠡᠭ ᠦᠨ ᠰᠢᠭᠦᠨ ᠲᠠᠰᠤᠯᠤᠯᠲᠠ ᠶᠢᠨ ᠲᠤᠰᠭᠠᠢ ᠮᠡᠷᠭᠡᠵᠢᠯ ᠰᠠᠭᠤᠳᠠᠯ ᠤᠨ ᠬᠤᠷᠠᠯ ᠳᠤ᠂ ᠰᠢᠭᠦᠭᠴᠢ ᠨᠠᠷ ᠰᠢᠭᠦᠨ ᠲᠠᠰᠤᠯᠤᠯᠲᠠ ᠪᠠᠷ ᠭᠣᠣᠯ ᠪᠣᠯᠭᠠᠭᠰᠠᠨ ᠵᠠᠷᠭᠤ ᠶᠢᠨ ᠳᠦᠷᠢᠮ ᠦᠨ ᠥᠭᠡᠷᠡᠴᠢᠯᠡᠯᠲᠡ᠂ ᠰᠢᠳᠬᠡᠯ ᠠᠯᠠᠭᠤᠷᠠᠭᠤᠯᠬᠤ ᠶᠢ ᠬᠦᠴᠦᠨ ᠦᠭᠡᠢ ᠪᠣᠯᠭᠠᠭᠰᠠᠨ ᠡᠰᠡᠬᠦ ᠵᠢ ᠬᠡᠷᠬᠢᠨ ᠪᠠᠢᠴᠠᠭᠠᠬᠤ ᠶᠢᠨ ᠠᠯᠬᠤᠮ ᠳᠠᠷᠠᠭ᠎ᠠ ᠲᠣᠭᠲᠠᠭᠠᠯ ᠵᠡᠷᠭᠡ ᠠᠰᠠᠭᠤᠯᠲᠠ ᠶᠢ ᠳᠤᠷᠠᠳᠪᠠ᠃ ᠢᠷᠭᠡᠨ ᠦ ᠬᠡᠷᠡᠭ ᠬᠤᠳᠠᠯᠳᠤᠭᠠᠨ ᠤ ᠬᠡᠷᠡᠭ ᠦᠨ ᠰᠠᠭᠤᠳᠠᠯ ᠤᠨ ᠬᠤᠷᠠᠯ ᠳᠤ᠂ ᠳᠠᠨᠵᠢ ᠶᠢᠨ ᠡᠷᠬᠡᠲᠦ ᠬᠥᠮᠦᠨ ᠦ ᠡᠷᠬᠡ ᠠᠰᠢᠭ ᠤᠨ ᠬᠡᠷᠬᠢᠨ ᠪᠠᠲᠤᠯᠠᠬᠤ᠂ ᠲᠠᠰᠤᠯᠤᠨ ᠲᠣᠭᠲᠠᠭᠠᠬᠤ ᠬᠡᠷᠡᠭ ᠳᠤᠮᠳᠠ ᠲᠠᠰᠤᠯᠤᠨ ᠲᠣᠭᠲᠠᠭᠠᠬᠤ ᠲᠢᠩᠬᠢᠮ ᠵᠠᠢᠯᠠᠬᠤ ᠰᠢᠯᠲᠠᠭᠠᠨ ᠵᠢᠴᠢ ᠢᠷᠭᠡᠨ ᠦ ᠬᠣᠭᠤᠷᠤᠨᠳᠤᠬᠢ ᠵᠢᠭᠡᠯᠡᠯᠭᠡ ᠶᠢᠨ ᠬᠡᠷᠡᠭ ᠦᠨ ᠪᠤᠴᠠᠭᠠᠬᠤ ᠬᠤᠭᠤᠴᠠᠭ᠎ᠠ ᠲᠣᠭᠲᠠᠭᠠᠭᠰᠠᠨ ᠦᠭᠡᠢ᠂ ᠬᠣᠯᠪᠤᠯᠳᠤᠭᠰᠠᠨ ᠬᠠᠷᠢᠭᠤᠴᠠᠯᠭ᠎ᠠ ᠲᠠᠢ ᠪᠠᠲᠤᠯᠠᠭᠴᠢ ᠶᠢᠨ ᠪᠠᠲᠤᠯᠠᠬᠤ ᠬᠤᠭᠤᠴᠠᠭ᠎ᠠ ᠶᠢᠨ ᠪᠤᠳᠤᠬᠤ ᠬᠤᠭᠤᠴᠠᠭ᠎ᠠ ᠵᠡᠷᠭᠡ ᠢᠷᠭᠡᠨ ᠦ ᠬᠡᠷᠡᠭ ᠬᠤᠳᠠᠯᠳᠤᠭᠠᠨ ᠤ ᠬᠡᠷᠡᠭ ᠦᠨ ᠪᠣᠳᠠᠲᠤ ᠦᠢᠯᠡᠳᠦᠯᠭᠡ ᠳᠤᠮᠳᠠᠬᠢ ᠬᠦᠴᠢᠷᠲᠠᠢ ᠠᠰᠠᠭᠤᠳᠠᠯ᠂ ᠬᠠᠯᠠᠭᠤᠨ ᠴᠡᠭ ᠠᠰᠠᠭᠤᠯᠲᠠ ᠶᠢ ᠳᠤᠷᠠᠳᠪᠠ᠃ ᠯᠸᠺᠲ᠋ᠤᠷ ᠤᠨ ᠪᠦᠯᠬᠦᠮ ᠦᠨ ᠪᠠᠭᠰᠢ ᠡᠳᠡᠭᠡᠷ ᠰᠢᠭᠦᠨ ᠲᠠᠰᠤᠯᠤᠯᠲᠠ ᠶᠢᠨ ᠦᠢᠯᠡᠳᠦᠯᠭᠡ ᠳᠤᠮᠳᠠ ᠣᠷᠤᠰᠢᠵᠤ ᠪᠠᠢᠭ᠎ᠠ ᠠᠰᠠᠭᠤᠳᠠᠯ ᠢ ᠨᠠᠷᠢᠯᠢᠭ ᠲᠠᠢᠯᠪᠤᠷᠢᠯᠠᠵᠤ᠂ ᠲᠤᠰ ᠤᠳᠠᠭᠠᠨ ᠤ ᠰᠠᠭᠤᠳᠠᠯ ᠤᠨ ᠬᠤᠷᠠᠯ ᠨᠢ ᠲᠡᠭᠦᠰ ᠠᠮᠵᠢᠯᠲᠠ ᠲᠠᠢ ᠥᠨᠳᠦᠷᠯᠡᠪᠡ᠃
ᠦᠨᠡᠯᠡᠬᠦ 0ᠦᠨᠡᠯᠡᠯᠲᠡ ᠲᠠᠢ