ᠣᠷᠳᠤᠰ ᠬᠣᠲᠠ ᠶᠢᠨ ᠠᠷᠠᠳ ᠤᠨ ᠳᠤᠮᠳᠠ ᠵᠡᠷᠭᠡ ᠶᠢᠨ ᠰᠢᠭᠦᠬᠦ ᠬᠣᠷᠢᠶ᠎ᠠ ᠰᠢᠭᠦᠬᠦ ᠪᠠ ᠭᠦᠢᠴᠡᠳᠬᠡᠬᠦ ᠪᠦᠯᠬᠦᠮ ᠦᠨ ᠪᠦᠲᠦᠭᠡᠨ ᠪᠠᠢᠭᠤᠯᠤᠯᠲᠠ ᠶᠢᠨ ᠠᠵᠢᠯ ᠢ ᠪᠡᠶᠡᠯᠡᠭᠦᠯᠵᠦ ᠨᠠᠢ᠍ᠮᠠᠨ ᠰᠢᠭᠦᠬᠦ ᠪᠠ ᠭᠦᠢᠴᠡᠳᠬᠡᠬᠦ ᠪᠦᠯᠬᠦᠮ ᠪᠤᠢ ᠪᠣᠯᠪᠠ
2017.06.30 ᠲᠣᠰ ᠥᠷᠲᠡᠭᠡᠨ᠎ᠦ ᠨᠠᠢᠷᠠᠭᠤᠯᠤᠭᠴᠢ

 

 

 

 

 

 

 

 

     ᠲᠤᠰ ᠵᠢᠯ ᠠᠴᠠ ᠨᠠᠰᠢ᠂ ᠣᠷᠳᠤᠰ ᠬᠣᠲᠠ ᠶᠢᠨ ᠠᠷᠠᠳ ᠤᠨ ᠳᠤᠮᠳᠠ ᠵᠡᠷᠭᠡ ᠶᠢᠨ ᠰᠢᠭᠦᠬᠦ ᠬᠣᠷᠢᠶ᠎ᠠ ᠥᠪᠡᠷᠲᠡᠭᠡᠨ ᠵᠠᠰᠠᠬᠤ ᠣᠷᠤᠨ ᠤ ᠠᠷᠠᠳ ᠤᠨ ᠳᠡᠭᠡᠳᠦ ᠵᠡᠷᠭᠡ ᠶᠢᠨ ᠰᠢᠭᠦᠬᠦ ᠬᠣᠷᠢᠶᠠᠨ ᠤ ᠶᠡᠷᠦᠩᠬᠡᠢ ᠲᠣᠬᠢᠷᠠᠭᠤᠯᠤᠯᠲᠠ ᠪᠠᠷ ᠯᠠᠪᠳᠠᠭᠤᠨ᠂ ᠠᠯᠬᠤᠮ ᠳᠠᠷᠠᠭ᠎ᠠ ᠲᠠᠢ ᠬᠠᠤᠯᠢ ᠴᠠᠭᠠᠵᠠ ᠶᠢᠨ ᠬᠠᠷᠢᠭᠤᠴᠠᠯᠭ᠎ᠠ ᠶᠢᠨ ᠳᠦᠷᠢᠮ ᠦᠨ ᠥᠭᠡᠷᠡᠴᠢᠯᠡᠯᠲᠡ ᠶᠢᠨ ᠠᠵᠢᠯ ᠢ ᠶᠠᠪᠤᠭᠳᠠᠭᠤᠯᠪᠠ᠃ 6 ᠰᠠᠷᠠᠢᠨ 12 ᠤ ᠡᠳᠦᠷ᠂ ᠣᠷᠳᠤᠰ ᠬᠣᠲᠠ ᠶᠢᠨ ᠠᠷᠠᠳ ᠤᠨ ᠳᠤᠮᠳᠠ ᠵᠡᠷᠭᠡ ᠶᠢᠨ ᠰᠢᠭᠦᠬᠦ ᠬᠣᠷᠢᠶ᠎ᠠ ᠳᠠᠢᠴᠢᠯᠠᠯᠲᠠ ᠶᠢᠨ ᠬᠤᠷᠠᠯ ᠬᠤᠷᠠᠯᠳᠤᠵᠤ᠂ ᠬᠠᠤᠯᠢ ᠴᠠᠭᠠᠵᠠ ᠶᠢᠨ ᠬᠠᠷᠢᠭᠤᠴᠠᠯᠭ᠎ᠠ ᠶᠢᠨ ᠳᠦᠷᠢᠮ ᠦᠨ ᠥᠭᠡᠷᠡᠴᠢᠯᠡᠯᠲᠡ ᠶᠢᠨ ᠠᠵᠢᠯ ᠵᠢᠩᠬᠢᠨᠢ ᠪᠠᠷ ᠡᠬᠢᠯᠡᠭᠰᠡᠨ ᠨᠢ ᠬᠠᠷᠠᠭᠤᠯᠵᠤ ᠪᠠᠢᠨ᠎ᠠ᠃ ᠬᠠᠤᠯᠢ ᠴᠠᠭᠠᠵᠠ ᠶᠢᠨ ᠬᠠᠷᠢᠭᠤᠴᠠᠯᠭ᠎ᠠ ᠶᠢᠨ ᠳᠦᠷᠢᠮ ᠦᠨ ᠥᠭᠡᠷᠡᠴᠢᠯᠡᠯᠲᠡ ᠵᠢᠩᠬᠢᠨᠢ ᠪᠠᠷ ᠡᠬᠢᠯᠡᠭᠰᠡᠨ ᠡᠴᠡ ᠨᠠᠰᠢ᠂ ᠥᠪᠡᠷᠲᠡᠭᠡᠨ ᠵᠠᠰᠠᠬᠤ ᠣᠷᠤᠨ ᠤ ᠠᠷᠠᠳ ᠤᠨ ᠳᠡᠭᠡᠳᠦ ᠵᠡᠷᠭᠡ ᠶᠢᠨ ᠰᠢᠭᠦᠬᠦ ᠬᠣᠷᠢᠶ᠎ᠠ ᠪᠠ ᠬᠣᠲᠠ ᠶᠢᠨ ᠨᠠᠮ ᠤᠨ ᠬᠤᠷᠢᠶᠠ ᠶᠢᠨ ᠵᠢᠯᠤᠭᠤᠳᠤᠯᠭ᠎ᠠ ᠳᠣᠣᠷ᠎ᠠ᠂ ᠣᠷᠳᠤᠰ ᠬᠣᠲᠠ ᠶᠢᠨ ᠰᠢᠭᠦᠬᠦ ᠬᠣᠷᠢᠶᠠᠨ ᠤ ᠪᠦᠬᠦ ᠠᠵᠢᠯᠲᠠᠨ ᠮᠠᠰᠢ ᠥᠨᠳᠦᠷ ᠤᠯᠤᠰ ᠲᠥᠷᠦ ᠶᠢᠨ ᠦᠵᠡᠯ ᠤᠬᠠᠮᠰᠠᠷ ᠪᠠ ᠴᠢᠩᠭ᠎ᠠ ᠬᠠᠷᠢᠭᠤᠴᠠᠯᠭᠠᠲᠤ ᠵᠣᠷᠢᠭ ᠰᠠᠨᠠᠭ᠎ᠠ ᠪᠡᠷ ᠬᠠᠤᠯᠢ ᠴᠠᠭᠠᠵᠠ ᠶᠢᠨ ᠳᠦᠷᠢᠮ ᠦᠨ ᠥᠭᠡᠷᠡᠴᠢᠯᠡᠯᠲᠡ ᠶᠢᠨ ᠲᠥᠰᠦᠪ ᠵᠣᠬᠢᠶᠠᠬᠤ᠂ ᠰᠢᠭᠦᠨ ᠲᠠᠰᠤᠯᠬᠤ ᠳᠠᠷᠤᠭ᠎ᠠ᠂ ᠪᠦᠯᠬᠦᠮ ᠦᠨ ᠳᠠᠷᠤᠭ᠎ᠠ ᠰᠣᠩᠭᠤᠬᠤ ᠵᠢᠴᠢ ᠵᠥᠪᠳᠡᠯᠴᠡᠬᠦ ᠲᠢᠩᠬᠢᠮ ᠪᠦᠷᠢᠯᠳᠦᠭᠦᠯᠬᠦ᠂ ᠲᠤᠰᠢᠶᠠᠯ ᠤᠨ ᠲᠣᠬᠢᠷᠠᠭᠤᠯᠤᠯᠲᠠ᠂ ᠳᠣᠲᠤᠭᠠᠳᠤ ᠪᠠᠢᠭᠤᠯᠤᠮᠵᠢ ᠶᠢᠨ ᠳᠠᠬᠢᠨ ᠲᠣᠬᠢᠷᠠᠭᠤᠯᠤᠯᠲᠠ᠂ ᠶᠡᠷᠦᠩᠬᠡᠢ ᠬᠡᠯᠲᠡᠰ ᠦᠨ ᠠᠵᠢᠯᠲᠠᠨ ᠤ ᠲᠣᠬᠢᠷᠠᠭᠤᠯᠤᠯᠲᠠ ᠵᠡᠷᠭᠡ ᠠᠵᠢᠯ ᠢ ᠪᠦᠬᠦ ᠬᠦᠴᠦᠨ ᠢᠶᠡᠷ ᠰᠠᠢᠲᠤᠷ ᠬᠢᠵᠦ᠂ ᠬᠠᠤᠯᠢ ᠴᠠᠭᠠᠵᠠ ᠶᠢᠨ ᠬᠠᠷᠢᠭᠤᠴᠠᠯᠭ᠎ᠠ ᠶᠢᠨ ᠳᠦᠷᠢᠮ ᠦᠨ ᠥᠭᠡᠷᠡᠴᠢᠯᠡᠯᠲᠡ ᠶᠢᠨ ᠡᠯ᠎ᠡ ᠠᠵᠢᠯ ᠢ ᠨᠠᠢᠳᠠᠪᠤᠷᠢᠵᠢᠭᠤᠯᠤᠭᠰᠠᠨ ᠨᠢ ᠣᠷᠳᠤᠰ ᠬᠣᠲᠠ ᠶᠢᠨ ᠠᠷᠠᠳ ᠤᠨ ᠳᠤᠮᠳᠠ ᠵᠡᠷᠭᠡ ᠶᠢᠨ ᠰᠢᠭᠦᠬᠦ ᠬᠣᠷᠢᠶᠠᠨ ᠲᠡᠤᠬᠡᠨ ᠳᠡᠭᠡᠷ᠎ᠡ ᠨᠢ ᠬᠥᠰᠢᠶ᠎ᠡ ᠳᠤᠷᠠᠰᠭᠠᠯ ᠤᠨ ᠠᠴᠢ ᠬᠣᠯᠪᠤᠭᠳᠠᠯ ᠲᠠᠢ ᠶᠤᠮ᠂ ᠡᠭᠦᠨ ᠦ ᠬᠠᠮᠳᠤ ᠪᠠᠰᠠ ᠣᠷᠳᠤᠰ ᠬᠣᠲᠠ ᠶᠢᠨ ᠠᠷᠠᠳ ᠤᠨ ᠰᠢᠭᠦᠬᠦ ᠬᠣᠷᠢᠶᠠᠨ ᠤ ᠬᠠᠤᠯᠢ ᠴᠠᠭᠠᠵᠠ ᠶᠢᠨ ᠬᠠᠷᠢᠭᠤᠴᠠᠯᠭ᠎ᠠ ᠶᠢᠨ ᠳᠦᠷᠢᠮ ᠦᠨ ᠥᠭᠡᠷᠡᠴᠢᠯᠡᠯᠲᠡ ᠶᠢᠨ ᠠᠵᠢᠯ ᠪᠤᠳᠠᠳᠠᠢ ᠪᠠᠰᠠ ᠨᠢᠭᠡ ᠠᠯᠬᠤᠮ ᠠᠯᠬᠤᠵᠤ᠂ ᠱᠠᠳᠤ ᠦᠶ᠎ᠡ ᠶᠢᠨ ᠴᠢᠨᠠᠷᠲᠠᠢ ᠪᠦᠳᠦᠮᠵᠢ ᠣᠯᠤᠭᠰᠠᠨ ᠢ ᠬᠠᠷᠠᠭᠤᠯᠵᠤ ᠪᠠᠢᠨ᠎ᠠ᠃

     ᠲᠤᠰ ᠤᠳᠠᠭᠠᠨ ᠤ ᠥᠭᠡᠷᠡᠴᠢᠯᠡᠯᠲᠡ ᠳᠤᠮᠳᠠ᠂ ᠣᠳᠣᠬᠠᠨ ᠳᠤ ᠪᠠᠢᠬᠤ ᠲᠣᠭᠠᠨ ᠳᠤ ᠣᠷᠤᠭᠰᠠᠨ ᠰᠢᠭᠦᠭᠴᠢ᠂ ᠰᠢᠭᠦᠭᠴᠢ ᠶᠢᠨ ᠲᠤᠰᠠᠯᠠᠭᠴᠢ᠂ ᠲᠡᠮᠳᠡᠭᠯᠡᠭᠴᠢ ᠵᠡᠷᠭᠡ ᠬᠥᠮᠦᠨ ᠦ ᠪᠠᠢᠳᠠᠯ ᠢ ᠦᠨᠳᠦᠰᠦᠯᠡᠵᠦ᠂ ᠣᠢᠷ᠎ᠠ ᠶᠢᠨ ᠵᠢᠯ ᠤᠨ ᠲᠥᠷᠦᠯ ᠬᠡᠯᠪᠡᠷᠢ ᠶᠢᠨ ᠬᠡᠷᠡᠭ ᠦᠨ ᠬᠦᠯᠢᠶᠡᠨ ᠠᠪᠤᠭᠰᠠᠨ ᠲᠣᠭ᠎ᠠ ᠪᠣᠯᠤᠨ ᠠᠵᠢᠯ ᠤᠨ ᠬᠡᠮᠵᠢᠶ᠎ᠠ ᠲᠠᠢ ᠤᠶᠠᠯᠳᠤᠭᠤᠯᠤᠨ᠂ ᠬᠣᠲᠠ ᠶᠢᠨ ᠠᠷᠠᠳ ᠤᠨ ᠳᠤᠮᠳᠠ ᠵᠡᠷᠭᠡ ᠶᠢᠨ ᠰᠢᠭᠦᠬᠦ ᠬᠣᠷᠢᠶ᠎ᠠ ᠡᠷᠡᠭᠦᠦ ᠶᠢᠨ ᠬᠡᠷᠡᠭ᠂ ᠢᠷᠭᠡᠨ ᠦ ᠬᠡᠷᠡᠭ᠂ ᠵᠠᠰᠠᠭ ᠵᠠᠬᠢᠷᠭᠠᠨ ᠤ ᠬᠡᠷᠡᠭ᠂ ᠳᠠᠬᠢᠨ ᠰᠢᠭᠦᠯᠲᠡ ᠶᠢᠨ ᠬᠢᠨᠠᠨ ᠪᠠᠢᠴᠠᠭᠠᠯᠲᠠ᠂ ᠭᠦᠢᠴᠡᠳᠬᠡᠬᠦ᠂ ᠬᠡᠷᠡᠭ ᠳᠠᠩᠰᠠᠯᠠᠬᠤ ᠪᠣᠯᠤᠨ ᠵᠠᠷᠭᠤ ᠶᠢᠨ ᠦᠢᠯᠡᠴᠢᠯᠡᠭᠡ 8 ᠰᠢᠭᠦᠬᠦ ᠪᠠ ᠭᠦᠢᠴᠡᠳᠬᠡᠬᠦ ᠪᠦᠯᠬᠦᠮ ᠪᠦᠷᠢᠯᠳᠦᠭᠦᠯᠦᠨ ᠪᠠᠢᠭᠤᠯᠵᠤ᠂ ᠪᠦᠯᠬᠦᠮ ᠦᠨ ᠳᠣᠣᠷ᠎ᠠ 18 ᠵᠥᠪᠳᠡᠯᠴᠡᠬᠦ ᠲᠢᠩᠬᠢᠮ ᠲᠣᠬᠢᠷᠠᠭᠤᠯᠵᠤ᠂ ᠬᠠᠮᠳᠤ ᠨᠢ 10 ᠶᠡᠷᠦᠩᠬᠡᠢ ᠬᠡᠯᠲᠡᠰ ᠲᠣᠬᠢᠷᠠᠭᠤᠯᠪᠠ᠃ ᠣᠳᠣᠬᠠᠨ ᠤ ᠬᠠᠤᠯᠢ ᠴᠠᠭᠠᠵᠠ ᠶᠢᠨ ᠬᠠᠪᠰᠤᠷᠤᠭᠴᠢ ᠠᠵᠢᠯᠲᠠᠨ ᠳᠤᠲᠠᠭᠤ ᠪᠠᠢᠳᠠᠯ ᠳᠣᠣᠷ᠎ᠠ᠂ ᠲᠤᠰ ᠤᠳᠠᠭᠠᠨ ᠤ ᠥᠭᠡᠷᠡᠴᠢᠯᠡᠯᠲᠡ 1᠄ 2᠄ 2 ᠄( ᠳᠠᠷᠤᠢ 1 ᠨᠡᠷᠡᠰ ᠰᠢᠭᠦᠨ ᠲᠠᠰᠤᠯᠬᠤ ᠳᠠᠷᠤᠭ᠎ᠠ +2 ᠨᠡᠷᠡᠰ ᠲᠣᠭᠠᠨ ᠳᠤ ᠣᠷᠤᠭᠰᠠᠨ ᠰᠢᠭᠦᠭᠴᠢ + 2 ᠨᠡᠷᠡᠰ ᠰᠢᠭᠦᠭᠴᠢ ᠶᠢᠨ ᠲᠤᠰᠠᠯᠠᠭᠴᠢ + 2 ᠨᠡᠷᠡᠰ ᠲᠡᠮᠳᠡᠭᠯᠡᠭᠴᠢ) ᠶᠢᠨ ᠬᠡᠯᠪᠡᠷᠢ ᠪᠡᠷ ᠡᠯ᠎ᠡ ᠵᠥᠪᠳᠡᠯᠴᠡᠬᠦ ᠲᠢᠩᠬᠢᠮ ᠳᠤ ᠲᠣᠭᠠᠨ ᠳᠤ ᠣᠷᠤᠭᠰᠠᠨ ᠰᠢᠭᠦᠭᠴᠢ ᠪᠠ ᠰᠢᠭᠦᠭᠴᠢ ᠶᠢᠨ ᠲᠤᠰᠠᠯᠠᠭᠴᠢ᠂ ᠲᠡᠮᠳᠡᠭᠯᠡᠭᠴᠢ ᠲᠣᠬᠢᠷᠠᠭᠤᠯᠪᠠ᠃

     6 ᠰᠠᠷᠠᠢᠨ 28 ᠤ ᠡᠳᠦᠷ᠂ ᠣᠷᠳᠤᠰ ᠬᠣᠲᠠ ᠶᠢᠨ ᠠᠷᠠᠳ ᠤᠨ ᠳᠤᠮᠳᠠ ᠵᠡᠷᠭᠡ ᠶᠢᠨ ᠰᠢᠭᠦᠬᠦ ᠬᠣᠷᠢᠶ᠎ᠠ ᠶᠢᠨ 8 ᠰᠢᠭᠦᠬᠦ ᠪᠠ ᠭᠦᠢᠴᠡᠳᠬᠡᠬᠦ ᠪᠦᠯᠬᠦᠮ ᠵᠢᠩᠬᠢᠨᠢ ᠪᠡᠷ ᠪᠤᠢ ᠪᠣᠯᠪᠠ᠃ 7 ᠰᠠᠷᠠᠢᠨ 1 ᠤ ᠡᠳᠦᠷ ᠡᠴᠡ ᠡᠬᠢᠯᠡᠵᠦ᠂ ᠣᠷᠳᠤᠰ ᠬᠣᠲᠠ ᠶᠢᠨ ᠰᠢᠨ᠎ᠡ ᠰᠢᠭᠦᠨ ᠲᠠᠰᠤᠯᠤᠯᠲᠠ ᠶᠢᠨ ᠡᠷᠬᠡ ᠶᠢᠨ ᠶᠠᠪᠤᠭᠳᠠᠬᠤ ᠪᠠᠢᠭᠤᠯᠤᠮᠵᠢ᠂ ᠰᠢᠨ᠎ᠡ ᠠᠵᠢᠯ ᠤᠨ ᠬᠠᠮᠢᠶᠠᠷᠤᠯᠲᠠ ᠶᠢᠨ ᠬᠡᠯᠪᠡᠷᠢ ᠪᠦᠬᠦ ᠲᠠᠯ᠎ᠠ ᠪᠡᠷ ᠡᠬᠢᠯᠡᠵᠦ ᠶᠠᠪᠤᠭᠳᠠᠨ᠎ᠠ᠂ ᠰᠢᠨ᠎ᠡ ᠪᠡᠷ ᠪᠠᠢᠭᠤᠯᠤᠭᠰᠠᠨ 8 ᠰᠢᠭᠦᠬᠦ ᠪᠠ ᠭᠦᠢᠴᠡᠳᠬᠡᠬᠦ ᠪᠦᠯᠬᠦᠮ᠂ 60 ᠨᠡᠷᠡᠰ ᠲᠣᠭᠠᠨ ᠳᠤ ᠣᠷᠤᠭᠰᠠᠨ ᠰᠢᠭᠦᠭᠴᠢ ᠵᠢᠴᠢ ᠪᠦᠬᠦ ᠬᠠᠤᠯᠢ ᠴᠠᠭᠠᠵᠠ ᠶᠢᠨ ᠬᠠᠪᠰᠤᠷᠤᠭᠴᠢ᠂ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠠᠵᠢᠯᠲᠠᠨ᠂ ᠴᠤ᠋ ᠰᠢᠨ᠎ᠡ ᠰᠢᠭᠦᠬᠦ ᠪᠠ ᠭᠦᠢᠴᠡᠳᠬᠡᠬᠦ ᠠᠵᠢᠯ ᠪᠠ ᠶᠡᠷᠦᠩᠬᠡᠢ ᠦᠢᠯᠡᠴᠢᠯᠡᠭᠡᠨ ᠦ ᠪᠠᠲᠤᠯᠠᠭ᠎ᠠ ᠶᠢ ᠡᠬᠢᠯᠡᠭᠦᠯᠬᠦ ᠪᠣᠯᠤᠨ᠎ᠠ᠃

ᠦᠨᠡᠯᠡᠬᠦ 0ᠦᠨᠡᠯᠡᠯᠲᠡ᠎ᠲᠠᠢ


( ᠨᠧᠲ ᠨᠠᠢᠵᠠ ᠵᠢᠨ ᠦᠨᠡᠯᠡᠯᠲᠡ᠎ᠨᠢ ᠵᠦᠪᠭᠡᠨ ᠲᠡᠭᠦᠨ ᠊ᠤ᠌ ᠬᠤᠪᠢ ᠭᠦᠮᠦᠨ ᠊ᠤ᠌ ᠦᠵᠡᠯᠲᠡ ᠲᠡᠳᠦᠢ᠂ ᠲᠤᠰ ᠨᠧᠲ ᠦᠷᠳᠡᠭᠡ ᠲᠡᠭᠦᠨ ᠊ᠤ᠌ ᠦᠵᠡᠯᠲᠡ ᠵᠢ ᠵᠦᠪᠱᠢᠶᠡᠷᠡᠭᠰᠡᠨ ᠶᠠᠪᠤᠳᠠᠯ ᠤᠭᠳᠤ ᠪᠢᠱᠢ᠎ᠶᠤᠮ᠃ )