ᠰᠤᠷᠠᠭ ᠵᠠᠩᠭᠢ ᠢᠯᠡᠭᠦᠦ ᠳᠠᠮᠵᠢᠵᠤ᠂ ᠠᠷᠠᠳ ᠲᠦᠮᠡᠨ ᠪᠠᠭ᠎ᠠ ᠭᠦᠶᠦᠵᠦ᠂ ᠲᠤᠬᠠᠢ ᠬᠥᠮᠦᠨ ᠵᠠᠷᠭᠤ ᠬᠥᠭᠡᠭᠡᠵᠦ ᠶᠠᠳᠠᠷᠠᠬᠤ ᠶᠢ ᠬᠥᠩᠭᠡᠷᠡᠭᠦᠯᠬᠦ ᠶᠢᠨ ᠲᠥᠯᠦᠭᠡᠯᠡᠭᠴᠢ᠂ ᠣᠷᠳᠤᠰ ᠬᠣᠲᠠ ᠶᠢᠨ ᠬᠤᠶᠠᠷ ᠱᠠᠳᠤᠨ ᠤ ᠰᠢᠭᠦᠬᠦ ᠬᠣᠷᠢᠶ᠎ᠠ ᠪᠦᠬᠦ ᠲᠠᠯ᠎ᠠ ᠶᠢᠨ᠂ ᠬᠠᠷᠢᠯᠴᠠᠨ ᠬᠦᠳᠦᠯᠦᠯᠴᠡᠬᠦ ᠬᠡᠯᠪᠡᠷᠢ ᠶᠢᠨ《ᠰᠦᠯᠵᠢᠶ᠎ᠡ + ᠵᠠᠷᠭᠤ ᠶᠢᠨ ᠦᠢᠯᠡᠴᠢᠯᠡᠭᠡ》 ᠰᠢᠰᠲ᠋ᠧᠮ ᠪᠠᠢᠭᠤᠯᠵᠤ᠂ ᠲᠤᠬᠠᠢ ᠬᠥᠮᠦᠨ ᠭᠡᠷ ᠡᠴᠡ ᠪᠠᠨ ᠭᠠᠷᠬᠤ ᠦᠭᠡᠢ ᠪᠡᠷ ᠰᠦᠯᠵᠢᠶᠡᠨ ᠳᠡᠭᠡᠷ᠎ᠡ ᠬᠡᠷᠡᠭ ᠳᠠᠩᠰᠠᠯᠠᠵᠤ᠂ ᠪᠠᠢᠴᠠᠭᠠᠵᠤ ᠪᠣᠯᠬᠤ ᠪᠣᠯᠤᠭᠰᠠᠨ ᠪᠠᠢᠨ᠎ᠠ᠃
ᠨᠢᠭᠡᠳᠦᠭᠡᠷ ᠠᠯᠬᠤᠮ᠄ ᠣᠷᠳᠤᠰ ᠬᠣᠲᠠ ᠶᠢᠨ ᠰᠢᠭᠦᠬᠦ ᠬᠣᠷᠢᠶᠠᠨ ᠤ ᠵᠠᠷᠭᠤ ᠶᠢᠨ ᠦᠢᠯᠡᠴᠢᠯᠡᠭᠡᠨ ᠦ ᠰᠦᠯᠵᠢᠶ᠎ᠡ ᠳᠡᠭᠡᠷ᠎ᠡ ᠭᠠᠷᠤᠨ᠎ᠠ
1᠂ ᠬᠠᠢᠭᠴᠢ ᠶᠢᠨ ᠬᠠᠶᠢᠭ ᠳᠡᠯᠭᠡᠴᠡ ᠳᠣᠲᠤᠷ᠎ᠠ ᠰᠦᠯᠵᠢᠶᠡᠨ ᠦ ᠬᠠᠶᠢᠭ᠄
http://eeds.nmgfy.gov.cn/ ᠢ ᠣᠷᠤᠭᠤᠯᠵᠤ ᠣᠷᠳᠤᠰ ᠬᠣᠲᠠ ᠶᠢᠨ ᠰᠢᠭᠦᠬᠦ ᠬᠣᠷᠢᠶᠠᠨ ᠤ ᠵᠠᠷᠭᠤ ᠶᠢᠨ ᠦᠢᠯᠡᠴᠢᠯᠡᠭᠡᠨ ᠦ ᠰᠦᠯᠵᠢᠶ᠎ᠡ ᠳᠡᠭᠡᠷ᠎ᠡ ᠭᠠᠷᠤᠨ᠎ᠠ᠃
2᠂ ᠪᠠᠢ ᠳ᠋ᠦ᠋ ᠳᠤᠳᠤᠷ᠎ᠠ《ᠣᠷᠳᠤᠰ ᠬᠣᠲᠠ ᠶᠢᠨ ᠠᠷᠠᠳ ᠤᠨ ᠳᠤᠮᠳᠠ ᠵᠡᠷᠭᠡ ᠶᠢᠨ ᠰᠢᠭᠦᠬᠦ ᠬᠣᠷᠢᠶ᠎ᠠ》 ᠶᠢ ᠬᠠᠢᠬᠤ ᠪᠤᠶᠤ ᠬᠠᠢᠭᠴᠢ ᠶᠢᠨ ᠬᠠᠶᠢᠭ ᠤᠨ ᠳᠡᠯᠭᠡᠴᠡ ᠳᠣᠲᠤᠷ᠎ᠠ ᠰᠦᠯᠵᠢᠶᠡᠨ ᠦ ᠬᠠᠶᠢᠭ᠄
http://eeds.nmgfy.gov.cn/ ᠢ ᠣᠷᠤᠭᠤᠯᠵᠤ ᠣᠷᠳᠤᠰ ᠬᠣᠲᠠ ᠶᠢᠨ ᠠᠷᠠᠳ ᠤᠨ ᠳᠤᠮᠳᠠ ᠵᠡᠷᠭᠡ ᠶᠢᠨ ᠰᠢᠭᠦᠬᠦ ᠬᠣᠷᠢᠶᠠᠨ ᠤ ᠠᠯᠪᠠᠨ ᠰᠦᠯᠵᠢᠶᠡᠨ ᠳᠡᠭᠡᠷ᠎ᠡ ᠭᠠᠷᠤᠨ᠎ᠠ᠃
ᠣᠷᠳᠤᠰ ᠬᠣᠲᠠ ᠶᠢᠨ ᠠᠷᠠᠳ ᠤᠨ ᠳᠤᠮᠳᠠ ᠵᠡᠷᠭᠡ ᠶᠢᠨ ᠰᠢᠭᠦᠬᠦ ᠬᠣᠷᠢᠶᠠᠨ ᠤ ᠠᠯᠪᠠᠨ ᠰᠦᠯᠵᠢᠶ᠎ᠡ ᠶᠢᠨ ᠵᠡᠭᠦᠨ ᠭᠠᠷ ᠲᠠᠯ᠎ᠠ ᠶᠢᠨ ᠵᠠᠮᠴᠢ ᠳᠡᠯᠭᠡᠴᠡ ᠶᠢᠨ《ᠵᠠᠷᠭᠤ ᠶᠢᠨ ᠦᠢᠯᠡᠴᠢᠯᠡᠭᠡᠨ ᠦ ᠰᠦᠯᠵᠢᠶ᠎ᠡ》 ᠶᠢ ᠳᠠᠷᠤᠭᠰᠠᠭᠠᠷ ᠪᠣᠯᠴᠢᠬᠠᠨ᠎ᠠ᠃
ᠬᠣᠶᠠᠳᠤᠭᠠᠷ ᠠᠯᠬᠤᠮ᠄ ᠬᠡᠷᠡᠭᠯᠡᠭᠴᠢᠳ ᠳᠠᠩᠰᠠᠯᠠᠯᠲᠠ ᠬᠢᠵᠦ᠂ ᠥᠪᠡᠷ ᠶᠢᠨ ᠪᠤᠶᠤ ᠣᠷᠤᠯᠠᠭᠴᠢ ᠬᠥᠮᠦᠨ ᠦ ᠰᠤᠷᠠᠭ ᠵᠠᠩᠭᠢ ᠶᠢᠨ ᠲᠠᠭᠯᠠᠨ᠎ᠠ
ᠭᠤᠷᠪᠠᠳᠤᠭᠠᠷ ᠠᠯᠬᠤᠮ᠄ ᠨᠡᠪᠲᠡᠷᠡᠨ ᠣᠷᠤᠵᠤ᠂ ᠬᠡᠷᠡᠭ ᠳᠠᠩᠰᠠᠯᠠᠬᠤ ᠰᠢᠭᠦᠬᠦ ᠬᠣᠷᠢᠶ᠎ᠠ ᠵᠢᠴᠢ ᠭᠤᠶᠤᠴᠢᠯᠠᠬᠤ ᠲᠥᠷᠦᠯ ᠵᠡᠷᠭᠡ ᠰᠤᠷᠠᠭ ᠵᠠᠩᠭᠢ ᠪᠠᠨ ᠰᠣᠩᠭᠤᠨ᠎ᠠ᠂ ᠬᠠᠮᠢᠶ᠎ᠠ ᠪᠦᠬᠦᠢ ᠮᠠᠲ᠋ᠧᠷᠢᠶᠠᠯ ᠪᠠᠨ ᠠᠴᠢᠨ᠎ᠠ
ᠬᠡᠷᠡᠭᠯᠡᠭᠴᠢ ᠶᠢᠨ ᠨᠡᠷ᠎ᠡ ᠳᠠᠩᠰᠠᠯᠠᠭᠰᠠᠨ ᠪᠠ ᠨᠢᠭᠤᠴᠠ ᠳ᠋ᠤᠭᠠᠷ ᠲᠣᠬᠢᠷᠠᠭᠤᠯᠤᠭᠰᠠᠨ ᠤ ᠳᠠᠷᠠᠭ᠎ᠠ ᠳᠠᠷᠤᠢ ᠨᠡᠪᠲᠡᠷᠡᠨ ᠣᠷᠤᠵᠤ ᠬᠡᠷᠡᠭ ᠳᠠᠩᠰᠠᠯᠠᠬᠤ ᠪᠡᠷ ᠭᠤᠶᠤᠴᠢᠯᠠᠵᠤ ᠪᠣᠯᠤᠨ᠎ᠠ᠃ ᠲᠤᠬᠠᠢ ᠬᠥᠮᠦᠨ ᠰᠦᠯᠵᠢᠶᠡᠨ ᠦ ᠵᠢᠭᠠᠪᠤᠷᠢ ᠶᠣᠰᠣᠭᠠᠷ ᠪᠠᠷᠢᠮᠵᠢᠶ᠎ᠠ ᠳᠤ ᠨᠡᠢᠴᠡᠭᠰᠡᠨ ᠬᠡᠷᠡᠭ ᠳᠠᠩᠰᠠᠯᠠᠬᠤ ᠮᠠᠲ᠋ᠧᠷᠢᠶᠠᠯ ᠪᠠᠨ ᠳᠤᠰᠢᠶᠠᠵᠤ᠂ ᠰᠢᠭᠦᠬᠦ ᠬᠣᠷᠢᠶᠠᠨ ᠤ ᠠᠵᠢᠯᠲᠠᠨ ᠲᠤᠬᠠᠢ ᠬᠥᠮᠦᠨ ᠤ ᠮᠠᠲ᠋ᠧᠷᠢᠶᠠᠯ ᠵᠢᠴᠢ ᠵᠠᠭᠠᠯᠳᠤᠬᠤ ᠰᠤᠷᠠᠭ ᠵᠠᠩᠭᠢ ᠶᠢ ᠦᠨᠳᠦᠰᠦᠯᠡᠵᠦ ᠬᠢᠨᠠᠨ ᠪᠠᠢᠴᠠᠭᠠᠨ᠎ᠠ᠃ ᠵᠠᠭᠠᠯᠳᠤᠬᠤ ᠦᠨᠳᠦᠰᠦᠨ ᠨᠥᠬᠦᠴᠡᠯ ᠳᠤ ᠨᠡᠢᠴᠡᠭᠰᠡᠨ ᠢ ᠬᠠᠤᠯᠢ ᠶᠣᠰᠣᠭᠠᠷ ᠬᠡᠷᠡᠭ ᠳᠠᠩᠰᠠᠯᠠᠬᠤ ᠭᠠᠷ ᠭᠦᠢᠴᠡᠳᠭᠡᠯ ᠬᠢᠨ᠎ᠡ᠃
ᠬᠡᠷᠡᠭ ᠳᠠᠩᠰᠠᠯᠠᠬᠤ ᠪᠡᠷ ᠭᠤᠶᠤᠴᠢᠯᠠᠭᠰᠠᠨ ᠦᠷ᠎ᠡ ᠳ᠋ᠦᠩ ᠨᠢ ᠣᠬᠤᠷ ᠴᠢᠮᠡᠭᠡ ᠶᠢᠨ ᠬᠡᠯᠪᠡᠷᠢ ᠬᠡᠷᠡᠭ ᠳᠠᠩᠰᠠᠯᠠᠬᠤ ᠪᠡᠷ ᠭᠤᠶᠤᠴᠢᠯᠠᠭᠰᠠᠨ ᠬᠥᠮᠦᠨ ᠳᠤ ᠮᠡᠳᠡᠭᠳᠡᠵᠦ᠂ ᠬᠡᠷᠡᠭ ᠳᠠᠩᠰᠠᠯᠠᠬᠤ ᠪᠡᠷ ᠭᠤᠶᠤᠴᠢᠯᠠᠭᠰᠠᠨ ᠬᠥᠮᠦᠨ ᠰᠢᠰᠲ᠋ᠧᠮ ᠳᠡᠭᠡᠷ᠎ᠡ ᠰᠢᠭᠤᠳ ᠬᠠᠢᠵᠤ ᠪᠣᠯᠤᠨ᠎ᠠ᠂ ᠲᠤᠬᠠᠢ ᠶᠢᠨ ᠬᠥᠮᠦᠨ ᠰᠠᠭᠤᠬᠤ ᠭᠠᠵᠠᠷ᠂ ᠠᠵᠢᠯᠯᠠᠬᠤ ᠭᠠᠵᠠᠷ ᠪᠣᠯᠤᠨ ᠰᠢᠭᠦᠬᠦ ᠬᠣᠷᠢᠶᠠᠨ ᠤ ᠬᠣᠭᠤᠷᠤᠨᠳᠤ ᠨᠠᠰᠢ ᠴᠠᠰᠢ ᠭᠦᠶᠦᠬᠦ ᠲᠦᠪᠡᠭ ᠢ ᠦᠭᠡᠢᠰᠭᠡᠵᠦ ᠳᠡᠢᠯᠦᠨ᠎ᠡ᠃
ᠦᠨᠡᠯᠡᠬᠦ 0ᠦᠨᠡᠯᠡᠯᠲᠡ ᠲᠠᠢ