7 ᠰᠠᠷᠠᠢᠨ5 ᠤ ᠡᠳᠦᠷ ᠦᠨ ᠦᠳᠡ ᠶᠢᠨ ᠡᠮᠦᠨ᠎ᠡ᠂ ᠣᠲᠤᠭ ᠬᠣᠰᠢᠭᠤᠨ ᠤ ᠠᠷᠠᠳ ᠤᠨ ᠰᠢᠭᠦᠬᠦ ᠬᠣᠷᠢᠶ᠎ᠠ《ᠪᠦᠬᠦ ᠤᠯᠤᠰ ᠤᠨ ᠰᠢᠯᠢᠳᠡᠭ ᠰᠢᠭᠦᠬᠦ ᠬᠣᠷᠢᠶ᠎ᠠ》 ᠶᠢᠨ ᠫᠠᠢᠰᠠ ᠡᠯᠭᠦᠬᠦ ᠶᠣᠰᠣᠯᠠᠯ ᠶᠠᠪᠤᠭᠳᠠᠭᠤᠯᠪᠠ᠃ ᠥᠪᠡᠷᠲᠡᠭᠡᠨ ᠵᠠᠰᠠᠬᠤ ᠣᠷᠤᠨ ᠤ ᠳᠡᠭᠡᠳᠦ ᠵᠡᠷᠭᠡ ᠶᠢᠨ ᠰᠢᠭᠦᠬᠦ ᠬᠣᠷᠢᠶᠠᠨ ᠤ ᠨᠠᠮ ᠤᠨ ᠤᠳᠤᠷᠢᠳᠬᠤ ᠳᠤᠭᠤᠢᠯᠠᠩ ᠤᠨ ᠭᠡᠰᠢᠭᠦᠨ᠂ ᠳᠡᠳ᠋ ᠬᠣᠷᠢᠶᠠᠨ ᠳᠠᠷᠤᠭ᠎ᠠ ᠵᠢᠨ ᠵᠦ᠂ ᠣᠷᠳᠤᠰ ᠬᠣᠲᠠ ᠶᠢᠨ ᠳᠤᠮᠳᠠ ᠵᠡᠷᠭᠡ ᠶᠢᠨ ᠰᠢᠭᠦᠬᠦ ᠬᠣᠷᠢᠶᠠᠨ ᠤ ᠨᠠᠮ ᠤᠨ ᠤᠳᠤᠷᠢᠳᠬᠤ ᠳᠤᠭᠤᠢᠯᠠᠩ ᠤᠨ ᠱᠦᠵᠢ᠂ ᠬᠣᠷᠢᠶᠠᠨ ᠳᠠᠷᠤᠭ᠎ᠠ ᠯᠢ ᠾᠥᠩ ᠶᠠᠨ ᠣᠲᠤᠭ ᠬᠣᠰᠢᠭᠤᠨ ᠤ ᠰᠢᠭᠦᠬᠦ ᠬᠣᠷᠢᠶ᠎ᠠ《ᠪᠦᠬᠦ ᠤᠯᠤᠰ ᠤᠨ ᠰᠢᠯᠢᠳᠡᠭ ᠰᠢᠭᠦᠬᠦ ᠬᠣᠷᠢᠶ᠎ᠠ》 ᠢᠷᠠᠭᠤ ᠠᠯᠳᠠᠷ ᠤᠨ ᠫᠠᠢᠰᠠ ᠡᠯᠭᠦᠪᠡ᠃
ᠬᠣᠲᠠ ᠶᠢᠨ ᠨᠠᠮ ᠤᠨ ᠬᠣᠷᠢᠶᠠᠨ ᠤ ᠤᠯᠤᠰ ᠲᠥᠷᠦ ᠬᠠᠤᠯᠢ ᠴᠠᠭᠠᠵᠠ ᠬᠣᠷᠢᠶᠠᠨ ᠤ ᠪᠠᠢᠩᠭᠤ ᠶᠢᠨ ᠳᠡᠳ᠋ ᠱᠦᠵᠢ᠂ ᠲᠣᠭᠲᠠᠭᠤᠨ ᠢ ᠬᠠᠮᠠᠭᠠᠯᠠᠬᠤ ᠠᠯᠪᠠᠨ ᠭᠡᠷ ᠦᠨ ᠡᠷᠬᠢᠯᠡᠭᠴᠢ ᠸᠠᠩ ᠵᠢᠶᠠᠨ ᠫᠢᠩ᠂ ᠣᠷᠳᠤᠰ ᠬᠣᠲᠠ ᠶᠢᠨ ᠠᠷᠠᠳ ᠤᠨ ᠳᠤᠮᠳᠠ ᠵᠡᠷᠭᠡ ᠶᠢᠨ ᠰᠢᠭᠦᠬᠦ ᠬᠣᠷᠢᠶᠠᠨ ᠤ ᠨᠠᠮ ᠤᠨ ᠤᠳᠤᠷᠢᠳᠬᠤ ᠳᠤᠭᠤᠢᠯᠠᠩ ᠤᠨ ᠭᠡᠰᠢᠭᠦᠨ᠂ ᠳᠡᠳ᠋ ᠬᠣᠷᠢᠶᠠᠨ ᠳᠠᠷᠤᠭ᠎ᠠ ᠯᠢ ᠵᠢᠩ ᠭᠦᠧᠧ ᠵᠢᠴᠢ ᠬᠣᠰᠢᠭᠤᠨ ᠤ ᠨᠠᠮ ᠤᠨ ᠬᠣᠷᠢᠶ᠎ᠠ᠂ ᠠᠷᠠᠳ ᠤᠨ ᠲᠥᠯᠦᠭᠡᠯᠡᠭᠴᠢᠳ ᠦᠨ ᠶᠡᠬᠡ ᠬᠤᠷᠠᠯ᠂ ᠵᠠᠰᠠᠭ ᠤᠨ ᠣᠷᠳᠤᠨ᠂ ᠤᠯᠤᠰ ᠲᠥᠷᠦ ᠶᠢᠨ ᠵᠥᠪᠯᠡᠭᠡᠨ ᠦ ᠬᠠᠮᠢᠶ᠎ᠠ ᠪᠦᠬᠦᠢ ᠤᠳᠤᠷᠢᠳᠤᠯᠭ᠎ᠠ ᠫᠠᠢᠰᠠ ᠡᠯᠭᠦᠬᠦ ᠶᠣᠰᠣᠯᠠᠯ ᠳᠤ ᠰᠠᠭᠠᠲᠠᠪᠠ᠃
ᠫᠠᠢᠰᠠ ᠣᠯᠭᠤᠬᠤ ᠶᠣᠰᠣᠯᠠᠯ ᠳᠡᠭᠡᠷ᠎ᠡ᠂ ᠣᠷᠳᠤᠰ ᠬᠣᠲᠠ ᠶᠢᠨ ᠠᠷᠠᠳ ᠤᠨ ᠳᠤᠮᠳᠠ ᠵᠡᠷᠭᠡ ᠶᠢᠨ ᠰᠢᠭᠦᠬᠦ ᠬᠣᠷᠢᠶᠠᠨ ᠤ ᠳᠡᠳ᠋ ᠬᠣᠷᠢᠶᠠᠨ ᠳᠠᠷᠤᠭ᠎ᠠ ᠯᠢ ᠵᠢᠩ ᠭᠦᠧᠧ ᠶᠠᠭᠤᠨ ᠤ ᠡᠮᠦᠨ᠎ᠡ ᠠᠷᠠᠳ ᠤᠨ ᠳᠡᠭᠡᠳᠦ ᠵᠡᠷᠭᠡ ᠶᠢᠨ ᠰᠢᠭᠦᠬᠦ ᠬᠣᠷᠢᠶᠠᠨ ᠤ《ᠪᠦᠬᠦ ᠤᠯᠤᠰ ᠤᠨ ᠰᠢᠯᠢᠳᠡᠭ ᠰᠢᠭᠦᠬᠦ ᠬᠣᠷᠢᠶ᠎ᠠ᠂ ᠰᠢᠯᠢᠳᠡᠭ ᠰᠢᠭᠦᠭᠴᠢ ᠶᠢ ᠬᠥᠬᠢᠭᠦᠯᠦᠨ ᠰᠠᠢᠰᠢᠶᠠᠬᠤ ᠲᠤᠬᠠᠢ ᠰᠢᠢᠳᠪᠦᠷᠢ》 ᠶᠢ ᠤᠩᠰᠢᠪᠠ᠃ ᠳᠠᠷᠠᠭ᠎ᠠ ᠨᠢ ᠬᠣᠰᠢᠭᠤᠨ ᠤ ᠰᠢᠭᠦᠬᠦ ᠬᠣᠷᠢᠶᠠᠨ ᠤ ᠬᠣᠷᠢᠶᠠᠨ ᠳᠠᠷᠤᠭ᠎ᠠ ᠯᠢᠦ ᠶᠦᠩ ᠵᠢᠶᠦ᠋ᠨ ᠣᠪᠤᠷ ᠢᠯᠡᠳᠭᠡᠬᠦ ᠶᠠᠷᠢᠶ᠎ᠠ ᠲᠠᠯᠪᠢᠪᠠ᠂ ᠲᠡᠷᠡ ᠢᠯᠡᠷᠬᠡᠢᠯᠡᠭᠰᠡᠨ ᠨᠢ᠄《ᠪᠦᠬᠦ ᠤᠯᠤᠰ ᠤᠨ ᠰᠢᠯᠢᠳᠡᠭ ᠰᠢᠭᠦᠬᠦ ᠬᠣᠷᠢᠶ᠎ᠠ》 ᠢᠷᠠᠭᠤ ᠠᠯᠳᠠᠷ ᠬᠦᠷᠲᠡᠭᠡᠭᠰᠡᠨ ᠨᠢ ᠣᠲᠤᠭ ᠬᠣᠰᠢᠭᠤᠨ ᠤ ᠰᠢᠭᠦᠬᠦ ᠬᠣᠷᠢᠶᠠᠨ ᠤ ᠥᠩᠭᠡᠷᠡᠭᠰᠡᠨ ᠪᠦᠲᠦᠮᠵᠢ ᠨᠤᠲᠠᠯᠠᠵᠤ᠂ ᠨᠡᠩ ᠴᠦ ᠬᠣᠵᠢᠮ ᠤᠨ ᠠᠵᠢᠯ ᠤᠨ ᠵᠣᠷᠢᠭᠵᠢᠭᠤᠯᠤᠯ ᠪᠠ ᠲᠠᠰᠢᠭᠤᠷ ᠪᠣᠯᠬᠤ ᠶᠤᠮ᠃ ᠣᠲᠤᠭ ᠬᠣᠰᠢᠭᠤᠨ ᠤ ᠰᠢᠭᠦᠬᠦ ᠬᠣᠷᠢᠶ᠎ᠠ ᠨᠡᠩ ᠪᠠᠲᠤ ᠢᠲᠡᠭᠡᠯ᠂ ᠨᠡᠩ ᠢᠳᠡᠪᠬᠢᠲᠠᠢ ᠠᠵᠢᠯᠯᠠᠭ᠎ᠠ᠂ ᠨᠡᠩ ᠦᠨᠡᠨ ᠢ ᠪᠠᠷᠢᠮᠲᠠᠯᠠᠬᠤ ᠰᠤᠷᠲᠠᠯ᠂ ᠨᠡᠩ ᠴᠢᠯᠦᠭᠡᠲᠡᠢ ᠣᠪᠤᠷ ᠢᠶᠠᠷ ᠬᠣᠵᠢᠮ ᠤᠨ ᠠᠵᠢᠯ ᠢᠶᠡᠨ ᠬᠢᠨ᠎ᠡ᠃《ᠪᠦᠬᠦ ᠤᠯᠤᠰ ᠤᠨ ᠰᠢᠯᠢᠳᠡᠭ ᠰᠢᠭᠦᠬᠦ ᠬᠣᠷᠢᠶ᠎ᠠ》 ᠪᠠᠷ ᠰᠢᠨ᠎ᠡ ᠡᠬᠢᠯᠡᠯᠲᠡ᠂ ᠰᠢᠨ᠎ᠡ ᠲᠡᠮᠳᠡᠭ ᠪᠣᠯᠭᠠᠵᠤ᠂ ᠬᠠᠲᠠᠭᠤᠵᠢᠨ ᠤᠷᠤᠭᠰᠢᠯᠠᠵᠤ᠂ ᠤᠤᠯ ᠰᠠᠨᠠᠭ᠎ᠠ ᠪᠠᠨ ᠮᠠᠷᠲᠠᠬᠤ ᠦᠭᠡᠢ᠂ ᠳᠠᠬᠢᠨ ᠭᠡᠷᠡᠯ ᠰᠠᠴᠤᠷᠠᠩᠭᠤᠢ ᠠᠮᠵᠢᠯᠲᠠ ᠣᠯᠤᠨ᠎ᠠ︕
ᠬᠣᠰᠢᠭᠤᠨ ᠤ ᠨᠠᠮ ᠤᠨ ᠬᠣᠷᠢᠶᠠᠨ ᠤ ᠳᠡᠳ᠋ ᠱᠦᠵᠢ᠂ ᠤᠯᠤᠰ ᠲᠥᠷᠦ ᠬᠠᠤᠯᠢ ᠴᠠᠭᠠᠵᠠ ᠶᠢᠨ ᠬᠣᠷᠢᠶᠠᠨ ᠤ ᠱᠦᠵᠢ ᠵᠤᠤ ᠰᠢᠶᠣᠣ ᠬᠤ ᠬᠣᠰᠢᠭᠤᠨ ᠤ ᠳᠥᠷᠪᠡᠨ ᠶᠡᠬᠡ ᠪᠠᠭ ᠢ ᠲᠥᠯᠦᠭᠡᠯᠡᠵᠦ᠂ ᠣᠲᠤᠭ ᠬᠣᠰᠢᠭᠤᠨ ᠤ ᠰᠢᠭᠦᠬᠦ ᠬᠣᠷᠢᠶ᠎ᠠ ᠳᠤ ᠬᠠᠯᠠᠭᠤᠨ ᠪᠠᠶᠠᠷ ᠬᠦᠷᠭᠡᠪᠡ᠃ ᠲᠡᠷᠡ ᠵᠢᠭᠠᠵᠤ ᠭᠠᠷᠭᠠᠭᠰᠠᠨ ᠨᠢ᠂ ᠣᠲᠤᠭ ᠬᠣᠰᠢᠭᠤᠨ ᠤ ᠰᠢᠭᠦᠬᠦ ᠬᠣᠷᠢᠶ᠎ᠠ ᠬᠡᠷᠡᠭ ᠦᠨ ᠲᠣᠭ᠎ᠠ ᠵᠢᠯ ᠳᠠᠷᠠᠭᠠᠯᠠᠨ ᠨᠡᠮᠡᠭᠳᠡᠵᠦ᠂ ᠬᠡᠷᠡᠭ ᠰᠢᠢᠳᠪᠦᠷᠢᠯᠡᠬᠦ ᠳᠠᠷᠤᠭᠠᠰᠤ ᠡᠳᠦᠷ ᠳᠣᠳᠤᠮ ᠨᠡᠮᠡᠭᠳᠡᠵᠦ ᠪᠠᠢᠭ᠎ᠠ ᠪᠠᠢᠳᠠᠯ ᠳᠣᠣᠷ᠎ᠠ《ᠪᠦᠬᠦ ᠤᠯᠤᠰ ᠤᠨ ᠰᠢᠯᠢᠳᠡᠭ ᠰᠢᠭᠦᠬᠦ ᠬᠣᠷᠢᠶ᠎ᠠ》 ᠢᠷᠠᠭᠤ ᠠᠯᠳᠠᠷ ᠣᠯᠤᠭᠰᠠᠨ ᠨᠢ ᠬᠢᠯᠪᠠᠷ ᠪᠢᠰᠢ᠂ ᠡᠨᠡ ᠨᠢ ᠬᠣᠰᠢᠭᠤᠨ ᠤ ᠰᠢᠭᠦᠬᠦ ᠬᠣᠷᠢᠶ᠎ᠠ ᠪᠣᠯ ᠨᠢᠭᠡᠨ ᠤᠯᠤᠰ ᠲᠥᠷᠦ ᠵᠢ ᠴᠢᠬᠤᠯᠠᠴᠢᠯᠠᠵᠤ᠂ ᠶᠡᠬᠡ ᠶᠢ ᠠᠩᠬᠠᠷᠳᠠᠭ ᠬᠠᠮᠲᠤ ᠨᠢᠭᠡᠴᠢ᠂ ᠨᠢᠭᠡᠨ ᠰᠤᠷᠲᠠᠯ ᠢ ᠡᠷᠬᠢᠮᠯᠡᠳᠡᠭ᠂ ᠳᠦᠷᠢ ᠲᠥᠷᠬᠦ ᠴᠢᠬᠤᠯᠠᠴᠢᠯᠠᠳᠠᠭ ᠬᠠᠮᠲᠤ ᠨᠢᠭᠡᠴᠢ᠂ ᠨᠢᠭᠡᠨ ᠬᠦᠴᠢᠷ ᠢ ᠵᠣᠷᠢᠭᠲᠠᠢ ᠳᠠᠪᠠᠵᠤ᠂ ᠰᠢᠨ᠎ᠡ ᠶᠢ ᠡᠭᠦᠳᠬᠦ ᠵᠣᠷᠢᠭ ᠲᠠᠢ ᠬᠠᠮᠲᠤ ᠨᠢᠭᠡᠴᠢ ᠶᠢ ᠬᠠᠷᠠᠭᠤᠯᠵᠤ ᠪᠠᠢᠨ᠎ᠠ᠃
ᠣᠷᠳᠤᠰ ᠬᠣᠲᠠ ᠶᠢᠨ ᠨᠠᠮ ᠤᠨ ᠬᠣᠷᠢᠶᠠᠨ ᠤ ᠤᠯᠤᠰ ᠲᠥᠷᠦ ᠬᠠᠤᠯᠢ ᠴᠠᠭᠠᠵᠠ ᠶᠢᠨ ᠬᠣᠷᠢᠶᠠᠨ ᠤ ᠪᠠᠢᠩᠭᠤ ᠶᠢᠨ ᠬᠣᠷᠢᠶ᠎ᠠ ᠶᠢᠨ ᠳᠡᠳ᠋ ᠱᠦᠵᠢ᠂ᠲᠣᠭᠲᠠᠭᠤᠨ ᠢ ᠬᠠᠮᠠᠭᠠᠯᠠᠬᠤ ᠠᠯᠪᠠᠨ ᠭᠡᠷ ᠦᠨ ᠡᠷᠬᠢᠯᠡᠭᠴᠢ ᠸᠠᠩ ᠵᠢᠶᠠᠨ ᠫᠢᠩ ᠣᠷᠳᠤᠰ ᠬᠣᠲᠠ ᠶᠢᠨ ᠨᠠᠮ ᠤᠨ ᠬᠣᠷᠢᠶᠠᠨ ᠤ ᠤᠯᠤᠰ ᠲᠥᠷᠦ ᠬᠠᠤᠯᠢ ᠴᠠᠭᠠᠵᠠ ᠶᠢᠨ ᠬᠣᠷᠢᠶ᠎ᠠ ᠶᠢ ᠲᠥᠯᠦᠭᠡᠯᠡᠨ ᠣᠲᠤᠭ ᠬᠣᠰᠢᠭᠤᠨ ᠤ ᠰᠢᠭᠦᠬᠦ ᠬᠣᠷᠢᠶᠠᠨ ᠳᠤ ᠭᠤᠷᠪᠠᠨ ᠬᠦᠰᠡᠯ ᠳᠤᠷᠠᠳᠪᠠ᠄ ᠨᠢᠭᠡ ᠳᠤ ᠬᠠᠤᠯᠢ ᠪᠠᠷᠢᠵᠤ ᠬᠡᠷᠡᠭ ᠰᠢᠢᠳᠪᠦᠷᠢᠯᠡᠬᠦ ᠶᠢ ᠤᠯᠠᠮ ᠨᠢᠭᠡ ᠠᠯᠬᠤᠮ ᠴᠢᠩᠭᠠᠳᠭᠠᠵᠤ᠂ ᠪᠠᠲᠤᠯᠠᠭ᠎ᠠ ᠲᠠᠢ ᠬᠥᠭᠵᠢᠯᠲᠡ ᠳᠤᠮᠳᠠ ᠰᠢᠨ᠎ᠡ ᠪᠦᠲᠦᠮᠵᠢ ᠪᠠᠢᠬᠤ ᠬᠡᠷᠡᠭᠲᠡᠢ᠃ ᠬᠤᠶᠠᠷ ᠲᠤ ᠡᠩᠨᠡᠭᠡ ᠶᠢᠨ ᠪᠦᠲᠦᠭᠡᠨ ᠪᠠᠢᠭᠤᠯᠤᠯᠲᠠ ᠶᠢᠨ ᠤᠯᠠᠮ ᠨᠢᠭᠡ ᠠᠯᠬᠤᠮ ᠴᠢᠩᠭᠠᠳᠭᠠᠵᠤ᠂ ᠬᠠᠤᠯᠢ ᠴᠠᠭᠠᠵᠠ ᠶᠢᠨ ᠨᠡᠢᠲᠡ ᠶᠢᠨ ᠢᠲᠡᠭᠡᠮᠵᠢ ᠳᠤ ᠰᠢᠨ᠎ᠡ ᠠᠬᠢᠴᠠ ᠪᠠᠢᠬᠤ ᠬᠡᠷᠡᠭᠲᠡᠢ᠃ ᠭᠤᠷᠪᠠ ᠳᠤ ᠪᠤᠳᠤᠯᠢᠶᠠᠨᠲᠠᠢ ᠪᠠᠢᠳᠠᠯ ᠢ ᠰᠢᠢᠳᠪᠦᠷᠢᠯᠡᠬᠦ ᠴᠢᠳᠠᠪᠤᠷᠢ ᠵᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠶᠡᠬᠡ ᠲᠠᠯ᠎ᠠ ᠳᠤ ᠦᠢᠯᠡᠴᠢᠯᠡᠬᠦ ᠳᠤᠮᠳᠠ ᠰᠢᠨ᠎ᠡ ᠦᠢᠯᠡᠳᠦᠯᠭᠡ ᠪᠠᠢᠬᠤ ᠬᠡᠷᠡᠭᠲᠡᠢ᠃
ᠥᠪᠡᠷᠲᠡᠭᠡᠨ ᠵᠠᠰᠠᠬᠤ ᠣᠷᠤᠨ ᠤ ᠳᠡᠭᠡᠳᠦ ᠵᠡᠷᠭᠡ ᠶᠢᠨ ᠰᠢᠭᠦᠬᠦ ᠬᠣᠷᠢᠶᠠᠨ ᠤ ᠨᠠᠮ ᠤᠨ ᠤᠳᠤᠷᠢᠳᠬᠤ ᠳᠤᠭᠤᠢᠯᠠᠩ ᠤᠨ ᠭᠡᠰᠢᠭᠦᠨ᠂ ᠳᠡᠳ᠋ ᠬᠣᠷᠢᠶᠠᠨ ᠳᠠᠷᠤᠭ᠎ᠠ ᠵᠢᠨ ᠵᠦ ᠶᠠᠷᠢᠶᠠᠨ ᠳᠤᠮᠳᠠ ᠵᠢᠭᠠᠵᠤ ᠭᠠᠷᠭᠠᠭᠰᠠᠨ ᠨᠢ᠂ ᠣᠢᠷ᠎ᠠ ᠶᠢᠨ ᠵᠢᠯ ᠳᠤ ᠣᠲᠤᠭ ᠬᠣᠰᠢᠭᠤᠨ ᠤ ᠰᠢᠭᠦᠬᠦ ᠬᠣᠷᠢᠶ᠎ᠠ ᠬᠠᠤᠯᠢ ᠴᠠᠭᠠᠵᠠ ᠶᠢᠨ ᠬᠠᠷᠢᠭᠤᠴᠠᠯᠭ᠎ᠠ ᠶᠢᠨ ᠳᠦᠷᠢᠮ ᠦᠨ ᠥᠭᠡᠷᠡᠴᠢᠯᠡᠯᠲᠡ᠂ ᠵᠠᠷᠭᠤ ᠶᠢᠨ ᠦᠢᠯᠡᠴᠢᠯᠡᠭᠡᠨ ᠦ ᠲᠥᠪ ᠦᠨ ᠪᠦᠲᠦᠭᠡᠨ ᠪᠠᠢᠭᠤᠯᠤᠯᠲᠠ ᠭᠡᠰᠡᠨ ᠦᠭᠡᠢ ᠮᠥᠨᠴᠦ ᠰᠢᠭᠦᠨ ᠲᠠᠰᠤᠯᠤᠯᠲᠠ ᠭᠦᠢᠴᠡᠳᠬᠡᠬᠦ ᠵᠡᠷᠭᠡ ᠡᠯ᠎ᠡ ᠲᠥᠷᠦᠯ ᠦᠨ ᠠᠵᠢᠯ ᠨᠢ ᠪᠦᠷ ᠪᠦᠬᠦ ᠣᠷᠤᠨ ᠤ ᠡᠮᠦᠨ᠎ᠡ ᠪᠠᠢᠵᠤ᠂ ᠲᠤᠰ ᠤᠳᠠᠭ᠎ᠠ《ᠪᠦᠬᠦ ᠤᠯᠤᠰ ᠤᠨ ᠰᠢᠯᠢᠳᠡᠭ ᠰᠢᠭᠦᠬᠦ ᠬᠣᠷᠢᠶ᠎ᠠ》 ᠣᠯᠤᠭᠰᠠᠨ ᠨᠢ ᠨᠡᠷ᠎ᠡ ᠨᠢᠳᠡᠷ ᠲᠤ ᠪᠠᠨ ᠨᠡᠢᠴᠡᠭᠰᠡᠨ ᠪᠠᠢᠨ᠎ᠠ︕ ᠵᠢᠨ ᠵᠦ ᠳᠡᠳ᠋ ᠬᠣᠷᠢᠶᠠᠨ ᠳᠠᠷᠤᠭ᠎ᠠ ᠥᠪᠡᠷᠲᠡᠭᠡᠨ ᠵᠠᠰᠠᠬᠤ ᠣᠷᠤᠨ ᠤ ᠳᠡᠭᠡᠳᠦ ᠵᠡᠷᠭᠡ ᠶᠢᠨ ᠰᠢᠭᠦᠬᠦ ᠬᠣᠷᠢᠶᠠᠨ ᠦ ᠨᠠᠮ ᠤᠨ ᠤᠳᠤᠷᠢᠳᠬᠤ ᠳᠤᠭᠤᠢᠯᠠᠩ ᠢ ᠲᠥᠯᠦᠭᠡᠯᠡᠵᠦ ᠣᠲᠤᠭ ᠬᠣᠰᠢᠭᠤᠨ ᠤ ᠰᠢᠭᠦᠬᠦ ᠬᠣᠷᠢᠶ᠎ᠠ《ᠪᠦᠬᠦ ᠤᠯᠤᠰ ᠤᠨ ᠰᠢᠯᠢᠳᠡᠭ ᠰᠢᠭᠦᠬᠦ ᠬᠣᠷᠢᠶ᠎ᠠ》 ᠪᠣᠯᠤᠭᠰᠠᠨ ᠳᠤ ᠪᠠᠶᠠᠷ ᠬᠦᠷᠭᠡᠵᠦ ᠪᠠᠢᠨ᠎ᠠ᠃ ᠲᠡᠷᠡ ᠱᠠᠭᠠᠷᠳᠠᠭᠰᠠᠨ ᠨᠢ᠂ ᠣᠲᠤᠭ ᠬᠣᠰᠢᠭᠤᠨ ᠤ ᠰᠢᠭᠦᠬᠦ ᠬᠣᠷᠢᠶᠠᠨ ᠤ ᠤᠳᠤᠷᠢᠳᠬᠤ ᠪᠠᠭ ᠪᠣᠯᠤᠨ ᠪᠦᠬᠦ ᠺᠠᠲᠠᠷ ᠴᠠᠭᠳᠠᠭ᠎ᠠ ᠬᠣᠵᠢᠮ ᠤᠨ ᠠᠵᠢᠯ ᠳᠤᠮᠳᠠ ᠡᠷᠬᠡᠪᠰᠢ ᠨᠡᠩ ᠢᠯᠡᠭᠦᠦ ᠠᠵᠢᠯ ᠦᠢᠯᠡᠰ ᠦᠨ ᠰᠡᠳᠭᠢᠯ ᠪᠠ ᠬᠠᠷᠢᠭᠤᠴᠠᠯᠭᠠᠲᠤ ᠰᠡᠳᠭᠢᠯᠭᠡ ᠪᠡᠷ ᠤᠤᠯ ᠰᠠᠨᠠᠭ᠎ᠠ ᠪᠠᠨ ᠮᠠᠷᠲᠠᠬᠤ ᠦᠭᠡᠢ᠂ ᠦᠷᠭᠦᠯᠵᠢᠯᠡᠨ ᠤᠷᠤᠭᠰᠢᠯᠠᠵᠤ᠂ ᠰᠢᠭᠦᠨ ᠲᠠᠰᠤᠯᠤᠯᠲᠠ ᠶᠢᠨ ᠦᠢᠯᠡᠰ ᠦᠨ ᠰᠢᠨ᠎ᠡ ᠪᠠᠢᠳᠠᠯ ᠢ ᠲᠠᠰᠤᠷᠠᠯᠲᠠ ᠦᠭᠡᠢ ᠡᠭᠦᠳᠴᠦ᠂ ᠨᠡᠩ ᠰᠢᠯᠢᠳᠡᠭ ᠪᠦᠲᠦᠮᠵᠢ ᠪᠡᠷ ᠨᠠᠮ ᠤᠨ ᠠᠷᠪᠠ ᠶᠢᠰᠦᠳᠦᠭᠡᠷ ᠶᠡᠬᠡ ᠬᠤᠷᠠᠯ ᠠᠮᠵᠢᠯᠲᠠᠢ ᠶᠠᠪᠤᠭᠳᠠᠬᠤ ᠪᠠ ᠥᠪᠡᠷᠲᠡᠭᠡᠨ ᠵᠠᠰᠠᠬᠤ ᠣᠷᠤᠨ ᠤ ᠪᠠᠢᠭᠤᠯᠤᠭᠳᠠᠭᠰᠠᠨ 70 ᠵᠢᠯ ᠤᠨ ᠤᠢ ᠶᠢ ᠤᠭᠲᠤᠵᠤ ᠠᠪᠤᠶ᠎ᠠ᠃
ᠦᠨᠡᠯᠡᠬᠦ 0ᠦᠨᠡᠯᠡᠯᠲᠡ ᠲᠠᠢ