ᠥᠪᠦᠷ ᠮᠣᠩᠭᠤᠯ ᠤᠨ ᠥᠪᠡᠷᠲᠡᠭᠡᠨ ᠵᠠᠰᠠᠬᠤ ᠣᠷᠤᠨ ᠤ ᠳᠡᠭᠡᠳᠦ ᠵᠡᠷᠭᠡ ᠶᠢᠨ ᠰᠢᠭᠦᠬᠦ ᠬᠣᠷᠢᠶᠠᠨ ᠤ ᠬᠠᠤᠯᠢ ᠴᠠᠭᠠᠵᠠ ᠶᠢᠨ ᠬᠠᠷᠢᠭᠤᠴᠠᠯᠭ᠎ᠠ ᠶᠢᠨ ᠳᠦᠷᠢᠮ ᠦᠨ ᠥᠭᠡᠷᠡᠴᠢᠯᠡᠯᠲᠡ ᠶᠢᠨ ᠬᠢᠨᠠᠨ ᠪᠠᠢᠴᠠᠭᠠᠯᠲᠠ ᠶᠢᠨ ᠭᠤᠷᠪᠠᠳᠤᠭᠠᠷ ᠳᠤᠭᠤᠢᠯᠠᠩ ᠣᠷᠳᠤᠰ ᠬᠣᠲᠠ ᠶᠢᠨ ᠰᠢᠭᠦᠬᠦ ᠬᠣᠷᠢᠶᠠᠨ ᠳᠤ ᠬᠦᠷᠴᠦ ᠬᠢᠨᠠᠨ ᠪᠠᠢᠴᠠᠭᠠᠵᠤ ᠵᠢᠭᠠᠨ ᠵᠢᠯᠤᠭᠤᠳᠪᠠ
2017.07.07 ᠲᠣᠰ ᠥᠷᠲᠡᠭᠡᠨ᠎ᠦ ᠨᠠᠢᠷᠠᠭᠤᠯᠤᠭᠴᠢ

 

 

 

 

 

 

   7 ᠰᠠᠷᠠᠢᠨ 4 ᠤ ᠡᠳᠦᠷ ᠡᠴᠡ 6 ᠤ ᠡᠳᠦᠷ ᠪᠣᠯᠲᠠᠯ᠎ᠠ᠂ ᠥᠪᠡᠷᠲᠡᠭᠡᠨ ᠵᠠᠰᠠᠬᠤ ᠣᠷᠤᠨ ᠤ ᠳᠡᠭᠡᠳᠦ ᠵᠡᠷᠭᠡ ᠶᠢᠨ ᠰᠢᠭᠦᠬᠦ ᠬᠣᠷᠢᠶᠠᠨ ᠤ ᠬᠠᠷᠢᠭᠤᠴᠠᠯᠭ᠎ᠠ ᠶᠢᠨ ᠳᠦᠷᠢᠮ ᠦᠨ ᠥᠭᠡᠷᠡᠴᠢᠯᠡᠯᠲᠡ ᠶᠢᠨ ᠬᠢᠨᠠᠨ ᠪᠠᠢᠴᠠᠭᠠᠯᠲᠠ ᠶᠢᠨ ᠳᠤᠭᠤᠢᠯᠠᠩ ᠤᠨ ᠭᠤᠷᠪᠠᠳᠤᠭᠠᠷ ᠳᠤᠭᠤᠢᠯᠠᠩ ᠳᠠᠷᠤᠭ᠎ᠠ᠂ ᠥᠪᠡᠷᠲᠡᠭᠡᠨ ᠵᠠᠰᠠᠬᠤ ᠣᠷᠤᠨ ᠤ ᠳᠡᠭᠡᠳᠦ ᠵᠡᠷᠭᠡ ᠶᠢᠨ ᠰᠢᠭᠦᠬᠦ ᠬᠣᠷᠢᠶᠠᠨ ᠤ ᠳᠡᠳ᠋ ᠬᠣᠷᠢᠶᠠᠨ ᠳᠠᠷᠤᠭ᠎ᠠ ᠵᠢᠨ ᠵᠦ ᠵᠡᠷᠭᠡ ᠬᠥᠮᠦᠰ ᠣᠷᠳᠤᠰ ᠬᠣᠲᠠ ᠶᠢᠨ ᠬᠤᠶᠠᠷ ᠱᠠᠳᠤᠨ ᠤ ᠰᠢᠭᠦᠬᠦ ᠬᠣᠷᠢᠶᠠᠨ ᠳᠤ ᠬᠦᠷᠴᠦ ᠬᠢᠨᠠᠨ ᠪᠠᠢᠴᠠᠭᠠᠵᠤ ᠵᠢᠭᠠᠨ ᠵᠢᠯᠤᠭᠤᠳᠪᠠ᠃

   7 ᠰᠠᠷᠠᠢᠨ 5 ᠤ ᠡᠳᠦᠷ᠂ ᠬᠢᠨᠠᠨ ᠪᠠᠢᠴᠠᠭᠠᠬᠤ ᠳᠤᠭᠤᠢᠯᠠᠩ ᠣᠲᠤᠭ ᠬᠣᠰᠢᠭᠤᠨ ᠤ ᠰᠢᠭᠦᠬᠦ ᠬᠣᠷᠢᠶᠠᠨ ᠳᠤ ᠬᠦᠷᠴᠦ ᠬᠢᠨᠠᠨ ᠪᠠᠢᠴᠠᠭᠠᠵᠤ ᠵᠢᠭᠠᠨ ᠵᠢᠯᠤᠭᠤᠳᠪᠠ᠂ ᠬᠢᠨᠠᠨ ᠪᠠᠢᠴᠠᠭᠠᠬᠤ ᠳᠤᠭᠤᠢᠯᠠᠩ ᠣᠲᠤᠭ ᠬᠣᠰᠢᠭᠤᠨ ᠤ《 ᠪᠦᠬᠦ ᠤᠯᠤᠰ ᠤᠨ ᠰᠢᠯᠢᠳᠡᠭ ᠰᠢᠭᠦᠬᠦ ᠬᠣᠷᠢᠶ᠎ᠠ》 ᠫᠠᠢᠰᠠ ᠡᠯᠭᠦᠬᠦ ᠶᠣᠰᠣᠯᠠᠯ ᠳᠤ ᠣᠷᠤᠯᠴᠠᠵᠤ᠂ ᠣᠲᠤᠭ ᠬᠣᠰᠢᠭᠤᠨ ᠤ ᠰᠢᠭᠦᠬᠦ ᠬᠣᠷᠢᠶᠠᠨ ᠤ ᠰᠣᠶᠤᠯ ᠤᠨ ᠳᠡᠯᠭᠡᠨ ᠦᠵᠡᠭᠦᠯᠬᠦ ᠲᠢᠩᠬᠢᠮ᠂ ᠨᠠᠮ ᠤᠨ ᠭᠡᠰᠢᠭᠦᠨ ᠦ ᠬᠥᠳᠡᠯᠭᠡᠭᠡᠨ ᠦ ᠲᠠᠰᠤᠭ ᠢ ᠲᠣᠭᠤᠷᠢᠨ ᠦᠵᠡᠪᠡ᠃

   7 ᠰᠠᠷᠠᠢᠨ 6 ᠤ ᠡᠳᠦᠷ᠂ ᠬᠢᠨᠠᠨ ᠪᠠᠢᠴᠠᠭᠠᠬᠤ ᠳᠤᠭᠤᠢᠯᠠᠩ ᠣᠷᠳᠤᠰ ᠬᠣᠲᠠ ᠶᠢᠨ ᠳᠤᠮᠳᠠ ᠵᠡᠷᠭᠡ ᠶᠢᠨ ᠰᠢᠭᠦᠬᠦ ᠬᠣᠷᠢᠶᠠᠨ ᠳᠤ ᠬᠠᠤᠯᠢ ᠴᠠᠭᠠᠵᠠ ᠶᠢᠨ ᠬᠠᠷᠢᠭᠤᠴᠠᠯᠭ᠎ᠠ ᠶᠢᠨ ᠳᠦᠷᠢᠮ ᠦᠨ ᠥᠭᠡᠷᠡᠴᠢᠯᠡᠯᠲᠡ ᠶᠢᠨ ᠬᠢᠨᠠᠨ ᠪᠠᠢᠴᠠᠭᠠᠬᠤ ᠠᠵᠢᠯ ᠤᠨ ᠰᠠᠭᠤᠳᠠᠯ ᠤᠨ ᠬᠤᠷᠠᠯ ᠬᠤᠷᠠᠯᠳᠤᠪᠠ᠃ ᠬᠤᠷᠠᠯ ᠳᠡᠭᠡᠷ᠎ᠡ᠂ ᠣᠷᠳᠤᠰ ᠬᠤᠳᠠ ᠶᠢᠨ ᠳᠤᠮᠳᠠ ᠵᠡᠷᠭᠡ ᠶᠢᠨ ᠰᠢᠭᠦᠬᠦ ᠬᠣᠷᠢᠶᠠᠨ ᠤ ᠨᠠᠮ ᠤᠨ ᠤᠳᠤᠷᠢᠳᠬᠤ ᠳᠤᠭᠤᠢᠯᠠᠩ ᠤᠨ ᠱᠦᠵᠢ᠂ ᠬᠣᠷᠢᠶᠠᠨ ᠳᠠᠷᠤᠭ᠎ᠠ ᠯᠢ ᠾᠥᠩ ᠶᠠᠨ ᠪᠦᠬᠦ ᠬᠣᠲᠠ ᠶᠢᠨ ᠰᠢᠭᠦᠬᠦ ᠬᠣᠷᠢᠶᠠᠨ ᠤ ᠬᠠᠤᠯᠢ ᠴᠠᠭᠠᠵᠠ ᠶᠢᠨ ᠬᠠᠷᠢᠭᠤᠴᠠᠯᠭ᠎ᠠ ᠶᠢᠨ ᠳᠦᠷᠢᠮ ᠦᠨ ᠥᠭᠡᠷᠡᠴᠢᠯᠡᠯᠲᠡ ᠶᠢᠨ ᠠᠵᠢᠯ ᠤᠨ ᠶᠡᠷᠦᠩᠬᠡᠢ ᠪᠠᠢᠳᠠᠯ ᠢ ᠲᠠᠨᠢᠯᠴᠠᠭᠤᠯᠪᠠ᠂ ᠣᠷᠳᠤᠰ ᠬᠣᠲᠠ ᠶᠢᠨ ᠳᠤᠮᠳᠠ ᠵᠡᠷᠭᠡ ᠶᠢᠨ ᠰᠢᠭᠦᠬᠦ ᠬᠣᠷᠢᠶᠠᠨ ᠤ ᠰᠢᠭᠦᠭᠴᠢ ᠶᠢᠨ ᠲᠣᠭᠠᠨ ᠳᠤ ᠣᠷᠤᠬᠤ ᠲᠦᠷᠢᠮ ᠤᠨ ᠥᠭᠡᠷᠡᠴᠢᠯᠡᠯᠲᠡ᠂ ᠰᠢᠭᠦᠨ ᠲᠠᠰᠤᠯᠬᠤ ᠡᠷᠬᠡ ᠶᠢᠨ ᠠᠵᠢᠯᠯᠠᠭᠠᠨ ᠤ ᠲᠣᠭᠲᠠᠴᠠ ᠶᠢᠨ ᠥᠭᠡᠷᠡᠴᠢᠯᠡᠯᠲᠡ᠂ ᠲᠤᠳᠤᠭᠠᠳᠤ ᠪᠠᠢᠭᠤᠯᠤᠮᠵᠢ ᠪᠠ ᠰᠢᠭᠦᠨ ᠲᠠᠰᠤᠯᠤᠯᠲᠠ ᠶᠢᠨ ᠠᠩᠭᠢ ᠶᠢᠨ ᠥᠭᠡᠷᠡᠴᠢᠯᠡᠯᠲᠡ ᠵᠡᠷᠭᠡ ᠶᠢᠨ ᠪᠣᠳᠠᠲᠠᠢ ᠠᠷᠭ᠎ᠠ ᠪᠠᠷᠢᠯ ᠵᠢᠴᠢ ᠥᠭᠡᠷᠡᠴᠢᠯᠡᠯᠲᠡ ᠳᠤ ᠣᠷᠤᠰᠢᠵᠤ ᠪᠠᠢᠭ᠎ᠠ ᠬᠦᠴᠢᠷᠳᠡᠯ ᠪᠠ ᠳᠠᠷᠠᠭᠠᠴᠢ ᠶᠢᠨ ᠠᠯᠬᠤᠮ ᠤᠨ ᠲᠤᠬᠠᠢ ᠪᠦᠬᠦ ᠲᠠᠯ᠎ᠠ ᠶᠢᠨ ᠮᠡᠳᠡᠭᠦᠯᠦᠯᠲᠡ ᠬᠢᠪᠡ᠃

    ᠵᠢᠨ ᠵᠦ ᠳᠡᠳ᠋ ᠬᠣᠷᠢᠶᠠᠨ ᠳᠠᠷᠤᠭ᠎ᠠ ᠵᠢᠭᠠᠵᠤ ᠭᠠᠷᠭᠠᠭᠰᠠᠨ ᠨᠢ᠂ ᠣᠷᠳᠤᠰ ᠬᠣᠲᠠ ᠶᠢᠨ ᠰᠢᠭᠦᠬᠦ ᠬᠣᠷᠢᠶᠠᠨ ᠤ ᠬᠠᠤᠯᠢ ᠦᠨ ᠴᠠᠭᠠᠵᠠ ᠶᠢᠨ ᠬᠠᠷᠢᠭᠤᠴᠠᠯᠭ᠎ᠠ ᠶᠢᠨ ᠳᠦᠷᠢᠮ ᠦᠨ ᠥᠭᠡᠷᠡᠴᠢᠯᠡᠯᠲᠡ ᠶᠢᠨ ᠠᠵᠢᠯ ᠤᠨ ᠠᠵᠢᠯᠯᠠᠭ᠎ᠠ ᠲᠦᠷᠭᠡᠨ᠂ ᠲᠦᠯᠬᠢᠨ ᠠᠬᠢᠭᠤᠯᠬᠤ ᠯᠠᠪᠳᠠᠭᠤᠨ᠂ ᠪᠦᠲᠦᠮᠵᠢ ᠳᠣᠪᠤᠢᠮ᠎ᠠ᠂ ᠣᠨᠴᠠᠭᠠᠢᠯᠠᠨ ᠮᠡᠳᠡᠭᠡ ᠵᠠᠩᠭᠢᠴᠢᠯᠠᠯᠲᠠ ᠶᠢᠨ ᠮᠡᠷᠭᠡᠵᠢᠯ ᠦᠨ ᠬᠡᠷᠡᠭᠯᠡᠭᠡᠨ ᠦ ᠲᠠᠯ᠎ᠠ ᠪᠡᠷ ᠬᠠᠣᠯᠢ ᠴᠠᠭᠠᠵᠠ ᠶᠢᠨ ᠥᠭᠡᠷᠡᠴᠢᠯᠡᠯᠲᠡ ᠪᠠ ᠮᠡᠳᠡᠭᠡ ᠵᠠᠩᠭᠢᠴᠢᠯᠠᠯᠲᠠ ᠶᠢᠨ ᠤᠶᠠᠯᠳᠤᠯᠭ᠎ᠠ ᠶᠢᠨ ᠰᠠᠢᠨ ᠬᠢᠭᠰᠡᠨ ᠪᠠᠢᠨ᠎ᠠ᠃ ᠬᠢᠨᠠᠨ ᠪᠠᠢᠴᠠᠭᠠᠬᠤ ᠳᠤᠭᠤᠢᠯᠠᠩ ᠮᠠᠨ ᠤ ᠬᠣᠷᠢᠶᠠᠨ ᠤ ᠬᠠᠤᠯᠢ ᠴᠠᠭᠠᠵᠠ ᠶᠢᠨ ᠬᠠᠷᠢᠭᠤᠴᠠᠯᠭ᠎ᠠ ᠶᠢᠨ ᠳᠦᠷᠢᠮ ᠦᠨ ᠥᠭᠡᠷᠡᠴᠢᠯᠡᠯᠲᠡ ᠶᠢᠨ ᠠᠵᠢᠯ ᠳᠤ《ᠭᠠᠷᠮᠠᠭᠠᠢ᠂ ᠣᠨᠤᠪᠴᠢᠲᠠᠢ᠂ ᠨᠠᠷᠢᠯᠢᠭ》 ᠭᠡᠵᠦ ᠥᠨᠳᠦᠷ ᠢᠶᠡᠷ ᠦᠨᠡᠯᠡᠪᠡ᠃ ᠬᠢᠨᠠᠨ ᠪᠠᠢᠴᠠᠭᠠᠬᠤ ᠳᠤᠭᠤᠢᠯᠠᠩ ᠱᠠᠭᠠᠷᠳᠠᠭᠰᠠᠨ ᠨᠢ᠂ ᠳᠠᠷᠠᠭᠠᠴᠢ ᠶᠢᠨ ᠠᠯᠬᠤᠮ ᠣᠷᠳᠤᠰ ᠬᠣᠲᠠ ᠶᠢᠨ ᠳᠤᠮᠳᠠ ᠵᠡᠷᠭᠡ ᠶᠢᠨ ᠰᠢᠭᠦᠬᠦ ᠬᠣᠷᠢᠶ᠎ᠠ ᠬᠠᠤᠯᠢ ᠴᠠᠭᠠᠵᠠ ᠶᠢᠨ ᠬᠠᠷᠢᠭᠤᠴᠠᠯᠭ᠎ᠠ ᠶᠢᠨ ᠳᠦᠷᠢᠮ ᠢ ᠨᠠᠢᠳᠠᠪᠤᠷᠢᠵᠢᠭᠤᠯᠬᠤ ᠪᠡᠷ ᠭᠣᠣᠯ ᠪᠣᠯᠭᠠᠵᠤ᠂ ᠬᠠᠤᠯᠢ ᠴᠠᠭᠠᠵᠠ ᠶᠢᠨ ᠬᠠᠷᠢᠭᠤᠴᠠᠯᠭ᠎ᠠ ᠶᠢᠨ ᠳᠦᠷᠢᠮ ᠦᠨ ᠥᠭᠡᠷᠡᠴᠢᠯᠡᠯᠲᠡ ᠶᠢᠨ ᠡᠯ᠎ᠡ ᠠᠵᠢᠯ ᠢ ᠯᠠᠪᠳᠠᠭᠤᠨ ᠢᠶᠠᠷ ᠳᠦᠯᠬᠢᠨ ᠠᠬᠢᠭᠤᠯᠵᠤ᠂《ᠰᠢᠭᠦᠨ ᠲᠠᠰᠤᠯᠤᠭᠴᠢ ᠪᠠᠷ ᠲᠠᠰᠤᠯᠤᠭᠤᠯᠵᠤ᠂ ᠲᠠᠰᠤᠯᠤᠭᠴᠢ ᠨᠢ ᠬᠠᠷᠢᠭᠤᠴᠠᠬᠤ》 ᠬᠠᠤᠯᠢ ᠴᠠᠭᠠᠵᠠ ᠶᠢᠨ ᠬᠠᠷᠢᠭᠤᠴᠠᠯᠭ᠎ᠠ ᠶᠢᠨ ᠳᠦᠷᠢᠮ ᠦᠨ ᠥᠭᠡᠷᠡᠴᠢᠯᠡᠯᠲᠡ ᠶᠢᠨ ᠶᠡᠷᠦᠩᠬᠡᠢ ᠬᠠᠷᠠᠯᠲᠠ ᠶᠢ ᠪᠡᠶᠡᠯᠡᠭᠦᠯᠬᠦ ᠶᠢ ᠪᠠᠲᠤᠯᠠᠬᠤ ᠬᠡᠷᠡᠭᠲᠡᠢ᠃

   ᠬᠤᠷᠠᠯ ᠤᠨ ᠳᠠᠷᠠᠭ᠎ᠠ᠂ ᠬᠢᠨᠠᠨ ᠪᠠᠢᠴᠠᠭᠠᠬᠤ ᠳᠤᠭᠤᠢᠯᠠᠩ ᠡᠵᠡᠨ ᠬᠣᠷᠤᠭ᠎ᠠ ᠬᠣᠰᠢᠭᠤᠨ ᠤ ᠰᠢᠭᠦᠬᠦ ᠬᠣᠷᠢᠶ᠎ᠠ᠂ ᠬᠢᠶᠠᠨ ᠪᠠᠭᠰᠢ ᠰᠢᠭᠦᠬᠦ ᠬᠣᠷᠢᠶ᠎ᠠ ᠳᠤ ᠬᠦᠷᠴᠦ ᠬᠠᠤᠯᠢ ᠴᠠᠭᠠᠵᠠ ᠶᠢᠨ ᠬᠠᠷᠢᠭᠤᠴᠠᠯᠭ᠎ᠠ ᠶᠢᠨ ᠳᠦᠷᠢᠮ ᠦᠨ ᠥᠭᠡᠷᠡᠴᠢᠯᠡᠯᠲᠡ ᠶᠢᠨ ᠬᠠᠮᠢᠶ᠎ᠠ ᠪᠦᠬᠦᠢ ᠠᠵᠢᠯ ᠢ ᠵᠢᠭᠠᠨ ᠵᠢᠯᠤᠭᠤᠳᠪᠠ᠃

ᠦᠨᠡᠯᠡᠬᠦ 0ᠦᠨᠡᠯᠡᠯᠲᠡ᠎ᠲᠠᠢ


( ᠨᠧᠲ ᠨᠠᠢᠵᠠ ᠵᠢᠨ ᠦᠨᠡᠯᠡᠯᠲᠡ᠎ᠨᠢ ᠵᠦᠪᠭᠡᠨ ᠲᠡᠭᠦᠨ ᠊ᠤ᠌ ᠬᠤᠪᠢ ᠭᠦᠮᠦᠨ ᠊ᠤ᠌ ᠦᠵᠡᠯᠲᠡ ᠲᠡᠳᠦᠢ᠂ ᠲᠤᠰ ᠨᠧᠲ ᠦᠷᠳᠡᠭᠡ ᠲᠡᠭᠦᠨ ᠊ᠤ᠌ ᠦᠵᠡᠯᠲᠡ ᠵᠢ ᠵᠦᠪᠱᠢᠶᠡᠷᠡᠭᠰᠡᠨ ᠶᠠᠪᠤᠳᠠᠯ ᠤᠭᠳᠤ ᠪᠢᠱᠢ᠎ᠶᠤᠮ᠃ )