ᠥᠪᠡᠷᠲᠡᠭᠡᠨ ᠵᠠᠰᠠᠬᠤ ᠣᠷᠤᠨ ᠤ ᠳᠡᠭᠡᠳᠦ ᠵᠡᠷᠭᠡ ᠶᠢᠨ ᠰᠢᠭᠦᠬᠦ ᠬᠣᠷᠢᠶᠠᠨ ᠤ ᠳᠡᠳ᠋ ᠬᠣᠷᠢᠶᠠᠨ ᠳᠠᠷᠤᠭ᠎ᠠ ᠵᠢᠨ ᠵᠦ ᠣᠷᠳᠤᠰ ᠲᠤ ᠲᠢᠩᠬᠢᠮ ᠨᠡᠭᠡᠭᠡᠵᠦ ᠬᠡᠷᠡᠭ ᠰᠢᠭᠦᠪᠡ
2017.10.11 ᠲᠣᠰ ᠥᠷᠲᠡᠭᠡᠨ᠎ᠦ ᠨᠠᠢᠷᠠᠭᠤᠯᠤᠭᠴᠢ

 

 

    10 ᠰᠠᠷᠠᠢᠨ10 ᠤ ᠡᠳᠦᠷ ᠦᠨ ᠦᠳᠡ ᠶᠢᠨ ᠡᠮᠦᠨ᠎ᠡ᠂ ᠥᠪᠡᠷᠲᠡᠭᠡᠨ ᠵᠠᠰᠠᠬᠤ ᠣᠷᠤᠨ ᠤ ᠳᠡᠳ᠋ ᠬᠣᠷᠢᠶᠠᠨ ᠳᠠᠷᠤᠭ᠎ᠠ ᠵᠢᠨ ᠵᠦ ᠰᠢᠭᠦᠨ ᠲᠠᠰᠤᠯᠬᠤ ᠳᠠᠷᠤᠭ᠎ᠠ ᠪᠣᠯᠵᠤ᠂ ᠳᠡᠭᠡᠳᠦ ᠵᠡᠷᠭᠡ ᠶᠢᠨ ᠰᠢᠭᠦᠬᠦ ᠬᠣᠷᠢᠶᠠᠨ ᠤ ᠡᠷᠡᠭᠦᠦ ᠶᠢᠨ ᠬᠡᠷᠡᠭ ᠦᠨ ᠨᠢᠭᠡᠳᠦᠭᠡᠷ ᠲᠢᠩᠬᠢᠮ ᠦᠨ ᠹᠠᠨ ᠵᠢᠶᠦ᠋ᠨ ᠹᠸᠩ᠂ ᠸᠠᠩ ᠶᠢᠩ ᠵᠢᠸ ᠬᠤᠶᠠᠷ ᠰᠢᠭᠦᠭᠴᠢ ᠲᠠᠢ ᠵᠥᠪᠳᠡᠯᠴᠡᠬᠦ ᠲᠢᠩᠬᠢᠮ ᠪᠠᠢᠭᠤᠯᠵᠤ᠂ ᠣᠷᠳᠤᠰ ᠬᠣᠲᠠ ᠶᠢᠨ ᠳᠤᠮᠳᠠ ᠵᠡᠷᠭᠡ ᠶᠢᠨ ᠰᠢᠭᠦᠬᠦ ᠬᠣᠷᠢᠶ᠎ᠠ ᠳᠤ ᠡᠷᠡᠭᠦᠦ ᠶᠢᠨ ᠬᠡᠷᠡᠭ ᠦᠨ ᠳᠠᠪᠠᠵᠤ ᠵᠠᠭᠠᠯᠳᠤᠭᠰᠠᠨ ᠬᠡᠷᠡᠭ ᠢ ᠬᠠᠤᠯᠢ ᠶᠣᠰᠣᠭᠠᠷ ᠢᠯᠡ ᠰᠢᠭᠦᠪᠡ᠃

    ᠵᠢᠨ ᠵᠦ ᠳᠡᠳ᠋ ᠬᠣᠷᠢᠶᠠᠨ ᠳᠠᠷᠤᠭ᠎ᠠ ᠥᠪᠡᠷ ᠤᠨ ᠪᠡᠶ᠎ᠡ ᠪᠡᠷ ᠢᠶᠡᠨ ᠰᠢᠭᠦᠨ ᠲᠠᠰᠤᠯᠬᠤ ᠳᠠᠷᠤᠭ᠎ᠠ ᠪᠣᠯᠤᠭᠰᠠᠨ ᠮᠥᠷᠲᠡᠭᠡᠨ ᠬᠥᠳᠡᠭᠡ ᠪᠠᠭᠤᠵᠤ ᠲᠢᠩᠬᠢᠮ ᠨᠡᠭᠡᠭᠡᠨ ᠬᠡᠷᠡᠭ ᠰᠢᠭᠦᠵᠦ᠂ ᠬᠠᠤᠯᠢ ᠴᠠᠭᠠᠵᠠ ᠶᠢᠨ ᠬᠠᠷᠢᠭᠤᠴᠠᠯᠭ᠎ᠠ ᠶᠢᠨ ᠳᠦᠷᠢᠮ ᠦᠨ ᠥᠭᠡᠷᠡᠴᠢᠯᠡᠯᠲᠡ ᠬᠢᠭᠰᠡᠨ ᠨᠠᠰᠢ ᠬᠣᠷᠢᠶᠠᠨ ᠳᠠᠷᠤᠭ᠎ᠠ ᠲᠢᠩᠬᠢᠮ ᠤᠨ ᠳᠠᠷᠤᠭ᠎ᠠ ᠲᠣᠯᠤᠭᠠᠢᠯᠠᠨ ᠬᠡᠷᠡᠭ ᠰᠢᠢᠳᠪᠦᠷᠢᠯᠡᠬᠦ ᠠᠵᠢᠯ ᠤᠨ ᠱᠠᠭᠠᠷᠳᠠᠯᠭ᠎ᠠ ᠵᠢ ᠢᠳᠡᠪᠬᠢᠲᠡᠢ ᠪᠡᠷ ᠭᠦᠢᠴᠡᠳᠭᠡᠵᠦ᠂ ᠪᠦᠬᠦ ᠣᠷᠤᠨ ᠤ ᠡᠯ᠎ᠡ ᠱᠠᠳᠤᠨ ᠤ ᠰᠢᠭᠦᠬᠦ ᠬᠣᠷᠢᠶᠠᠨ ᠤ ᠬᠣᠷᠢᠶᠠᠨ ᠳᠠᠷᠤᠭ᠎ᠠ ᠲᠢᠩᠬᠢᠮ ᠤᠨ ᠳᠠᠷᠤᠭ᠎ᠠ ᠲᠣᠯᠤᠭᠠᠢᠯᠠᠨ ᠬᠡᠷᠡᠭ ᠰᠢᠢᠳᠪᠦᠷᠢᠯᠡᠬᠦ ᠳᠤ ᠮᠠᠰᠢ ᠰᠠᠢᠨ ᠳᠠᠭᠤᠷᠢᠶᠠᠯ ᠤᠨ ᠦᠢᠯᠡᠳᠦᠯ ᠦᠵᠡᠭᠦᠯᠪᠡ᠃

ᠦᠨᠡᠯᠡᠬᠦ 0ᠦᠨᠡᠯᠡᠯᠲᠡ᠎ᠲᠠᠢ


( ᠨᠧᠲ ᠨᠠᠢᠵᠠ ᠵᠢᠨ ᠦᠨᠡᠯᠡᠯᠲᠡ᠎ᠨᠢ ᠵᠦᠪᠭᠡᠨ ᠲᠡᠭᠦᠨ ᠊ᠤ᠌ ᠬᠤᠪᠢ ᠭᠦᠮᠦᠨ ᠊ᠤ᠌ ᠦᠵᠡᠯᠲᠡ ᠲᠡᠳᠦᠢ᠂ ᠲᠤᠰ ᠨᠧᠲ ᠦᠷᠳᠡᠭᠡ ᠲᠡᠭᠦᠨ ᠊ᠤ᠌ ᠦᠵᠡᠯᠲᠡ ᠵᠢ ᠵᠦᠪᠱᠢᠶᠡᠷᠡᠭᠰᠡᠨ ᠶᠠᠪᠤᠳᠠᠯ ᠤᠭᠳᠤ ᠪᠢᠱᠢ᠎ᠶᠤᠮ᠃ )