ᠣᠷᠳᠤᠰ ᠬᠣᠲᠠ ᠶᠢᠨ ᠳᠤᠮᠳᠠ ᠵᠡᠷᠭᠡ ᠶᠢᠨ ᠰᠢᠭᠦᠬᠦ ᠬᠣᠷᠢᠶᠠᠨ ᠤ ᠲᠠᠷᠢᠶᠠᠯᠠᠩ ᠮᠠᠯ ᠠᠵᠤ ᠠᠬᠤᠢ ᠠᠭᠤᠷᠬᠠᠢ ᠶᠢᠨ ᠦᠢᠯᠡᠰ ᠪᠣᠯᠤᠨ ᠡᠬᠢ ᠪᠠᠶᠠᠯᠢᠭ ᠣᠷᠴᠢᠨ ᠲᠣᠭᠤᠷᠢᠨ ᠤ ᠵᠥᠪᠳᠡᠯᠴᠡᠬᠦ ᠲᠢᠩᠬᠢᠮ(ᠪᠥᠭᠡᠳ ᠮᠣᠩᠭᠤᠯ ᠬᠡᠯᠡᠨ ᠦ ᠵᠠᠷᠭᠤ ᠶᠢᠨ ᠵᠥᠪᠳᠡᠯᠴᠡᠬᠦ ᠲᠢᠩᠬᠢᠮ) ᠨᠢ《ᠮᠣᠩᠭᠤᠯ ᠬᠡᠯᠡ ᠰᠤᠷᠤᠯᠴᠠᠵᠤ ᠬᠡᠷᠡᠭᠯᠡᠬᠦ ᠲᠡᠷᠢᠭᠦᠨ ᠤ ᠨᠢᠭᠡᠴᠢ 》 ᠪᠡᠷ ᠦᠨᠡᠯᠡᠭᠳᠡᠪᠡ
ᠣᠢᠷ᠎ᠠ ᠶᠢᠨ ᠡᠳᠦᠷ ᠲᠤ᠂ ᠣᠷᠳᠤᠰ ᠬᠣᠲᠠ ᠶᠢᠨ ᠨᠠᠮ ᠤᠨ ᠬᠣᠷᠢᠶ᠎ᠠ᠂ ᠣᠷᠳᠤᠰ ᠬᠣᠲᠠ ᠶᠢᠨ ᠵᠠᠰᠠᠭ ᠤᠨ ᠣᠷᠳᠤᠨ《ᠮᠣᠩᠭᠤᠯ ᠬᠡᠯᠡ ᠰᠤᠷᠤᠯᠴᠠᠵᠤ ᠬᠡᠷᠡᠭᠯᠡᠬᠦ ᠲᠡᠷᠢᠭᠦᠨ ᠤ ᠨᠢᠭᠡᠴᠢ 》 ᠦᠨᠡᠯᠡᠬᠦ ᠬᠥᠳᠡᠯᠭᠡᠭᠡᠨ ᠶᠠᠪᠤᠭᠳᠠᠭᠤᠯᠵᠤ᠂ ᠣᠷᠳᠤᠰ ᠬᠣᠲᠠ ᠶᠢᠨ ᠠᠷᠠᠳ ᠤᠨ ᠳᠤᠮᠳᠠ ᠵᠡᠷᠭᠡ ᠶᠢᠨ ᠰᠢᠭᠦᠬᠦ ᠬᠣᠷᠢᠶᠠᠨ ᠤ ᠲᠠᠷᠢᠶᠠᠯᠠᠩ ᠮᠠᠯ ᠠᠵᠤ ᠠᠬᠤᠢ ᠠᠭᠤᠷᠬᠠᠢ ᠶᠢᠨ ᠦᠢᠯᠡᠰ ᠪᠣᠯᠤᠨ ᠡᠬᠢ ᠪᠠᠶᠠᠯᠢᠭ ᠣᠷᠴᠢᠨ ᠲᠣᠭᠤᠷᠢᠨ ᠤ ᠵᠥᠪᠳᠡᠯᠴᠡᠬᠦ ᠲᠢᠩᠬᠢᠮ(ᠪᠥᠭᠡᠳ ᠮᠣᠩᠭᠤᠯ ᠬᠡᠯᠡᠨ ᠦ ᠵᠠᠷᠭᠤ ᠶᠢᠨ ᠵᠥᠪᠳᠡᠯᠴᠡᠬᠦ ᠲᠢᠩᠬᠢᠮ) ᠵᠡᠷᠭᠡ ᠪᠦᠬᠦ ᠬᠣᠲᠠ ᠶᠢᠨ 23 ᠬᠠᠮᠲᠤ ᠨᠢᠭᠡᠴᠢ ᠵᠢ ᠬᠥᠬᠢᠭᠦᠯᠦᠨ ᠰᠠᠢᠰᠢᠶᠠᠪᠠ᠃
ᠣᠢᠷ᠎ᠠ ᠶᠢᠨ ᠵᠢᠯ ᠳᠤ᠂ ᠥᠷᠭᠡᠨ ᠤᠯᠠᠨ ᠮᠠᠯᠴᠢᠨ ᠲᠠᠷᠢᠶᠠᠴᠢᠨ ᠤ ᠬᠠᠤᠯᠢ ᠴᠠᠭᠠᠵᠠ ᠶᠢᠨ ᠤᠬᠠᠮᠰᠠᠷ ᠲᠠᠰᠤᠷᠠᠯᠲᠠ ᠦᠭᠡᠢ ᠳᠡᠭᠡᠭᠰᠢᠯᠡᠬᠦ ᠶᠢ ᠳᠠᠭᠠᠯᠳᠤᠨ ᠮᠠᠨ ᠤ ᠬᠣᠲᠠ ᠶᠢᠨ ᠬᠤᠶᠠᠷ ᠱᠠᠳᠤᠨ ᠤ ᠰᠢᠭᠦᠬᠦ ᠬᠣᠷᠢᠶᠠᠨ ᠤ ᠮᠣᠩᠭᠤᠯ ᠬᠡᠯᠡᠨ ᠦ ᠵᠠᠷᠭᠤ ᠶᠢᠨ ᠬᠡᠷᠡᠭ ᠡᠳᠦᠷ ᠲᠤᠲᠤᠮ ᠣᠯᠠᠰᠢᠷᠠᠵᠠᠢ᠃ ᠴᠦ᠋ᠬᠡᠨ ᠲᠣᠭᠠᠲᠤ ᠦᠨᠳᠦᠰᠦᠲᠡᠨ ᠦ ᠥᠪᠡᠷ ᠦᠨ ᠡᠬᠡ ᠬᠡᠯᠡ ᠪᠠᠨ ᠬᠡᠷᠡᠭᠯᠡᠵᠦ ᠵᠠᠷᠭᠤ ᠬᠢᠬᠦ ᠡᠷᠬᠡ ᠶᠢ ᠪᠠᠲᠤᠯᠠᠬᠤ ᠶᠢᠨ ᠲᠥᠯᠦᠭᠡ᠂ ᠬᠠᠷᠢᠶ᠎ᠠ ᠲᠣᠭᠤᠷᠢᠭ ᠤᠨ ᠡᠯ᠎ᠡ ᠦᠨᠳᠦᠰᠦᠨ ᠱᠠᠳᠤᠨ ᠤ ᠰᠢᠭᠦᠬᠦ ᠬᠣᠷᠢᠶᠠᠨ ᠤ ᠰᠢᠭᠦᠨ ᠲᠠᠰᠤᠯᠤᠯᠲᠠ ᠵᠢᠴᠢ ᠴᠦ᠋ᠬᠡᠨ ᠲᠣᠭᠠᠲᠤ ᠦᠨᠳᠦᠰᠦᠲᠡᠨ ᠦ ᠲᠤᠬᠠᠢ ᠶᠢᠨ ᠬᠥᠮᠦᠨ ᠤ ᠬᠡᠷᠡᠭ ᠳᠤ ᠨᠡᠩ ᠲᠤᠰᠭᠠᠢᠵᠢᠭᠰᠠᠨ ᠬᠢᠨᠠᠯᠲᠠ ᠶᠢᠨ ᠲᠠᠪᠴᠠᠩ ᠬᠠᠩᠭᠠᠬᠤ ᠶᠢᠨ ᠲᠥᠯᠦᠭᠡ᠂ ᠣᠷᠳᠤᠰ ᠬᠣᠲᠠ ᠶᠢᠨ ᠳᠤᠮᠳᠠ ᠵᠡᠷᠭᠡ ᠶᠢᠨ ᠰᠢᠭᠦᠬᠦ ᠬᠣᠷᠢᠶᠠᠨ ᠤ ᠨᠠᠮ ᠤᠨ ᠤᠳᠤᠷᠢᠳᠬᠤ ᠳᠤᠭᠤᠢᠯᠠᠩ ᠤᠨ ᠵᠥᠪ ᠣᠨᠤᠪᠴᠢᠲᠠᠢ ᠤᠳᠤᠷᠢᠳᠤᠯᠭ᠎ᠠ ᠪᠠ ᠶᠡᠬᠡ ᠬᠦᠴᠦᠨ ᠦ ᠳᠡᠮᠵᠢᠯᠭᠡ ᠳᠣᠣᠷ᠎ᠠ ᠲᠠᠷᠢᠶᠠᠯᠠᠩ ᠮᠠᠯ ᠠᠵᠤ ᠠᠬᠤᠢ ᠠᠭᠤᠷᠬᠠᠢ ᠶᠢᠨ ᠦᠢᠯᠡᠰ ᠪᠣᠯᠤᠨ ᠡᠬᠢ ᠪᠠᠶᠠᠯᠢᠭ ᠣᠷᠴᠢᠨ ᠲᠣᠭᠤᠷᠢᠨ ᠤ ᠵᠥᠪᠳᠡᠯᠴᠡᠬᠦ ᠲᠢᠩᠬᠢᠮ(ᠪᠥᠭᠡᠳ ᠮᠣᠩᠭᠤᠯ ᠬᠡᠯᠡᠨ ᠦ ᠵᠠᠷᠭᠤ ᠶᠢᠨ ᠵᠥᠪᠳᠡᠯᠴᠡᠬᠦ ᠲᠢᠩᠬᠢᠮ)2017 ᠣᠨ ᠤ 7 ᠰᠠᠷᠠᠢᠨ 1 ᠤ ᠡᠳᠦᠷ ᠵᠢᠩᠬᠢᠨᠢ ᠪᠡᠷ ᠪᠦᠷᠢᠯᠳᠦᠪᠡ᠃ ᠵᠥᠪᠳᠡᠯᠴᠡᠬᠦ ᠲᠢᠩᠬᠢᠮ ᠪᠠᠢᠭᠤᠯᠤᠭᠳᠠᠭᠰᠠᠨ ᠠᠴᠠ ᠨᠠᠰᠢ ᠬᠡᠵᠢᠶᠡᠳᠡ《ᠠᠷᠠᠳ ᠲᠦᠮᠡᠨ ᠬᠠᠤᠯᠢ ᠴᠠᠭᠠᠵᠠ ᠶᠢᠨ ᠬᠡᠷᠡᠭ ᠪᠦᠷᠢ ᠳᠤ ᠪᠦᠷ ᠡᠷᠬᠡ ᠲᠡᠭᠰᠢ ᠲᠥᠪ ᠭᠣᠣᠯᠴᠢ ᠪᠠᠢᠬᠤ ᠶᠢ ᠤᠢᠯᠭᠠᠭᠤᠬᠤ ᠪᠡᠷ ᠴᠢᠷᠮᠠᠢᠨ᠎ᠠ》 ᠭᠡᠰᠡᠨ ᠵᠣᠷᠢᠯᠲᠠ ᠪᠡᠷ ᠴᠦ᠋ᠬᠡᠨ ᠲᠣᠭᠠᠲᠤ ᠦᠨᠳᠦᠰᠦᠲᠡᠨ ᠲᠤᠬᠠᠢ ᠬᠥᠮᠦᠨ ᠲᠠᠢ ᠬᠣᠯᠪᠤᠭᠳᠠᠭᠰᠠᠨ ᠬᠡᠷᠡᠭ ᠪᠦᠷᠢ ᠰᠢᠢᠳᠪᠦᠷᠢᠯᠡᠵᠦ ᠪᠠᠢᠨ᠎ᠠ᠃ ᠡᠭᠦᠨ ᠦ ᠬᠠᠮᠲᠤ ᠲᠤᠰ ᠵᠥᠪᠳᠡᠯᠴᠡᠬᠦ ᠲᠢᠩᠬᠢᠮ ᠬᠠᠷᠢᠶ᠎ᠠ ᠲᠣᠭᠤᠷᠢᠭ ᠤᠨ ᠡᠯ᠎ᠡ ᠦᠨᠳᠦᠰᠦᠨ ᠱᠠᠳᠤᠨ ᠤ ᠰᠢᠭᠦᠬᠦ ᠬᠣᠷᠢᠶᠠᠨ ᠤ ᠰᠢᠭᠦᠯᠲᠡ ᠳᠤ ᠴᠦ᠋ᠬᠡᠨ ᠲᠣᠭᠠᠲᠤ ᠦᠨᠳᠦᠰᠦᠲᠡᠨ ᠦ ᠲᠤᠬᠠᠢ ᠶᠢᠨ ᠬᠥᠮᠦᠨ ᠬᠣᠯᠪᠤᠭᠳᠠᠭᠰᠠᠨ ᠬᠡᠷᠡᠭ ᠲᠤ ᠵᠢᠯᠤᠭᠤᠳᠤᠯᠭ᠎ᠠ ᠬᠢᠬᠦ ᠶᠢ ᠴᠢᠬᠤᠯᠠᠴᠢᠯᠠᠵᠤ᠂ ᠠᠯᠬᠤᠮ ᠳᠠᠷᠠᠭ᠎ᠠ ᠳᠡᠭᠡᠷᠡᠬᠢ ᠠᠯᠳᠠᠭ᠎ᠠ ᠶᠢ ᠲᠠᠰᠤᠷᠠᠯᠲᠠ ᠦᠭᠡᠢ ᠵᠠᠰᠠᠵᠤ᠂ ᠡᠯ᠎ᠡ ᠦᠨᠳᠦᠰᠦᠨ ᠱᠠᠳᠤᠨ ᠤ ᠰᠢᠭᠦᠬᠦ ᠬᠣᠷᠢᠶ᠎ᠠ ᠨᠡᠩ ᠳᠦᠷᠢᠮᠵᠢᠯ ᠲᠠᠢ᠂ ᠨᠡᠩ ᠲᠥᠪᠯᠡᠷᠡᠭᠦᠯᠦᠨ ᠭᠣᠣᠯᠴᠢ ᠪᠠᠷ ᠴᠦ᠋ᠬᠡᠨ ᠲᠣᠭᠠᠲᠤ ᠦᠨᠳᠦᠰᠦᠲᠡᠨ ᠦ ᠲᠤᠬᠠᠢ ᠬᠠᠢ ᠬᠥᠮᠦᠨ ᠲᠠᠢ ᠬᠣᠯᠪᠤᠭᠳᠠᠭᠰᠠᠨ ᠬᠡᠷᠡᠭ ᠢ ᠰᠢᠢᠳᠪᠦᠷᠢᠯᠡᠵᠦ᠂ ᠵᠠᠷᠭᠤ ᠲᠤ ᠬᠣᠯᠪᠤᠭᠳᠠᠭᠰᠠᠨ ᠲᠤᠬᠠᠢ ᠶᠢᠨ ᠬᠥᠮᠦᠨ ᠵᠢᠴᠢ ᠨᠡᠢᠭᠡᠮ ᠦᠨ ᠡᠯ᠎ᠡ ᠡᠳᠡᠭᠡᠳ ᠦᠨ ᠨᠤᠲᠠᠯᠠᠯᠲᠠ ᠶᠢ ᠣᠯᠪᠠ᠃
ᠲᠤᠰ ᠤᠳᠠᠭᠠᠨ ᠤ ᠲᠠᠷᠢᠶᠠᠯᠠᠩ ᠮᠠᠯ ᠠᠵᠤ ᠠᠬᠤᠢ ᠠᠭᠤᠷᠬᠠᠢ ᠶᠢᠨ ᠦᠢᠯᠡᠰ ᠪᠣᠯᠤᠨ ᠡᠬᠢ ᠪᠠᠶᠠᠯᠢᠭ ᠣᠷᠴᠢᠨ ᠲᠣᠭᠤᠷᠢᠨ ᠤ ᠵᠥᠪᠳᠡᠯᠴᠡᠬᠦ ᠲᠢᠩᠬᠢᠮ(ᠪᠥᠭᠡᠳ ᠮᠣᠩᠭᠤᠯ ᠬᠡᠯᠡᠨ ᠦ ᠵᠠᠷᠭᠤ ᠶᠢᠨ ᠵᠥᠪᠳᠡᠯᠴᠡᠬᠦ ᠲᠢᠩᠬᠢᠮ)《ᠮᠣᠩᠭᠤᠯ ᠬᠡᠯᠡ ᠰᠤᠷᠤᠯᠴᠠᠵᠤ ᠬᠡᠷᠡᠭᠯᠡᠬᠦ ᠲᠡᠷᠢᠭᠦᠨ ᠤ ᠨᠢᠭᠡᠴᠢ 》 ᠨᠡᠷ᠎ᠡ ᠶᠢ ᠣᠯᠤᠭᠰᠠᠨ ᠨᠢ ᠮᠥᠨᠴᠦ ᠵᠥᠪᠳᠡᠯᠴᠡᠬᠦ ᠲᠢᠩᠬᠢᠮ ᠦᠨ ᠥᠩᠭᠡᠷᠡᠭᠰᠡᠨ ᠠᠵᠢᠯ ᠢ ᠨᠤᠲᠠᠯᠠᠵᠤ ᠪᠠᠢᠬᠤ ᠪᠥᠭᠡᠳ ᠬᠣᠵᠢᠮ ᠤᠨ ᠠᠵᠢᠯ ᠳ᠋ᠤᠨᠢ ᠬᠥᠬᠢᠭᠦᠯᠦᠯ ᠪᠣᠯᠬᠤ ᠶᠤᠮ᠃ ᠬᠣᠵᠢᠮ ᠵᠥᠪᠳᠡᠯᠴᠡᠬᠦ ᠲᠢᠩᠬᠢᠮ ᠪᠡᠶ᠎ᠡ ᠪᠡᠷ ᠢᠶᠡᠨ ᠳᠠᠭᠤᠷᠢᠶᠠᠯ ᠪᠣᠯᠵᠤ᠂ ᠬᠡᠷᠡᠭ ᠪᠦᠷᠢ ᠶᠢ ᠨᠠᠷᠢᠨ ᠬᠢᠨᠠᠮᠠᠭᠠᠢ ᠰᠢᠭᠦᠨ ᠰᠢᠢᠳᠪᠦᠷᠢᠯᠡᠬᠦ ᠰᠠᠭᠤᠷᠢᠨ ᠳᠡᠭᠡᠷ᠎ᠡ ᠣᠷᠳᠤᠰ ᠬᠣᠲᠠ ᠶᠢᠨ ᠬᠤᠶᠠᠷ ᠱᠠᠳᠤᠨ ᠤ ᠰᠢᠭᠦᠬᠦ ᠬᠣᠷᠢᠶᠠᠨ ᠤ ᠮᠣᠩᠭᠤᠯ ᠬᠡᠯᠡᠨ ᠦ ᠵᠠᠷᠭᠤ ᠶᠢᠨ ᠬᠡᠷᠡᠭ ᠦᠨ ᠰᠢᠭᠦᠨ ᠲᠠᠰᠤᠯᠬᠤ ᠴᠢᠨᠠᠷ ᠢ ᠨᠡᠩ ᠥᠨᠳᠦᠷ ᠲᠦᠪᠰᠢᠨ ᠳᠤ ᠬᠦᠷᠭᠡᠨ᠎ᠡ᠃
ᠦᠨᠡᠯᠡᠬᠦ 0ᠦᠨᠡᠯᠡᠯᠲᠡ᠎ᠲᠠᠢ