9 ᠰᠠᠷᠠᠢᠨ 29 ᠤ ᠡᠳᠦᠷ ᠦᠨ ᠦᠳᠡ ᠶᠢᠨ ᠡᠮᠦᠨ᠎ᠡ᠂ ᠣᠷᠳᠤᠰ ᠬᠣᠲᠠ ᠶᠢᠨ ᠠᠷᠠᠳ ᠤᠨ ᠳᠤᠮᠳᠠ ᠵᠡᠷᠭᠡ ᠶᠢᠨ ᠰᠢᠭᠦᠬᠦ ᠬᠣᠷᠢᠶ᠎ᠠ ᠥᠪᠡᠷᠲᠡᠭᠡᠨ ᠵᠠᠰᠠᠬᠤ ᠣᠷᠤᠨ ᠤ ᠪᠠᠢᠩᠭᠤ ᠶᠢᠨ ᠬᠣᠷᠢᠶ᠎ᠠ ᠲᠣᠭᠤᠷᠢᠨ ᠪᠠᠢᠴᠠᠭᠠᠭᠰᠠᠨ ᠬᠠᠷᠢᠭᠤ ᠰᠠᠨᠠᠭᠤᠯᠭ᠎ᠠ ᠶᠢ ᠡᠮᠬᠢᠳᠭᠡᠨ ᠵᠠᠰᠠᠬᠤ ᠲᠤᠰᠭᠠᠢ ᠰᠡᠳᠦᠪᠲᠦ ᠠᠷᠠᠳᠴᠢᠯᠠᠭᠰᠠᠨ ᠠᠮᠢᠳᠤᠷᠠᠯ ᠤᠨ ᠬᠤᠷᠠᠯ ᠬᠤᠷᠠᠯᠳᠤᠪᠠ᠃ ᠣᠷᠳᠤᠰ ᠬᠣᠲᠠ ᠶᠢᠨ ᠠᠷᠠᠳ ᠤᠨ ᠳᠤᠮᠳᠠ ᠵᠡᠷᠭᠡ ᠶᠢᠨ ᠰᠢᠭᠦᠬᠦ ᠬᠣᠷᠢᠶᠠᠨ ᠤ ᠤᠳᠤᠷᠢᠳᠬᠤ ᠪᠠᠭ ᠤᠨ ᠭᠡᠰᠢᠭᠦᠨ᠂ ᠭᠠᠵᠠᠷ ᠤᠨ ᠳᠡᠰ ᠡᠴᠡ ᠳᠡᠭᠡᠭᠰᠢ ᠺᠠᠲᠠᠷ ᠬᠤᠷᠠᠯᠳᠤᠭᠠᠨ ᠳᠤ ᠣᠷᠤᠯᠴᠠᠪᠠ᠃ ᠲᠤᠰ ᠤᠳᠠᠭᠠᠨ ᠤ ᠠᠷᠠᠳᠴᠢᠯᠠᠭᠰᠠᠨ ᠠᠮᠢᠳᠤᠷᠠᠯ ᠤᠨ ᠬᠤᠷᠠᠯ ᠤᠨ ᠭᠣᠣᠯ ᠰᠡᠳᠦᠪ ᠪᠣᠯ ᠰᠢ ᠵᠢᠨ ᠫᠢᠩ ᠶᠡᠷᠦᠩᠬᠡᠢ ᠱᠦᠵᠢ ᠶᠢᠨ ᠲᠣᠭᠤᠷᠢᠨ ᠪᠠᠢᠴᠠᠭᠠᠬᠤ ᠠᠵᠢᠯ ᠤᠨ ᠲᠤᠬᠠᠢ ᠴᠢᠬᠤᠯᠠ ᠶᠠᠷᠢᠶ᠎ᠠ ᠶᠢ ᠭᠦᠨᠵᠡᠭᠡᠢᠷᠡᠨ ᠰᠤᠷᠤᠯᠴᠠᠵᠤ᠂《ᠳᠥᠷᠪᠡᠨ ᠤᠬᠠᠮᠰᠠᠷ》 ᠢ ᠪᠠᠲᠤᠳᠭᠠᠨ᠂ ᠨᠠᠮ ᠤᠨ ᠤᠳᠤᠷᠢᠳᠤᠯᠭ᠎ᠠ ᠶᠢ ᠪᠠᠷᠢᠮᠲᠠᠯᠠᠵᠤ᠂ ᠨᠠᠮ ᠤᠨ ᠪᠦᠲᠦᠭᠡᠨ ᠪᠠᠢᠭᠤᠯᠤᠯᠲᠠ ᠶᠢ ᠴᠢᠩᠭᠠᠳᠭᠠᠵᠤ᠂ ᠪᠦᠬᠦ ᠲᠠᠯ᠎ᠠ ᠪᠡᠷ ᠨᠠᠮ ᠢ ᠴᠢᠩᠭ᠎ᠠ ᠪᠠᠷᠢᠬᠤ ᠳᠤ ᠲᠥᠪᠯᠡᠷᠡᠨ᠂ ᠥᠪᠡᠷᠲᠡᠭᠡᠨ ᠵᠠᠰᠠᠬᠤ ᠣᠷᠤᠨ ᠤ ᠨᠠᠮ ᠤᠨ ᠪᠠᠢᠩᠭᠤ ᠶᠢᠨ ᠬᠣᠷᠢᠶᠠᠨ ᠤ ᠲᠣᠭᠤᠷᠢᠨ ᠪᠠᠢᠴᠠᠭᠠᠬᠤ ᠳᠤᠭᠤᠢᠯᠠᠩ ᠤᠨ ᠬᠠᠷᠢᠭᠤ ᠰᠠᠨᠠᠭᠤᠯᠭ᠎ᠠ ᠲᠠᠢ ᠬᠠᠷᠢᠴᠠᠭᠤᠯᠤᠨ᠂ ᠪᠡᠶ᠎ᠡ ᠪᠡᠷ ᠢᠶᠡᠨ ᠣᠷᠤᠯᠴᠠᠵᠤ᠂ ᠦᠵᠡᠯ ᠰᠠᠨᠠᠭ᠎ᠠ ᠪᠠ ᠪᠤᠳᠠᠳᠠᠢ ᠠᠵᠢᠯ ᠢ ᠤᠶᠠᠯᠳᠤᠭᠤᠯᠵᠤ᠂ ᠨᠠᠮᠴᠢ ᠴᠢᠨᠠᠷ ᠤᠨ ᠵᠠᠳᠠᠯᠤᠯᠲᠠ ᠬᠢᠵᠦ᠂ ᠰᠢᠭᠦᠮᠵᠢᠯᠡᠯ ᠪᠠ ᠥᠪᠡᠷ ᠤᠨ ᠪᠡᠶ᠎ᠡ ᠶᠢᠨ ᠰᠢᠭᠦᠮᠵᠢᠯᠡᠯ ᠢ ᠶᠠᠪᠤᠭᠳᠠᠭᠤᠯᠤᠨ᠎ᠠ᠃ ᠬᠤᠷᠠᠯᠳᠤᠭᠠᠨ ᠢ ᠣᠷᠳᠤᠰ ᠬᠣᠲᠠ ᠶᠢᠨ ᠳᠤᠮᠳᠠ ᠵᠡᠷᠭᠡ ᠶᠢᠨ ᠰᠢᠭᠦᠬᠦ ᠬᠣᠷᠢᠶᠠᠨ ᠤ ᠨᠠᠮ ᠤᠨ ᠤᠳᠤᠷᠢᠳᠬᠤ ᠳᠤᠭᠤᠢᠯᠠᠩ ᠤᠨ ᠱᠦᠵᠢ᠂ ᠬᠣᠷᠢᠶᠠᠨ ᠳᠠᠷᠤᠭ᠎ᠠ ᠯᠢ ᠾᠥᠩ ᠶᠠᠨ ᠡᠷᠬᠢᠯᠡᠪᠡ᠃
ᠬᠤᠷᠠᠯ ᠳᠡᠭᠡᠷ᠎ᠡ᠂ ᠤᠳᠤᠷᠢᠳᠬᠤ ᠪᠠᠭ ᠤᠨ ᠭᠡᠰᠢᠭᠦᠨ ᠳᠡᠰ ᠳᠠᠷᠠᠭᠠᠯᠠᠨ ᠬᠠᠷᠢᠴᠠᠭᠤᠯᠤᠨ ᠪᠠᠢᠴᠠᠭᠠᠵᠤ᠂ ᠰᠢᠭᠦᠮᠵᠢᠯᠡᠯ ᠪᠣᠯᠤᠨ ᠥᠪᠡᠷ ᠤᠨ ᠪᠡᠶ᠎ᠡ ᠶᠢᠨ ᠰᠢᠭᠦᠮᠵᠢᠯᠡᠯ ᠶᠠᠪᠤᠭᠳᠠᠭᠤᠯᠪᠠ᠃
ᠯᠢ ᠾᠥᠩ ᠶᠠᠨ ᠬᠣᠷᠢᠶᠠᠨ ᠳᠠᠷᠤᠭ᠎ᠠ ᠳ᠋ᠦᠩᠨᠡᠯᠲᠡ ᠶᠢᠨ ᠶᠠᠷᠢᠶᠠᠨ ᠳᠤ ᠴᠢᠩᠭᠠᠳᠭᠠᠭᠰᠠᠨ ᠨᠢ᠂ ᠲᠤᠰ ᠤᠳᠠᠭᠠᠨ ᠤ ᠬᠤᠷᠠᠯᠳᠤᠭᠠᠨ ᠢᠶᠠᠷ ᠲᠣᠬᠢᠶᠠᠯ ᠪᠤᠯᠬᠠᠵᠤ᠂ ᠰᠢ ᠵᠢᠨ ᠫᠢᠩ ᠶᠡᠷᠦᠩᠬᠡᠢ ᠱᠦᠵᠢ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠠ ᠤᠯᠤᠰ ᠵᠠᠰᠠᠵᠤ ᠵᠠᠰᠠᠭ ᠬᠠᠮᠢᠶᠠᠷᠬᠤ ᠰᠢᠨ᠎ᠡ ᠤᠬᠠᠭᠳᠠᠬᠤᠨ ᠰᠢᠨ᠎ᠡ ᠦᠵᠡᠯ ᠰᠠᠨᠠᠭ᠎ᠠ ᠰᠢᠨ᠎ᠡ ᠪᠠᠢᠯᠳᠤᠬᠤ ᠪᠣᠳᠤᠯᠭ᠎ᠠ ᠶᠢ ᠭᠦᠨᠵᠡᠭᠡᠢᠷᠡᠨ ᠰᠤᠷᠤᠯᠴᠠᠵᠤ᠂ ᠰᠢ ᠵᠢᠨ ᠫᠢᠩ ᠶᠡᠷᠦᠩᠬᠡᠢ ᠱᠦᠵᠢ ᠥᠪᠦᠷ ᠮᠣᠩᠭᠤᠯ ᠤᠨ ᠥᠪᠡᠷᠲᠡᠭᠡᠨ ᠵᠠᠰᠠᠬᠤ ᠣᠷᠤᠨ ᠢ ᠪᠠᠢᠴᠠᠭᠠᠬᠤ ᠦᠶᠡᠰ ᠦᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠣᠯᠤᠨ ᠲᠣᠭᠤᠷᠢᠨ ᠪᠠᠢᠴᠠᠭᠠᠬᠤ ᠠᠵᠢᠯ ᠤᠨ ᠲᠤᠬᠠᠢ ᠴᠢᠬᠤᠯᠠ ᠶᠠᠷᠢᠶ᠎ᠠ ᠶᠢ ᠭᠣᠣᠯᠳᠠᠯᠭ᠎ᠠ ᠲᠠᠢ ᠰᠤᠷᠤᠯᠴᠠᠵᠤ᠂ ᠰᠢ ᠵᠢᠨ ᠫᠢᠩ ᠶᠡᠷᠦᠩᠬᠡᠢ ᠱᠦᠵᠢ ᠶᠢᠨ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠲᠤᠬᠠᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠵᠤ᠂《ᠳᠥᠷᠪᠡᠨ ᠤᠬᠠᠮᠰᠠᠷ》 ᠢ ᠪᠠᠲᠤᠳᠭᠠᠨ᠂ ᠨᠠᠮ ᠤᠨ ᠤᠳᠤᠷᠢᠳᠤᠯᠭ᠎ᠠ ᠶᠢ ᠪᠠᠷᠢᠮᠲᠠᠯᠠᠵᠤ᠂ ᠨᠠᠮ ᠤᠨ ᠪᠦᠲᠦᠭᠡᠨ ᠪᠠᠢᠭᠤᠯᠤᠯᠲᠠ ᠶᠢ ᠴᠢᠩᠭᠠᠳᠭᠠᠵᠤ᠂ ᠪᠦᠬᠦ ᠲᠠᠯ᠎ᠠ ᠪᠡᠷ ᠨᠠᠮ ᠢ ᠴᠢᠩᠭ᠎ᠠ ᠪᠠᠷᠢᠬᠤ ᠳᠤ ᠲᠥᠪᠯᠡᠷᠡᠭᠦᠯᠦᠨ᠎ᠡ᠃ ᠲᠥᠪ ᠬᠣᠷᠢᠶᠠᠨ ᠤ《ᠬᠤᠶᠠᠷ ᠢ ᠰᠤᠷᠴᠤ ᠨᠢᠭᠡ ᠶᠢ ᠬᠢᠬᠦ》 ᠵᠢ ᠲᠦᠯᠬᠢᠨ ᠠᠬᠢᠭᠤᠯᠬᠤ ᠲᠤᠬᠠᠢ ᠰᠤᠷᠤᠯᠴᠠᠯᠭ᠎ᠠ ᠰᠤᠷᠭᠠᠨ ᠬᠥᠮᠦᠵᠢᠯ ᠢ ᠬᠡᠪᠰᠢᠭᠦᠯᠬᠦ ᠲᠦᠷᠢᠮ ᠤᠨ ᠱᠠᠭᠠᠷᠳᠠᠯᠭ᠎ᠠ ᠶᠢ ᠦᠨᠳᠦᠰᠦᠯᠡᠨ ᠥᠪᠡᠷᠲᠡᠭᠡᠨ ᠵᠠᠰᠠᠬᠤ ᠣᠷᠤᠨ ᠤ ᠨᠠᠮ ᠤᠨ ᠪᠠᠢᠩᠭᠤ ᠶᠢᠨ ᠬᠣᠷᠢᠶᠠᠨ ᠤ ᠲᠣᠭᠤᠷᠢᠨ ᠪᠠᠢᠴᠠᠭᠠᠯᠲᠠ ᠶᠢᠨ ᠬᠠᠷᠢᠭᠤ ᠰᠠᠨᠠᠭᠤᠯᠭ᠎ᠠ ᠪᠣᠯᠤᠨ ᠯᠠ ᠵᠢᠶᠦ᠋ᠨ ᠨᠥᠬᠦᠷ ᠦᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠵᠤ᠂ ᠨᠢᠦ ᠵᠢᠶᠦ᠋ᠨ ᠶᠠᠨ ᠨᠥᠬᠦᠷ ᠤᠨ ᠥᠪᠡᠷᠲᠡᠭᠡᠨ ᠵᠠᠰᠠᠬᠤ ᠣᠷᠤᠨ ᠤ ᠨᠠᠮ ᠤᠨ ᠬᠣᠷᠢᠶᠠᠨ ᠤ ᠶᠢᠰᠦᠳᠦᠭᠡᠷ ᠤᠳᠠᠭᠠᠨ ᠤ ᠲᠣᠭᠤᠷᠢᠨ ᠪᠠᠢᠴᠠᠭᠠᠬᠤ ᠳᠤᠭᠤᠢᠯᠠᠩ ᠣᠷᠳᠤᠰ ᠬᠣᠲᠠ ᠶᠢᠨ ᠪᠠᠢᠳᠠᠯ ᠢ ᠳᠤᠭᠤᠷᠢᠨ ᠪᠠᠢᠴᠠᠭᠠᠭᠰᠠᠨ ᠬᠠᠷᠢᠭᠤ ᠮᠡᠳᠡᠭᠦᠯᠦᠯᠲᠡ ᠶᠢᠨ ᠬᠤᠷᠠᠯ ᠳᠡᠭᠡᠷᠡᠬᠢ ᠣᠪᠤᠷ ᠢᠯᠡᠳᠭᠡᠬᠦ ᠶᠠᠷᠢᠶ᠎ᠠ ᠵᠢᠴᠢ ᠨᠢᠦ ᠵᠢᠶᠦ᠋ᠨ ᠶᠠᠨ ᠨᠥᠬᠦᠷ ᠦᠨ ᠥᠪᠡᠷᠲᠡᠭᠡᠨ ᠵᠠᠰᠠᠬᠤ ᠣᠷᠤᠨ ᠤ ᠨᠠᠮ ᠤᠨ ᠬᠣᠷᠢᠶᠠᠨ ᠤ ᠲᠣᠭᠤᠷᠢᠨ ᠪᠠᠢᠴᠠᠭᠠᠬᠤ ᠳᠤᠭᠤᠢᠯᠠᠩ ᠤᠨ ᠬᠠᠷᠢᠭᠤ ᠮᠡᠳᠡᠭᠦᠯᠦᠯᠲᠡ ᠶᠢᠨ ᠰᠠᠨᠠᠭᠤᠯᠭ᠎ᠠ ᠶᠢ ᠡᠮᠬᠢᠳᠭᠡᠨ ᠵᠠᠰᠠᠬᠤ ᠳᠠᠢᠴᠢᠯᠠᠯᠲᠠ ᠶᠢᠨ ᠲᠣᠬᠢᠷᠠᠭᠤᠯᠤᠯᠲᠠ ᠶᠢᠨ ᠬᠤᠷᠠᠯ ᠳᠡᠭᠡᠷᠡᠬᠢ ᠶᠠᠷᠢᠶᠠᠨ ᠤ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠵᠤ᠂ ᠨᠠᠮ ᠤᠨ ᠳᠦᠷᠢᠮ ᠨᠠᠮ ᠤᠨ ᠲᠣᠭᠲᠠᠭᠠᠯ ᠨᠣᠮ ᠤᠨ ᠰᠠᠬᠢᠯᠭ᠎ᠠ ᠪᠠᠷ ᠱᠤᠭᠤᠮ ᠪᠣᠯᠭᠠᠨ ᠦᠵᠡᠯ ᠰᠠᠨᠠᠭ᠎ᠠ ᠪᠣᠯᠤᠨ ᠠᠵᠢᠯ ᠤᠨ ᠪᠤᠲᠠᠳᠠᠢ ᠶᠢ ᠤᠶᠠᠯᠳᠤᠭᠤᠯᠤᠨ᠂ ᠥᠪᠡᠷᠲᠡᠭᠡᠨ ᠤ ᠵᠠᠰᠠᠬᠤ ᠣᠷᠤᠨ ᠤ ᠨᠠᠮ ᠤᠨ ᠬᠣᠷᠢᠶᠠᠨ ᠤ ᠲᠣᠭᠤᠷᠢᠨ ᠪᠠᠢᠴᠠᠭᠠᠬᠤ ᠳᠤᠭᠤᠢᠯᠠᠩ ᠤᠨ ᠬᠠᠷᠢᠭᠤ ᠰᠠᠨᠠᠭᠤᠯᠭ᠎ᠠ ᠲᠠᠢ ᠬᠠᠷᠢᠴᠠᠭᠤᠯᠤᠨ ᠭᠦᠨᠵᠡᠭᠡᠢ ᠲᠤᠩᠭᠠᠨ ᠪᠣᠳᠤᠯᠬᠢᠯᠠᠵᠤ᠂ ᠭᠦᠨᠵᠡᠭᠡᠢ ᠵᠠᠳᠠᠯᠤᠯᠲᠠ ᠬᠢᠵᠦ᠂ ᠨᠢᠭᠡ ᠡᠴᠡ ᠬᠤᠶᠠᠷ ᠢ ᠮᠡᠳᠡᠨ᠂ ᠲᠥᠪᠯᠡᠷᠡᠯ ᠴᠢᠩᠭ᠎ᠠ ᠡᠮᠬᠢᠳᠭᠡᠨ ᠵᠠᠰᠠᠵᠤ᠂ ᠦᠵᠡᠯ ᠰᠠᠨᠠᠭᠠᠨ ᠳᠡᠭᠡᠷ᠎ᠡ ᠤᠯᠤᠰ ᠲᠥᠷᠦ ᠳᠡᠭᠡᠷ᠎ᠡ ᠦᠢᠯᠡ ᠠᠵᠢᠯᠯᠠᠭ᠎ᠠ ᠳᠡᠭᠡᠷ᠎ᠡ ᠰᠢ ᠵᠢᠨ ᠫᠢᠩ ᠨᠥᠬᠦᠷ ᠢᠶᠡᠷ ᠭᠣᠣᠯ ᠪᠣᠯᠭᠠᠭᠰᠠᠨ ᠨᠠᠮ ᠤᠨ ᠲᠥᠪ ᠬᠣᠷᠢᠶ᠎ᠠ ᠲᠠᠢ ᠠᠳᠠᠯᠢ ᠥᠨᠳᠦᠷ ᠲᠤ ᠳᠠᠯᠪᠢᠵᠤ᠂ ᠰᠢᠨ᠎ᠡ ᠳᠦᠷᠢ ᠳᠦᠷᠬᠦ ᠪᠡᠷ ᠨᠠᠮ ᠤᠨ ᠠᠷᠪᠠ ᠶᠢᠰᠦᠳᠦᠭᠡᠷ ᠶᠡᠬᠡ ᠬᠤᠷᠠᠯ ᠠᠮᠵᠢᠯᠲᠠᠢ ᠶᠠᠪᠤᠭᠳᠠᠬᠤ ᠶᠢ ᠤᠭᠲᠤᠨ᠎ᠠ᠃
ᠦᠨᠡᠯᠡᠬᠦ 0ᠦᠨᠡᠯᠡᠯᠲᠡ ᠲᠠᠢ