ᠣᠶᠤᠨᠲᠤ ᠠᠪᠢᠶ᠎ᠠ ᠢᠯᠭᠠᠨ ᠲᠠᠨᠢᠬᠤ ᠰᠢᠰᠲ᠋ᠧᠮ ᠢ ᠲᠢᠩᠬᠢᠮ ᠤᠨ ᠰᠢᠭᠦᠯᠲᠡ ᠳᠤ ᠥᠷᠭᠡᠨ ᠢᠶᠡᠷ ᠬᠡᠷᠡᠭᠯᠡᠵᠦ᠂ ᠲᠢᠩᠬᠢᠮ ᠦᠨ ᠰᠢᠭᠦᠯᠲᠡ ᠶᠢᠨ ᠳᠠᠩᠰᠠᠯᠠᠯᠲᠠ ᠶᠢᠨ ᠪᠦᠲᠦᠮᠵᠢ ᠶᠢ ᠳᠡᠭᠡᠭᠰᠢᠯᠡᠭᠦᠯᠵᠦ᠂《ᠣᠶᠤᠨᠲᠤ ᠰᠢᠭᠦᠬᠦ ᠬᠣᠷᠢᠶ᠎ᠠ》 ᠶᠢᠨ ᠪᠦᠲᠦᠭᠡᠨ ᠪᠠᠢᠭᠤᠯᠤᠯᠲᠠ ᠶᠢ ᠠᠬᠢᠭᠤᠯᠬᠤ ᠶᠢᠨ ᠲᠥᠯᠦᠭᠡ᠂ 9 ᠰᠠᠷᠠᠢᠨ 28 ᠤ ᠡᠳᠦᠷ᠂ ᠣᠷᠳᠤᠰ ᠬᠣᠲᠠ ᠶᠢᠨ ᠳᠤᠮᠳᠠ ᠵᠡᠷᠭᠡ ᠶᠢᠨ ᠰᠢᠭᠦᠬᠦ ᠬᠣᠷᠢᠶ᠎ᠠ ᠶᠢᠨ ᠮᠡᠷᠭᠡᠵᠢᠯ ᠦᠨ ᠬᠡᠯᠳᠡᠰ ᠪᠡᠭᠡᠵᠢᠩ ᠦᠨ ᠬᠤᠸᠠ ᠢᠦᠢ ᠮᠡᠳᠡᠭᠡ ᠵᠠᠩᠭᠢ ᠮᠡᠷᠭᠡᠵᠢᠯ ᠦᠨ ᠬᠢᠵᠠᠭᠠᠷᠲᠤ ᠺᠣᠮᠫᠠᠨᠢ ᠶᠢᠨ ᠠᠪᠢᠶ᠎ᠠ ᠢᠯᠭᠠᠨ ᠲᠠᠨᠢᠬᠤ ᠰᠢᠰᠲ᠋ᠧᠮ ᠤᠨ ᠪᠦᠲᠦᠭᠡᠭᠳᠡᠬᠦᠨ ᠦ ᠳᠠᠭᠠᠮᠠᠯ ᠪᠢᠶᠠᠨ ᠼᠸ᠂ ᠲᠥᠰᠦᠪ ᠵᠢᠷᠤᠵᠤ ᠲᠥᠯᠦᠪᠯᠡᠬᠦ ᠬᠡᠷᠡᠭᠴᠡᠭᠡ ᠶᠢᠨ ᠪᠠᠭᠰᠢ ᠵᠠᠩ ᠠᠢ ᠮᠢᠨ ᠪᠣᠯᠤᠨ ᠬᠡᠷᠡᠭᠯᠡᠭᠡᠨ ᠦ ᠦᠢᠯᠡᠴᠢᠯᠡᠭᠡᠨ ᠦ ᠢᠨᠵᠢᠨᠧᠷ ᠯᠢ ᠺᠠᠢ ᠶᠤᠸᠠᠨ ᠢ ᠤᠷᠢᠵᠤ ᠠᠪᠢᠶ᠎ᠠ ᠢᠯᠭᠠᠨ ᠲᠠᠨᠢᠬᠤ ᠰᠢᠰᠲ᠋ᠧᠮ ᠬᠡᠷᠡᠭᠯᠡᠵᠦ ᠪᠠᠢᠬᠤ ᠪᠠᠢᠳᠠᠯ ᠢ ᠬᠠᠷᠢᠭᠤ ᠮᠡᠳᠡᠭᠦᠯᠬᠦ ᠬᠤᠷᠠᠯ ᠳᠤ ᠣᠷᠤᠯᠴᠠᠪᠠ᠂ ᠬᠤᠷᠠᠯᠳᠤᠭᠠᠨ ᠢ ᠮᠡᠷᠭᠡᠵᠢᠯ ᠦᠨ ᠬᠡᠯᠲᠡᠰ ᠦᠨ ᠬᠠᠷᠢᠭᠤᠴᠠᠯᠭᠠᠲᠠᠨ ᠳ᠋ᠢᠩ ᠸᠸᠢ ᠬᠤᠸᠠ ᠡᠷᠬᠢᠯᠡᠵᠦ᠂ ᠪᠦᠬᠦ ᠬᠣᠷᠢᠶᠠᠨ ᠤ ᠲᠡᠮᠳᠡᠭᠯᠡᠭᠴᠢ ᠬᠤᠷᠠᠯ ᠳᠤ ᠣᠷᠤᠯᠴᠠᠪᠠ᠃
ᠠᠪᠢᠶ᠎ᠠ ᠢᠯᠭᠠᠨ ᠲᠠᠨᠢᠬᠤ ᠰᠢᠰᠲ᠋ᠧᠮ ᠨᠢ ᠠᠪᠢᠶ᠎ᠠ ᠴᠤᠭᠯᠠᠭᠤᠯᠬᠤ᠂ ᠲᠤᠬᠠᠢ ᠶᠢᠨ ᠴᠠᠭ ᠲᠤ ᠨᠢ ᠨᠠᠢᠷᠠᠭᠤᠯᠤᠨ ᠪᠢᠴᠢᠬᠦ ᠪᠣᠯᠤᠨ ᠲᠢᠩᠬᠢᠮ ᠤᠨ ᠰᠢᠭᠦᠯᠲᠡ ᠶᠢᠨ ᠲᠡᠮᠳᠡᠭᠯᠡᠯ ᠢ ᠵᠠᠰᠠᠨ ᠪᠢᠴᠢᠬᠦ ᠵᠡᠷᠭᠡ ᠴᠢᠳᠠᠮᠵᠢ ᠲᠠᠢ᠂ ᠲᠢᠩᠬᠢᠮ ᠤᠨ ᠰᠢᠭᠦᠯᠲᠡ ᠶᠢᠨ ᠶᠠᠷᠢᠶ᠎ᠠ ᠶᠢ ᠴᠠᠭ ᠲᠤᠬᠠᠢ ᠳ᠋ᠤᠨᠢ ᠦᠰᠦᠭ ᠪᠢᠴᠢᠭ᠌ ᠪᠤᠯᠬᠠᠵᠤ ᠲᠢᠩᠬᠢᠮ ᠤᠨ ᠰᠢᠭᠦᠯᠲᠡ ᠶᠢᠨ ᠲᠡᠮᠳᠡᠭᠯᠡᠯ ᠪᠣᠯᠭᠠᠨ᠎ᠠ᠂ ᠲᠢᠩᠬᠢᠮ ᠰᠢᠭᠦᠯᠲᠡ ᠶᠢᠨ ᠶᠠᠪᠤᠴᠠ ᠳᠤ ᠬᠡᠷᠡᠭ ᠦᠨ ᠰᠢᠨᠵᠢ ᠴᠢᠨᠠᠷ᠂ ᠵᠠᠷᠭᠤ ᠳᠤ ᠣᠷᠤᠯᠴᠠᠭᠰᠠᠨ ᠬᠥᠮᠦᠨ ᠦ ᠲᠣᠭ᠎ᠠ ᠵᠡᠷᠭᠡ ᠪᠠᠢᠳᠠᠯ ᠢ ᠦᠨᠳᠦᠰᠦᠯᠡᠵᠦ ᠤᠷᠢᠳᠴᠢᠯᠠᠨ ᠳᠦᠷᠢ ᠲᠣᠭᠲᠠᠭᠠᠵᠤ᠂ ᠠᠪᠢᠶ᠎ᠠ ᠵᠢ ᠦᠰᠦᠭ ᠪᠣᠯᠭᠠᠨ ᠬᠤᠪᠢᠷᠠᠭᠤᠯᠬᠤ ᠦᠶᠡᠰ ᠲᠢᠩᠬᠢᠮ ᠦᠨ ᠰᠢᠭᠦᠯᠲᠡ ᠶᠢᠨ ᠶᠠᠷᠢᠶ᠎ᠠ ᠲᠠᠯᠪᠢᠭᠰᠠᠨ ᠡᠲᠡᠭᠡᠳ ᠵᠢᠴᠢ ᠠᠭᠤᠯᠭ᠎ᠠ ᠶᠢ ᠥᠪᠡᠷᠲᠡᠭᠡᠨ ᠬᠤᠪᠢᠶᠠᠬᠤ ᠮᠥᠷᠲᠡᠭᠡᠨ ᠶᠠᠷᠢᠶ᠎ᠠ ᠲᠠᠯᠪᠢᠭᠰᠠᠨ ᠡᠲᠡᠭᠡᠳ ᠦᠨ ᠳᠦᠷᠢ ᠶᠢ ᠥᠪᠡᠷᠲᠡᠭᠡᠨ ᠲᠣᠳᠤᠷᠬᠠᠢᠯᠠᠯᠲᠠ ᠬᠢᠨ᠎ᠡ᠃ ᠠᠪᠢᠶ᠎ᠠ ᠢᠯᠭᠠᠨ ᠲᠠᠨᠢᠬᠤ ᠶᠠᠪᠤᠴᠠ ᠳᠤ ᠲᠡᠮᠳᠡᠭᠯᠡᠭᠴᠢ ᠢᠯᠭᠠᠨ ᠲᠠᠨᠢᠭᠰᠠᠨ ᠦᠰᠦᠭ ᠲᠤ ᠴᠠᠭ ᠲᠤᠬᠠᠢ ᠳ᠋ᠤᠨᠢ ᠵᠠᠰᠠᠪᠤᠷᠢ ᠣᠷᠤᠭᠤᠯᠬᠤ ᠪᠤᠶᠤ ᠲᠣᠳᠤᠷᠬᠠᠢᠯᠠᠯᠲᠠ ᠬᠢᠵᠦ ᠪᠣᠯᠤᠨ᠎ᠠ᠂ ᠰᠢᠰᠲ᠋ᠧᠮ ᠠᠴᠠ ᠲᠤᠳᠤᠷᠬᠠᠢᠯᠲᠠ ᠬᠡᠰᠡᠭ ᠦᠨ ᠰᠢᠩᠭᠡᠭᠡᠯᠲᠡ ᠶᠢ ᠥᠪᠡᠷᠲᠡᠭᠡᠨ ᠲᠣᠬᠢᠷᠠᠭᠤᠯᠵᠤ᠂ ᠪᠠᠢᠴᠠᠭᠠᠬᠤ᠂ ᠨᠠᠢᠷᠠᠭᠤᠯᠬᠤ ᠳᠤ ᠳᠥᠭᠦᠮ ᠪᠠᠢᠳᠠᠭ᠃ ᠬᠤᠷᠠᠯ ᠳᠡᠭᠡᠷ᠎ᠡ᠂ ᠪᠡᠭᠡᠵᠢᠩ ᠦᠨ ᠬᠤᠸᠠ ᠢᠦᠢ ᠮᠡᠳᠡᠭᠡ ᠵᠠᠩᠭᠢ ᠮᠡᠷᠭᠡᠵᠢᠯ ᠦᠨ ᠬᠢᠵᠠᠭᠠᠷᠲᠤ ᠺᠣᠮᠫᠠᠨᠢ ᠶᠢᠨ ᠬᠡᠷᠡᠭᠯᠡᠭᠡᠨ ᠦ ᠦᠢᠯᠡᠴᠢᠯᠡᠭᠡ ᠶᠢᠨ ᠢᠨᠵᠢᠨᠧᠷ ᠯᠢ ᠺᠠᠢ ᠶᠤᠸᠠᠨ ᠠᠪᠢᠶ᠎ᠠ ᠢᠯᠭᠠᠨ ᠲᠠᠨᠢᠬᠤ ᠠᠵᠢᠯᠯᠠᠭᠠᠨ ᠤ ᠠᠯᠬᠤᠮ ᠳᠠᠷᠠᠭ᠎ᠠ᠂ ᠬᠡᠷᠡᠭᠯᠡᠬᠦ ᠳᠦᠷᠢᠮᠵᠢᠯ ᠵᠢᠴᠢ ᠬᠡᠷᠡᠭᠯᠡᠬᠦ ᠶᠠᠪᠤᠴᠠ ᠳᠤᠮᠳᠠ ᠲᠤᠯᠭᠠᠷᠠᠵᠤ ᠪᠣᠯᠬᠤ ᠠᠰᠠᠭᠤᠳᠠᠯ ᠵᠢᠴᠢ ᠰᠢᠢᠳᠪᠦᠷᠢᠯᠡᠬᠦ ᠠᠷᠭ᠎ᠠ ᠬᠡᠮᠵᠢᠶ᠎ᠡ ᠵᠢ ᠨᠠᠷᠢᠨ ᠲᠠᠢᠯᠪᠤᠷᠢᠯᠠᠪᠠ᠃
ᠬᠤᠷᠠᠯ ᠳᠡᠭᠡᠷ᠎ᠡ᠂ ᠲᠡᠮᠳᠡᠭᠯᠡᠭᠴᠢ ᠨᠠᠷ ᠣᠳᠣᠬᠠᠨ ᠤ ᠠᠪᠢᠶ᠎ᠠ ᠢᠯᠭᠠᠨ ᠲᠠᠨᠢᠬᠤ ᠰᠢᠰᠲ᠋ᠧᠮ ᠢ ᠬᠡᠷᠡᠭᠯᠡᠬᠦ ᠳᠤᠮᠳᠠ ᠤᠴᠠᠷᠠᠭᠰᠠᠨ ᠠᠰᠠᠭᠤᠳᠠᠯ ᠪᠣᠯᠤᠨ ᠰᠠᠨᠠᠭᠤᠯᠭ᠎ᠠ ᠪᠠᠨ ᠬᠠᠷᠢᠭᠤ ᠮᠡᠳᠡᠭᠦᠯᠦᠯᠲᠡ ᠬᠢᠪᠠ᠃ ᠬᠤᠸᠠ ᠢᠦᠢ ᠺᠣᠮᠫᠠᠨᠢ ᠶᠢᠨ ᠪᠦᠲᠦᠭᠳᠡᠬᠦᠨ ᠦ ᠳᠠᠭᠠᠮᠠᠯ ᠪᠢᠶᠠᠨ ᠼᠸ ᠡᠴᠡ ᠲᠡᠮᠳᠡᠭᠯᠡᠭᠴᠢ ᠨᠠᠷ ᠤᠨ ᠳᠤᠷᠠᠳᠤᠭᠰᠠᠨ ᠮᠠᠳᠠᠭ ᠲᠠᠢ ᠵᠦᠢᠯ ᠢ ᠨᠢᠭᠡ ᠨᠢᠭᠡ ᠪᠡᠷ ᠬᠠᠷᠢᠭᠤᠯᠵᠤ᠂ ᠲᠡᠮᠳᠡᠭᠯᠡᠭᠴᠢ ᠨᠠᠷ ᠤᠨ ᠳᠤᠷᠠᠳᠤᠭᠰᠠᠨ ᠬᠡᠷᠬᠢᠨ ᠳᠤᠬᠠᠢ ᠶᠢᠨ ᠭᠠᠵᠠᠷ ᠤᠨ ᠠᠶᠠᠯᠭᠤ ᠶᠢ ᠢᠯᠭᠠᠨ ᠲᠠᠨᠢᠬᠤ ᠵᠡᠷᠭᠡ ᠠᠰᠠᠭᠤᠯᠲᠠ ᠳᠤ ᠪᠢᠶᠠᠨ ᠼᠸ ᠵᠢᠭᠠᠵᠤ ᠭᠠᠷᠭᠠᠭᠰᠠᠨ ᠨᠢ᠂ ᠠᠪᠢᠶ᠎ᠠ ᠢᠯᠭᠠᠨ ᠲᠠᠨᠢᠬᠤ ᠰᠢᠰᠲ᠋ᠧᠮ ᠥᠪᠡᠷᠲᠡᠭᠡᠨ ᠰᠤᠷᠤᠯᠴᠠᠬᠤ ᠴᠢᠳᠠᠮᠵᠢ ᠲᠠᠢ ᠪᠠᠢᠵᠤ᠂ ᠥᠩᠭᠡᠷᠡᠭᠰᠡᠨ ᠬᠡᠷᠡᠭ ᠦᠨ ᠲᠣᠭ᠎ᠠ ᠪᠠᠷᠢᠮᠲᠠ ᠶᠢ ᠥᠪᠡᠷᠲᠡᠭᠡᠨ ᠰᠤᠷᠤᠯᠴᠠᠵᠤ ᠪᠣᠯᠤᠨ᠎ᠠ᠂ ᠬᠡᠷᠪᠡ ᠨᠤᠲᠤᠭ ᠤᠨ ᠠᠶᠠᠯᠭᠤ ᠵᠠᠷᠤᠭᠰᠠᠨ ᠪᠣᠯ ᠳᠠᠬᠢᠨ ᠳᠠᠪᠲᠠᠨ ᠰᠤᠷᠤᠯᠴᠠᠬᠤ ᠪᠠ ᠳᠠᠭᠤᠷᠢᠶᠠᠨ ᠪᠣᠯᠪᠠᠰᠤᠷᠠᠯ ᠬᠢᠪᠡᠯ ᠢᠯᠭᠠᠨ ᠲᠠᠨᠢᠬᠤ ᠨᠤᠷᠮ᠎ᠠ ᠶᠢ ᠦᠷᠭᠦᠯᠵᠢᠯᠡᠨ ᠳᠡᠭᠡᠭᠰᠢᠯᠡᠭᠦᠯᠵᠦ ᠪᠣᠯᠤᠨ᠎ᠠ᠃ ᠲᠡᠮᠳᠡᠭᠯᠡᠭᠴᠢ ᠨᠠᠷ ᠤᠨ ᠳᠤᠷᠠᠳᠤᠭᠰᠠᠨ ᠬᠠᠯᠠᠨ ᠰᠠᠢᠵᠢᠷᠠᠭᠤᠯᠬᠤ ᠰᠠᠨᠠᠯ ᠪᠠ ᠰᠠᠨᠠᠭᠤᠯᠭ᠎ᠠ ᠵᠢ ᠮᠡᠷᠭᠡᠵᠢᠯ ᠦᠨ ᠠᠵᠢᠯᠲᠠᠨ ᠪᠣᠯᠤᠨ ᠬᠤᠸᠠ ᠢᠦᠢ ᠲᠥᠰᠦᠪ ᠵᠢᠷᠤᠵᠤ ᠲᠥᠯᠦᠪᠯᠡᠬᠦ ᠬᠡᠷᠡᠭᠴᠡᠭᠡᠨ ᠦ ᠪᠠᠭᠰᠢ ᠵᠠᠩ ᠠᠢ ᠮᠢᠨ ᠨᠠᠷᠢᠨ ᠳᠡᠮᠳᠡᠭᠯᠡᠯ ᠬᠢᠪᠡ᠃
ᠬᠠᠷᠢᠭᠤ ᠮᠡᠳᠡᠭᠦᠯᠦᠯᠲᠡ ᠶᠢᠨ ᠬᠤᠷᠠᠯ ᠳᠡᠭᠡᠷ᠎ᠡ᠂ ᠮᠡᠷᠭᠡᠵᠢᠯ ᠦᠨ ᠬᠡᠯᠲᠡᠰ ᠦᠨ ᠬᠠᠷᠢᠭᠤᠴᠠᠯᠭᠠᠲᠠᠨ ᠳ᠋ᠢᠩ ᠸᠸᠢ ᠬᠤᠸᠠ ᠳ᠋ᠦᠩᠨᠡᠯᠲᠡ ᠶᠢᠨ ᠶᠠᠷᠢᠶ᠎ᠠ ᠲᠠᠯᠪᠢᠪᠠ᠂ ᠲᠡᠷᠡ ᠵᠢᠭᠠᠵᠤ ᠭᠠᠷᠭᠠᠭᠰᠠᠨ ᠨᠢ᠂ ᠠᠪᠢᠶ᠎ᠠ ᠢᠯᠭᠠᠨ ᠲᠠᠨᠢᠬᠤ ᠰᠢᠰᠲ᠋ᠧᠮ ᠪᠠᠷᠢᠮᠵᠢᠶ᠎ᠠ ᠬᠡᠯᠡ ᠶᠢ ᠢᠯᠭᠠᠨ ᠲᠠᠨᠢᠬᠤ ᠣᠨᠤᠪᠴᠢ ᠶᠢᠨ ᠨᠤᠷᠮ᠎ᠠ ᠨᠢ 95% ᠡᠴᠡ ᠳᠡᠭᠡᠭᠰᠢ ᠪᠠᠢᠵᠤ᠂ ᠭᠡᠪᠡᠴᠦ ᠨᠤᠲᠤᠭ ᠤᠨ ᠠᠶᠠᠯᠭᠤ ᠪᠣᠯ ᠰᠠᠨᠠᠭ᠎ᠠ ᠠᠮᠤᠷ ᠪᠠᠢᠵᠤ ᠪᠣᠯᠬᠤ ᠦᠭᠡᠢ᠂ ᠬᠦᠰᠡᠬᠦ ᠨᠢ ᠮᠡᠷᠭᠡᠵᠢᠯ ᠦᠨ ᠬᠡᠯᠲᠡᠰ ᠲᠠᠢ ᠬᠠᠮᠲᠤᠷᠠᠨ ᠣᠳᠣᠬᠠᠨ ᠤ ᠨᠤᠲᠤᠭ ᠤᠨ ᠠᠶᠠᠯᠭᠤ ᠶᠢᠨ ᠬᠡᠪ ᠣᠷᠤᠭᠤᠯᠬᠤ ᠠᠵᠢᠯ ᠢ ᠰᠠᠢᠳᠤᠷ ᠬᠢᠵᠦ᠂ ᠠᠪᠢᠶ᠎ᠠ ᠢᠯᠭᠠᠨ ᠲᠠᠨᠢᠬᠤ ᠣᠨᠤᠪᠴᠢ ᠶᠢᠨ ᠨᠤᠷᠮ᠎ᠠ ᠶᠢ ᠳᠡᠭᠡᠭᠰᠢᠯᠡᠭᠦᠯᠵᠦ᠂《ᠣᠶᠤᠨᠲᠤ ᠰᠢᠭᠦᠬᠦ ᠬᠣᠷᠢᠶ᠎ᠠ》 ᠶᠢᠨ ᠪᠦᠲᠦᠭᠡᠨ ᠪᠠᠢᠭᠤᠯᠤᠯᠲᠠ ᠶᠢᠨ ᠠᠬᠢᠴᠡ ᠲᠦᠷᠭᠡᠳᠭᠡᠬᠦ ᠬᠡᠷᠡᠭᠲᠡᠢ᠃
ᠬᠤᠷᠠᠯ ᠤᠨ ᠳᠠᠷᠠᠭ᠎ᠠ᠂ ᠮᠡᠷᠭᠡᠵᠢᠯ ᠦᠨ ᠬᠡᠯᠲᠡᠰ ᠪᠣᠯᠤᠨ ᠬᠤᠸᠠ ᠢᠦᠢ ᠺᠣᠮᠫᠠᠨᠢ ᠠᠪᠢᠶ᠎ᠠ ᠢᠯᠭᠠᠨ ᠲᠠᠨᠢᠬᠤ ᠰᠢᠰᠲ᠋ᠧᠮ ᠤᠨ ᠲᠤᠬᠠᠢ ᠰᠠᠭᠤᠳᠠᠯ ᠤᠨ ᠬᠤᠷᠠᠯ ᠬᠢᠪᠡ᠂ ᠮᠡᠷᠭᠡᠵᠢᠯ ᠦᠨ ᠬᠡᠯᠲᠡᠰ ᠰᠢᠭᠦᠬᠦ ᠬᠣᠷᠢᠶᠠᠨ ᠤ ᠪᠣᠳᠠᠲᠠᠢ ᠱᠠᠭᠠᠷᠳᠠᠯᠭ᠎ᠠ ᠶᠢ ᠦᠨᠳᠦᠰᠦᠯᠡᠵᠦ ᠲᠤᠰ ᠰᠣᠹᠲ ᠣᠳᠣᠬᠠᠨ ᠳᠤ ᠣᠷᠤᠰᠢᠵᠤ ᠪᠠᠢᠭ᠎ᠠ ᠠᠰᠠᠭᠤᠳᠠᠯ ᠵᠢ ᠬᠤᠸᠠ ᠢᠦᠢ ᠺᠣᠮᠫᠠᠨᠢ ᠳᠤ ᠲᠣᠳᠤᠷᠬᠠᠢ ᠱᠠᠭᠠᠷᠳᠠᠯᠭ᠎ᠠ ᠪᠠᠨ ᠳᠤᠷᠠᠳᠴᠤ᠂ ᠠᠪᠢᠶ᠎ᠠ ᠢᠯᠭᠠᠨ ᠲᠠᠨᠢᠬᠤ ᠰᠢᠰᠲ᠋ᠧᠮ ᠢ ᠤᠯᠠᠮ ᠨᠢᠭᠡ ᠠᠯᠬᠤᠮ ᠰᠠᠢᠵᠢᠷᠠᠭᠤᠯᠬᠤ ᠰᠠᠨᠠᠭᠤᠯᠭ᠎ᠠ ᠳᠤᠷᠠᠳᠪᠠ᠃
ᠦᠨᠡᠯᠡᠬᠦ 0ᠦᠨᠡᠯᠡᠯᠲᠡ᠎ᠲᠠᠢ