10 ᠰᠠᠷᠠᠢᠨ 18 ᠤ ᠡᠳᠦᠷ ᠦᠨ ᠦᠳᠡ ᠶᠢᠨ ᠡᠮᠦᠨ᠎ᠡ ᠶᠢᠨ 9 ᠴᠠᠭ ᠲᠤ᠂ ᠣᠷᠳᠤᠰ ᠬᠣᠲᠠ ᠶᠢᠨ ᠠᠷᠠᠳ ᠤᠨ ᠳᠤᠮᠳᠠ ᠵᠡᠷᠭᠡ ᠶᠢᠨ ᠰᠢᠭᠦᠬᠦ ᠬᠣᠷᠢᠶ᠎ᠠ ᠺᠠᠲᠠᠷ ᠴᠠᠭᠳᠠᠭ᠎ᠠ ᠶᠢ ᠵᠣᠬᠢᠶᠠᠨ ᠪᠠᠢᠭᠤᠯᠤᠨ ᠰᠢᠨ᠎ᠡ ᠰᠢᠭᠦᠨ ᠲᠠᠰᠤᠯᠤᠯᠲᠠ ᠶᠢᠨ ᠠᠰᠠᠷ ᠤᠨ ᠳᠥᠷᠪᠡᠳᠦᠭᠡᠷ ᠳᠠᠪᠬᠤᠷ ᠤᠨ ᠸᠢᠳᠢᠣ᠋ ᠬᠤᠷᠠᠯ ᠤᠨ ᠭᠡᠷ ᠲᠤ ᠨᠠᠮ ᠤᠨ ᠠᠷᠪᠠ ᠶᠢᠰᠦᠳᠦᠭᠡᠷ ᠶᠡᠬᠡ ᠬᠤᠷᠠᠯ ᠤᠨ ᠡᠬᠢᠯᠡᠯᠲᠡ ᠶᠢᠨ ᠦᠪᠡᠳᠡᠭᠰᠢ ᠪᠠᠢᠳᠠᠯ ᠢ ᠦᠵᠡᠵᠦ᠂ ᠠᠵᠢᠯ ᠤᠨ ᠰᠢᠯᠲᠠᠭᠠᠨ ᠡᠴᠡ ᠪᠣᠯᠵᠤ ᠬᠤᠷᠠᠯ ᠤᠨ ᠭᠡᠷ ᠲᠤ ᠢᠷᠡᠭᠰᠡᠨ ᠦᠭᠡᠢ ᠺᠠᠲᠠᠷ ᠴᠠᠭᠳᠠᠭ᠎ᠠ ᠺᠣᠮᠫᠢᠦ᠋ᠲ᠋ᠧᠷ᠂ ᠷᠠᠳᠢᠣ᠋ ᠵᠡᠷᠭᠡ ᠬᠡᠯᠪᠡᠷᠢ ᠪᠡᠷ ᠬᠤᠷᠠᠯ ᠤᠨ ᠮᠡᠳᠡᠭᠦᠯᠦᠯᠲᠡ ᠵᠢ ᠦᠵᠡᠵᠦ ᠰᠣᠨᠤᠰᠪᠠ᠃ ᠲᠤᠬᠠᠢ ᠶᠢᠨ ᠲᠠᠯᠠᠪᠤᠷ ᠤᠨ ᠺᠠᠲᠠᠷ ᠴᠠᠭᠳᠠᠭ᠎ᠠ ᠰᠡᠳᠭᠢᠯ ᠲᠠᠯᠪᠢᠨ《ᠰᠢ ᠵᠢᠨ ᠫᠢᠩ ᠶᠡᠷᠦᠩᠬᠡᠢ ᠱᠦᠵᠢ ᠶᠢᠨ ᠡᠪ ᠬᠠᠮᠳᠤ ᠨᠠᠮ ᠤᠨ ᠠᠷᠪᠠ ᠶᠢᠰᠦᠳᠦᠭᠡᠷ ᠤᠳᠠᠭᠠᠨ ᠤ ᠪᠦᠬᠦ ᠤᠯᠤᠰ ᠤᠨ ᠠᠷᠠᠳ ᠤᠨ ᠲᠥᠯᠦᠭᠡᠯᠡᠭᠴᠢᠳ ᠦᠨ ᠶᠡᠬᠡ ᠬᠤᠷᠠᠯ ᠳᠡᠭᠡᠷᠡᠬᠢ ᠮᠡᠳᠡᠭᠦᠯᠦᠯᠲᠡ》 ᠶᠢ ᠰᠣᠨᠤᠰᠴᠤ᠂ ᠲᠡᠮᠳᠡᠭᠯᠡᠯ ᠬᠢᠬᠦ ᠪᠡᠷ ᠳᠠᠮᠵᠢᠵᠤ ᠦᠵᠡᠭᠰᠡᠨ ᠲᠥᠷᠦᠭᠳᠡᠯ ᠢᠶᠠᠨ ᠲᠡᠮᠳᠡᠭᠯᠡᠵᠦ᠂ ᠮᠡᠳᠡᠭᠦᠯᠦᠯᠲᠡ ᠶᠢᠨ ᠤᠭ ᠶᠣᠰᠤ ᠶᠢ ᠣᠢᠯᠭᠠᠵᠤ᠂ ᠶᠡᠬᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠪᠠ᠃
ᠬᠤᠷᠠᠯ ᠤᠨ ᠳᠠᠷᠠᠭ᠎ᠠ᠂ ᠥᠷᠭᠡᠨ ᠤᠯᠠᠨ ᠺᠠᠲᠠᠷ ᠴᠠᠭᠳᠠᠭ᠎ᠠ ᠪᠦᠷ ᠡᠷᠬᠡᠪᠰᠢ ᠠᠷᠪᠠ ᠶᠢᠰᠦᠳᠦᠭᠡᠷ ᠶᠡᠬᠡ ᠬᠤᠷᠠᠯ ᠤᠨ ᠮᠡᠳᠡᠭᠦᠯᠦᠯᠲᠡ ᠶᠢ ᠣᠳᠣᠬᠠᠨ ᠤ ᠴᠢᠬᠤᠯᠠ ᠤᠯᠤᠰ ᠲᠥᠷᠦ ᠶᠢᠨ ᠰᠤᠷᠤᠯᠴᠠᠯᠭ᠎ᠠ ᠶᠢᠨ ᠡᠭᠦᠷᠭᠡ ᠪᠣᠯᠭᠠᠨ᠎ᠠ ᠭᠡᠵᠦ ᠢᠯᠡᠷᠬᠡᠢᠯᠡᠪᠡ᠂ ᠠᠷᠪᠠ ᠶᠢᠰᠦᠳᠦᠭᠡᠷ ᠶᠡᠬᠡ ᠬᠤᠷᠠᠯ ᠤᠨ ᠮᠡᠳᠡᠭᠦᠯᠦᠯᠲᠡ ᠶᠢᠨ ᠭᠣᠣᠯ ᠰᠠᠨᠠᠭ᠎ᠠ ᠶᠢ ᠭᠦᠨᠵᠡᠭᠡᠢ ᠣᠢᠯᠭᠠᠵᠤ᠂ ᠰᠢᠭᠦᠬᠦ ᠬᠣᠷᠢᠶᠠᠨ ᠤ ᠪᠤᠳᠠᠳᠠᠢ ᠠᠵᠢᠯ ᠲᠠᠢ ᠤᠶᠠᠯᠳᠤᠭᠤᠯᠵᠤ ᠨᠡᠩ ᠵᠣᠷᠢᠭ ᠪᠠᠳᠠᠷᠠᠩᠭᠤᠢ ᠵᠣᠷᠢᠭ ᠰᠠᠨᠠᠭ᠎ᠠ ᠪᠡᠷ᠂ ᠲᠤᠤᠱᠠᠲᠠᠢ ᠭᠦᠢᠴᠡᠳᠬᠡᠬᠦ ᠣᠪᠤᠷ ᠢᠶᠠᠷ᠂ ᠨᠡᠩ ᠦᠨᠡᠨ ᠢ ᠪᠠᠷᠢᠮᠲᠠᠯᠠᠬᠤ ᠠᠵᠢᠯ ᠤᠨ ᠰᠤᠷᠳᠠᠯ ᠢᠶᠠᠷ ᠰᠢᠭᠦᠨ ᠲᠠᠰᠤᠯᠬᠤ ᠭᠦᠢᠴᠡᠳᠬᠡᠬᠦ ᠠᠵᠢᠯ ᠤᠨ ᠡᠷᠴᠢ ᠵᠢ ᠴᠢᠩᠭᠠᠳᠭᠠᠵᠤ᠂ ᠬᠠᠤᠯᠢ ᠶᠣᠰᠣᠭᠠᠷ ᠲᠥᠪ ᠭᠣᠣᠯᠴᠢ ᠥᠨᠳᠦᠷ ᠪᠦᠲᠦᠮᠵᠢ ᠲᠠᠢ ᠪᠡᠷ ᠡᠯ᠎ᠡ ᠲᠥᠷᠦᠯ ᠦᠨ ᠬᠡᠷᠡᠭ ᠢ ᠰᠢᠭᠦᠨ ᠲᠠᠰᠤᠯᠵᠤ᠂ ᠠᠷᠠᠳ ᠲᠦᠮᠡᠨ ᠬᠠᠤᠯᠢ ᠴᠠᠭᠠᠵᠠ ᠶᠢᠨ ᠬᠡᠷᠡᠭ ᠪᠦᠷᠢ ᠳᠤ ᠡᠷᠬᠡ ᠲᠡᠭᠰᠢ ᠲᠥᠪ ᠭᠣᠣᠯᠴᠢ ᠶᠢ ᠣᠢᠯᠠᠭᠠᠭᠤᠯᠬᠤ ᠪᠡᠷ ᠴᠢᠷᠮᠠᠢᠵᠤ᠂ ᠣᠷᠳᠤᠰ ᠢ ᠡᠬᠡ ᠤᠯᠤᠰ ᠤᠨ ᠬᠣᠢᠲᠤ ᠬᠢᠵᠠᠭᠠᠷ ᠤᠨ ᠦᠵᠡᠰᠭᠦᠯᠡᠩᠲᠦ ᠦᠵᠡᠮᠵᠢ ᠳᠡᠬᠢ ᠭᠡᠷᠡᠯᠲᠦ ᠰᠤᠪᠤᠳ ᠪᠣᠯᠭᠠᠨ ᠪᠦᠲᠦᠭᠡᠨ ᠪᠠᠢᠭᠤᠯᠬᠤ ᠳᠤ ᠨᠡᠩ ᠶᠡᠬᠡ ᠬᠦᠴᠦᠲᠡᠢ ᠠᠢ ᠬᠠᠤᠯᠢ ᠴᠠᠭᠠᠵᠠ ᠶᠢᠨ ᠪᠠᠲᠤᠯᠠᠭ᠎ᠠ ᠬᠠᠩᠭᠠᠨ᠎ᠠ᠃
ᠦᠨᠡᠯᠡᠬᠦ 0ᠦᠨᠡᠯᠡᠯᠲᠡ᠎ᠲᠠᠢ