ᠨᠠᠮ ᠤᠨ ᠪᠦᠲᠦᠭᠡᠨ ᠪᠠᠢᠭᠤᠯᠤᠯᠲᠠ ᠶᠢᠨ ᠠᠵᠢᠯ ᠤᠨ ᠠᠯᠬᠤᠮ ᠳᠠᠷᠠᠭ᠎ᠠ ᠶᠢ ᠤᠯᠠᠮ ᠨᠢᠭᠡ ᠠᠯᠬᠤᠮ ᠳᠦᠷᠢᠮᠵᠢᠭᠦᠯᠵᠦ᠂ ᠡᠯ᠎ᠡ ᠨᠠᠮ ᠤᠨ ᠡᠭᠦᠷ ᠦᠨ ᠭᠡᠰᠢᠭᠦᠨ ᠨᠠᠮ ᠤᠨ ᠶᠠᠪᠤᠳᠠᠯ ᠤᠨ ᠴᠢᠳᠠᠪᠤᠷᠢ ᠶᠢ ᠴᠢᠩᠭᠠᠳᠭᠠᠵᠤ᠂ ᠪᠠᠢᠭᠤᠯᠤᠯᠭ᠎ᠠ ᠶᠢᠨ ᠨᠠᠮ ᠤᠨ ᠪᠦᠲᠦᠭᠡᠨ ᠪᠠᠢᠭᠤᠯᠤᠯᠲᠠ ᠶᠢᠨ ᠠᠵᠢᠯ ᠢ ᠨᠡᠩ ᠰᠠᠢᠲᠤᠷ ᠬᠢᠬᠦ ᠶᠢᠨ ᠲᠥᠯᠦᠭᠡ᠂ ᠣᠷᠳᠤᠰ ᠬᠣᠲᠠ ᠶᠢᠨ ᠳᠤᠮᠳᠠ ᠵᠡᠷᠭᠡ ᠶᠢᠨ ᠰᠢᠭᠦᠬᠦ ᠬᠣᠷᠢᠶ᠎ᠠ 10 ᠰᠠᠷᠠᠢᠨ 17 ᠤ ᠡᠳᠦᠷ ᠣᠷᠳᠤᠰ ᠬᠣᠲᠠ ᠶᠢᠨ ᠳᠤᠮᠳᠠ ᠵᠡᠷᠭᠡ ᠶᠢᠨ ᠰᠢᠭᠦᠬᠦ ᠬᠣᠷᠢᠶ᠎ᠠ ᠦᠨᠳᠦᠰᠦᠨ ᠱᠠᠳᠤᠨ ᠤ ᠨᠠᠮ ᠤᠨ ᠡᠭᠦᠷ ᠦᠨ ᠭᠡᠰᠢᠭᠦᠨ ᠨᠠᠮ ᠤᠨ ᠪᠦᠲᠦᠭᠡᠨ ᠪᠠᠢᠭᠤᠯᠤᠯᠲᠠ ᠶᠢᠨ ᠰᠤᠷᠤᠯᠴᠠᠯᠭ᠎ᠠ ᠶᠢᠨ ᠪᠣᠯᠪᠠᠰᠤᠷᠠᠯ ᠤᠨ ᠠᠩᠭᠢ ᠡᠷᠬᠢᠯᠡᠪᠡ᠃ ᠣᠷᠳᠤᠰ ᠬᠣᠲᠠ ᠶᠢᠨ ᠳᠤᠮᠳᠠ ᠵᠡᠷᠭᠡ ᠶᠢᠨ ᠰᠢᠭᠦᠬᠦ ᠬᠣᠷᠢᠶᠠᠨ ᠤ 11 ᠨᠠᠮ ᠤᠨ ᠡᠭᠦᠷ ᠦᠨ 57 ᠨᠡᠷᠡᠰ ᠭᠡᠰᠢᠭᠦᠨ ᠪᠣᠯᠪᠠᠰᠤᠷᠠᠯ ᠳᠤ ᠣᠷᠤᠯᠴᠠᠵᠤ᠂ ᠠᠢ ᠹᠸᠢ ᠳᠡᠳ᠋ ᠬᠣᠷᠢᠶᠠᠨ ᠳᠠᠷᠤᠭ᠎ᠠ ᠠᠩᠭᠢ ᠡᠬᠢᠯᠡᠬᠦ ᠶᠣᠰᠣᠯᠠᠯ ᠳᠤ ᠣᠷᠤᠯᠴᠠᠭᠰᠠᠨ ᠮᠥᠷᠲᠡᠭᠡᠨ ᠳᠠᠢᠴᠢᠯᠠᠯᠲᠠ ᠶᠢᠨ ᠶᠠᠷᠢᠶ᠎ᠠ ᠲᠠᠯᠪᠢᠵᠤ᠂ ᠪᠠᠢᠭᠤᠯᠤᠯᠭ᠎ᠠ ᠶᠢᠨ ᠨᠠᠮ ᠤᠨ ᠬᠣᠷᠢᠶᠠᠨ ᠤ ᠬᠠᠷᠢᠭᠤᠴᠠᠯᠭᠠᠲᠠᠨ ᠭᠤᠤ ᠹᠸᠩ ᠾᠸᠥ ᠲᠤᠰ ᠤᠳᠠᠭᠠᠨ ᠤ ᠪᠣᠯᠪᠠᠰᠤᠷᠠᠯ ᠢ ᠡᠷᠬᠢᠯᠡᠪᠡ᠃
ᠠᠩᠭᠢ ᠡᠬᠢᠯᠡᠬᠦ ᠶᠣᠰᠣᠯᠠᠯ ᠳᠡᠭᠡᠷ᠎ᠡ ᠠᠢ ᠹᠸᠢ ᠳᠡᠳ᠋ ᠬᠣᠷᠢᠶᠠᠨ ᠳᠠᠷᠤᠭ᠎ᠠ ᠵᠢᠭᠠᠵᠤ ᠭᠠᠷᠭᠠᠭᠰᠠᠨ ᠨᠢ᠂ ᠨᠠᠮ ᠤᠨ ᠪᠦᠲᠦᠭᠡᠨ ᠪᠠᠢᠭᠤᠯᠤᠯᠲᠠ ᠶᠢᠨ ᠠᠵᠢᠯ ᠢ ᠰᠠᠢᠨ ᠬᠢᠬᠦ ᠨᠢ ᠪᠤᠰᠤᠳ ᠠᠯᠢᠪᠠ ᠠᠵᠢᠯ ᠢ ᠰᠠᠢᠨ ᠬᠢᠬᠦ ᠶᠢᠨ ᠰᠠᠭᠤᠷᠢ᠂ ᠪᠦᠬᠦ ᠨᠠᠮ ᠤᠨ ᠶᠠᠪᠤᠳᠠᠯ ᠤᠨ ᠠᠵᠢᠯᠲᠠᠨ ᠲᠤᠰ ᠤᠳᠠᠭᠠᠨ ᠤ ᠨᠠᠮ ᠤᠨ ᠡᠭᠦᠷ ᠦᠨ ᠭᠡᠰᠢᠭᠦᠨ ᠦ ᠪᠣᠯᠪᠠᠰᠤᠷᠠᠯ ᠤᠨ ᠴᠢᠬᠤᠯᠠ ᠴᠢᠨᠠᠷ ᠢ ᠬᠦᠨᠵᠡᠭᠡᠢ ᠣᠢᠯᠭᠠᠬᠤ ᠬᠡᠷᠡᠭᠲᠡᠢ᠂ ᠨᠠᠮ ᠤᠨ ᠡᠭᠦᠷ ᠦᠨ ᠡᠩᠨᠡᠭᠡᠨ ᠦ ᠶᠡᠷᠦᠩᠬᠡᠢᠯᠡᠭᠰᠡᠨ ᠴᠢᠳᠠᠪᠤᠷᠢ ᠪᠣᠯᠤᠨ ᠶᠡᠷᠦᠩᠬᠡᠢ ᠴᠣᠭᠴᠠ ᠶᠢᠨ ᠠᠵᠢᠯ ᠤᠨ ᠬᠢᠷᠢ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠨᠠᠮ ᠤᠨ ᠪᠦᠲᠦᠭᠡᠨ ᠪᠠᠢᠭᠤᠯᠤᠯᠲᠠ ᠶᠢᠨ ᠠᠵᠢᠯ ᠤᠨ ᠬᠠᠯᠠᠭᠤᠨ ᠰᠡᠳᠭᠢᠯ ᠢ ᠬᠥᠭᠵᠢᠭᠡᠨ᠎ᠡ᠃ ᠲᠡᠷᠡ ᠴᠢᠩᠭᠠᠳᠭᠠᠭᠰᠠᠨ ᠨᠢ᠂ ᠪᠦᠬᠦ ᠨᠠᠮ ᠤᠨ ᠶᠠᠪᠤᠳᠠᠯ ᠤᠨ ᠠᠵᠢᠯᠲᠠᠨ ᠲᠤᠰ ᠤᠳᠠᠭᠠᠨ ᠤ ᠪᠣᠯᠪᠠᠰᠤᠷᠠᠯ ᠢ ᠨᠠᠨᠳᠢᠩᠨᠠᠵᠤ᠂ ᠪᠣᠯᠪᠠᠰᠤᠷᠠᠯ ᠤᠨ ᠡᠯ᠎ᠡ ᠰᠠᠬᠢᠯᠭ᠎ᠠ ᠪᠠ ᠲᠣᠭᠲᠠᠭᠠᠯ ᠢ ᠴᠢᠩᠭ᠎ᠠ ᠪᠠᠷᠢᠮᠲᠠᠯᠠᠵᠤ᠂ ᠪᠣᠯᠪᠠᠰᠤᠷᠠᠯ ᠤᠨ ᠡᠯ᠎ᠡ ᠡᠭᠦᠷᠭᠡ ᠶᠢ ᠰᠠᠢᠲᠤᠷ ᠪᠡᠶᠡᠯᠡᠭᠦᠯᠬᠦ ᠬᠡᠷᠡᠭᠲᠡᠢ᠃
ᠲᠤᠰ ᠤᠳᠠᠭᠠᠨ ᠤ ᠪᠣᠯᠪᠠᠰᠤᠷᠠᠯ ᠨᠢ ᠭᠣᠣᠯᠳᠠᠭᠤ ᠨᠠᠮ ᠤᠨ ᠶᠠᠪᠤᠳᠠᠯ ᠤᠨ ᠠᠵᠢᠯ ᠤᠨ ᠬᠠᠮᠢᠶ᠎ᠠ ᠪᠦᠬᠦᠢ ᠣᠨᠤᠯ ᠶᠠᠷᠢᠬᠤ ᠪᠡᠷ ᠭᠣᠣᠯ ᠪᠤᠯᠬᠠᠵᠤ᠂ ᠬᠣᠲᠠ ᠶᠢᠨ ᠰᠢᠭᠤᠳ ᠬᠠᠷᠢᠶ᠎ᠠ ᠪᠠᠢᠭᠤᠯᠭ᠎ᠠ ᠠᠵᠢᠯᠯᠠᠬᠤ ᠬᠣᠷᠢᠶᠠᠨ ᠤ ᠨᠠᠮ ᠤᠨ ᠪᠦᠲᠦᠭᠡᠨ ᠪᠠᠢᠭᠤᠯᠤᠯᠲᠠ ᠶᠢᠨ ᠲᠠᠰᠤᠭ ᠤᠨ ᠵᠠᠩ ᠴᠦᠨ ᠮᠸᠢ ᠡᠷᠬᠢᠯᠡᠭᠴᠢ ᠨᠠᠮ ᠤᠨ ᠭᠡᠰᠢᠭᠦᠨ ᠦ ᠠᠵᠢᠯ ᠤᠨ ᠠᠯᠬᠤᠮ ᠳᠠᠷᠠᠭ᠎ᠠ ᠶᠢᠨ ᠬᠥᠭᠵᠢᠯᠲᠡ ᠶᠢᠨ ᠲᠤᠬᠠᠢ ᠬᠠᠮᠢᠶ᠎ᠠ ᠪᠦᠬᠦᠢ ᠣᠨᠤᠯ ᠤᠨ ᠬᠢᠴᠢᠶᠡᠯ ᠣᠷᠤᠵᠤ᠂ ᠬᠣᠲᠠ ᠶᠢᠨ ᠰᠢᠭᠤᠳ ᠬᠠᠷᠢᠶ᠎ᠠ ᠪᠠᠢᠭᠤᠯᠭ᠎ᠠ ᠠᠵᠢᠯᠯᠠᠬᠤ ᠬᠣᠷᠢᠶᠠᠨ ᠤ ᠵᠣᠬᠢᠶᠠᠨ ᠪᠠᠢᠭᠤᠯᠤᠯᠲᠠ ᠶᠢᠨ ᠬᠡᠯᠲᠡᠰ ᠦᠨ ᠳᠠᠷᠤᠭ᠎ᠠ ᠯᠢᠦ ᠶᠦᠩ ᠯᠢᠨ ᠪᠣᠳᠠᠲᠠᠢ ᠲᠠᠢ ᠤᠶᠠᠯᠳᠤᠭᠤᠯᠵᠤ《ᠭᠤᠷᠪᠠᠨ ᠬᠤᠷᠠᠯ ᠨᠢᠭᠡ ᠬᠢᠴᠢᠶᠡᠯ》 ᠤᠨ ᠳᠦᠷᠢᠮ ᠢ ᠨᠠᠢᠳᠠᠪᠤᠷᠢᠵᠢᠭᠤᠯᠬᠤ ᠵᠢᠴᠢ ᠨᠠᠮ ᠤᠨ ᠶᠠᠪᠤᠳᠠᠯ ᠤᠨ ᠠᠵᠢᠯ ᠤᠨ ᠰᠠᠢᠨ ᠬᠢᠬᠦ ᠲᠤᠬᠠᠢ ᠬᠢᠴᠢᠶᠡᠯ ᠣᠷᠤᠪᠠ᠃
ᠲᠤᠰ ᠤᠳᠠᠭᠠᠨ ᠤ ᠪᠣᠯᠪᠠᠰᠤᠷᠠᠯ ᠢᠶᠠᠷ ᠳᠠᠮᠵᠢᠵᠤ ᠡᠯ᠎ᠡ ᠨᠠᠮ ᠤᠨ ᠡᠭᠦᠷ ᠦᠨ ᠭᠡᠰᠢᠭᠦᠨ ᠨᠠᠮ ᠤᠨ ᠶᠠᠪᠤᠳᠠᠯ ᠤᠨ ᠠᠵᠢᠯ ᠤᠨ ᠴᠢᠬᠤᠯᠠ ᠴᠢᠨᠠᠷ ᠢ ᠤᠯᠠᠮ ᠨᠢᠭᠡ ᠠᠯᠬᠤᠮ ᠪᠠᠳᠤᠲᠠᠢ ᠪᠤᠯᠬᠠᠵᠤ᠂ ᠨᠠᠮ ᠤᠨ ᠪᠦᠲᠦᠭᠡᠨ ᠪᠠᠢᠭᠤᠯᠤᠯᠲᠠ ᠶᠢᠨ ᠮᠡᠳᠡᠯᠭᠡ ᠪᠠᠨ ᠡᠯᠪᠡᠭᠵᠢᠭᠦᠯᠵᠦ᠂ ᠦᠨᠳᠦᠰᠦᠨ ᠱᠠᠳᠤᠨ ᠤ ᠨᠠᠮ ᠤᠨ ᠪᠦᠲᠦᠭᠡᠨ ᠪᠠᠢᠭᠤᠯᠤᠯᠲᠠ ᠶᠢᠨ ᠠᠵᠢᠯ ᠢ ᠰᠠᠢᠨ ᠬᠢᠬᠦ ᠬᠠᠷᠢᠭᠤᠴᠠᠯᠭ᠎ᠠ ᠶᠢᠨ ᠰᠡᠳᠭᠢᠯᠭᠡ ᠪᠣᠯᠤᠨ ᠡᠭᠦᠷᠭᠡᠲᠦ ᠰᠡᠳᠭᠢᠯᠭᠡ ᠵᠢ ᠴᠢᠩᠭᠠᠳᠭᠠᠨ᠎ᠠ᠂ ᠬᠣᠵᠢᠮ ᠤᠨ ᠣᠷᠳᠤᠰ ᠬᠣᠲᠠ ᠶᠢᠨ ᠠᠷᠠᠳ ᠤᠨ ᠳᠤᠮᠳᠠ ᠵᠡᠷᠭᠡ ᠶᠢᠨ ᠰᠢᠭᠦᠬᠦ ᠬᠣᠷᠢᠶᠠᠨ ᠤ ᠨᠠᠮ ᠤᠨ ᠶᠠᠪᠤᠳᠠᠯ ᠤᠨ ᠠᠵᠢᠯ ᠠᠯᠬᠤᠮ ᠳᠠᠷᠠᠭ᠎ᠠ ᠲᠠᠢ ᠶᠠᠪᠤᠭᠳᠠᠬᠤ ᠳᠤ ᠰᠠᠭᠤᠷᠢ ᠲᠠᠯᠪᠢᠵᠤ ᠥᠭᠪᠡ᠃
ᠦᠨᠡᠯᠡᠬᠦ 0ᠦᠨᠡᠯᠡᠯᠲᠡ ᠲᠠᠢ