9 ᠰᠠᠷᠠᠢᠨ 20 ᠤ ᠡᠳᠦᠷ ᠡᠴᠡ 21 ᠪᠣᠯᠲᠠᠯ᠎ᠠ᠂ ᠣᠷᠳᠤᠰ ᠬᠣᠲᠠ ᠶᠢᠨ ᠳᠤᠮᠳᠠ ᠵᠡᠷᠭᠡ ᠶᠢᠨ ᠰᠢᠭᠦᠬᠦ ᠬᠣᠷᠢᠶᠠᠨ ᠤ ᠭᠦᠢᠴᠡᠳᠬᠡᠬᠦ ᠠᠩᠬᠢ ᠶᠢᠨ ᠬᠣᠶᠠᠳᠤᠭᠠᠷ ᠵᠥᠪᠳᠡᠯᠴᠡᠬᠦ ᠲᠢᠩᠬᠢᠮ ᠦᠨ ᠰᠢᠭᠦᠨ ᠲᠠᠰᠤᠯᠬᠤ ᠳᠠᠷᠤᠭ᠎ᠠ ᠪᠤᠤ ᠵᠢᠩ ᠴᠢᠶᠦᠸᠠᠨ᠂ ᠭᠦᠢᠴᠡᠳᠬᠡᠬᠦ ᠲᠠᠰᠤᠯᠤᠨ ᠲᠣᠭᠲᠠᠭᠠᠬᠤ ᠵᠥᠪᠳᠡᠯᠴᠡᠬᠦ ᠲᠢᠩᠬᠢᠮ ᠤᠨ ᠰᠢᠭᠦᠨ ᠲᠠᠰᠤᠯᠬᠤ ᠳᠠᠷᠤᠭ᠎ᠠ ᠳ᠋ᠦ᠋ ᠪᠦᠸᠧ᠂ ᠭᠦᠢᠴᠡᠳᠬᠡᠬᠦ ᠶᠢ ᠬᠡᠷᠡᠭᠵᠢᠭᠦᠯᠬᠦ ᠬᠣᠶᠠᠳᠤᠭᠠᠷ ᠵᠥᠪᠳᠡᠯᠴᠡᠬᠦ ᠲᠢᠩᠬᠢᠮ ᠤᠨ ᠰᠢᠭᠦᠨ ᠲᠠᠰᠤᠯᠤᠭᠴᠢ ᠶᠠᠩ ᠫᠢᠩ᠂ ᠰᠢᠭᠦᠭᠴᠢ ᠶᠢᠨ ᠬᠠᠪᠰᠤᠷᠤᠭᠴᠢ ᠯᠢᠦ ᠡᠯ ᠴᠢ ᠵᠡᠷᠭᠡ ᠬᠥᠮᠦᠰ ᠴᠦᠩᠴᠢᠩ ᠳᠤ ᠬᠦᠷᠴᠦ ᠬᠡᠷᠡᠭ ᠰᠢᠢᠳᠪᠦᠷᠢᠯᠡᠵᠦ᠂ ᠳᠠᠷᠠᠭ᠎ᠠ ᠨᠢ ᠴᠦᠩᠴᠢᠩ ᠬᠣᠲᠠ ᠶᠢᠨ ᠳᠥᠷᠪᠡᠳᠦᠭᠡᠷ ᠠᠷᠠᠳ ᠤᠨ ᠳᠤᠮᠳᠠ ᠵᠡᠷᠭᠡ ᠶᠢᠨ ᠰᠢᠭᠦᠬᠦ ᠬᠣᠷᠢᠶᠠᠨ ᠳᠤ ᠲᠤᠰᠭᠠᠢᠯᠠᠨ ᠬᠦᠷᠴᠦ᠂ ᠭᠦᠢᠴᠡᠳᠬᠡᠬᠦ ᠳᠤ ᠬᠦᠴᠢᠷ ᠪᠠᠢᠬᠤ ᠠᠵᠢᠯ ᠤᠨ ᠪᠠᠢᠳᠠᠯ ᠤᠨ ᠲᠤᠬᠠᠢ ᠰᠤᠷᠤᠯᠴᠠᠨ ᠰᠣᠯᠢᠴᠠᠭᠠ ᠬᠢᠪᠡ᠃ ᠴᠦᠩᠴᠢᠩ ᠬᠣᠲᠠ ᠶᠢᠨ ᠳᠥᠷᠪᠡᠳᠦᠭᠡᠷ ᠠᠷᠠᠳ ᠤᠨ ᠳᠤᠮᠳᠠ ᠵᠡᠷᠭᠡ ᠶᠢᠨ ᠰᠢᠭᠦᠬᠦ ᠬᠣᠷᠢᠶᠠᠨ ᠤ ᠨᠠᠮ ᠤᠨ ᠤᠳᠤᠷᠢᠳᠬᠤ ᠳᠤᠭᠤᠢᠯᠠᠩ ᠤᠨ ᠱᠦᠵᠢ᠂ ᠬᠣᠷᠢᠶᠠᠨ ᠳᠠᠷᠤᠭ᠎ᠠ ᠰᠦᠨ ᠬᠠᠢ ᠯᠦᠩ ᠰᠠᠭᠤᠳᠠᠯ ᠤᠨ ᠬᠤᠷᠠᠯ ᠳᠤ ᠣᠷᠤᠯᠴᠠᠭᠰᠠᠨ ᠪᠥᠭᠡᠳ ᠬᠤᠷᠠᠯ ᠢ ᠡᠷᠬᠢᠯᠡᠵᠦ᠂ ᠨᠠᠮ ᠤᠨ ᠤᠳᠤᠷᠢᠳᠬᠤ ᠳᠤᠭᠤᠢᠯᠠᠩ ᠤᠨ ᠭᠡᠰᠢᠭᠦᠨ᠂ ᠭᠦᠢᠴᠡᠳᠬᠡᠬᠦ ᠲᠣᠪᠴᠢᠶᠠᠨ ᠤ ᠲᠣᠪᠴᠢᠶᠠᠨ ᠳᠠᠷᠤᠭ᠎ᠠ ᠵᠸᠥ ᠾᠥᠩ ᠬᠠᠮᠲᠤ ᠪᠠᠢᠴᠠᠭᠠᠯᠲᠠ ᠬᠢᠪᠡ᠃
ᠴᠦᠩᠴᠢᠩ ᠬᠣᠲᠠ ᠶᠢᠨ ᠳᠥᠷᠪᠡᠳᠦᠭᠡᠷ ᠠᠷᠠᠳ ᠤᠨ ᠳᠤᠮᠳᠠ ᠵᠡᠷᠭᠡ ᠶᠢᠨ ᠰᠢᠭᠦᠬᠦ ᠬᠣᠷᠢᠶ᠎ᠠ ᠪᠣᠯ ᠪᠦᠬᠦ ᠤᠯᠤᠰ ᠤᠨ ᠬᠠᠤᠯᠢ ᠴᠠᠭᠠᠵᠠ ᠶᠢᠨ ᠥᠭᠡᠷᠡᠴᠢᠯᠡᠯᠲᠡ ᠶᠢᠨ ᠠᠩᠬᠠᠨ ᠤ ᠠᠷᠪᠠᠨ ᠬᠤᠶᠠᠷ ᠲᠤᠷᠰᠢᠯᠲᠠ ᠶᠢᠨ ᠴᠡᠭ ᠰᠢᠭᠦᠬᠦ ᠬᠣᠷᠢᠶᠠᠨ ᠤ ᠨᠢᠭᠡ ᠨᠢ ᠪᠣᠯᠤᠨ᠎ᠠ᠂ ᠭᠦᠢᠴᠡᠳᠬᠡᠬᠦ ᠠᠵᠢᠯ ᠤᠨ ᠳᠤᠮᠳᠠ ᠮᠠᠰᠢ ᠤᠯᠠᠨ ᠰᠢᠨᠵᠢᠯᠡᠬᠦ ᠤᠬᠠᠭᠠᠨᠴᠢ ᠠᠷᠭ᠎ᠠ ᠪᠠᠷᠢᠯ ᠪᠠ ᠲᠤᠷᠰᠢᠯᠭ᠎ᠠ ᠬᠤᠷᠠᠮᠳᠠᠭᠤᠯᠤᠭᠰᠠᠨ ᠶᠤᠮ᠃ ᠰᠤᠷᠤᠯᠴᠠᠨ ᠰᠣᠯᠢᠯᠴᠠᠭᠠᠨ ᠤ ᠬᠤᠷᠠᠯ ᠳᠡᠭᠡᠷ᠎ᠡ᠂ ᠬᠤᠶᠠᠷ ᠲᠠᠯ᠎ᠠ ᠪᠡᠷ ᠡᠷᠡᠭᠦᠦ ᠶᠢᠨ ᠬᠡᠷᠡᠭ ᠦᠨ ᠰᠢᠭᠦᠨ ᠲᠠᠰᠤᠯᠤᠯᠲᠠ ᠶᠢᠨ ᠡᠳ᠋ ᠬᠥᠷᠦᠩᠭᠡ ᠳᠤ ᠬᠣᠯᠪᠤᠭᠳᠠᠭᠰᠠᠨ ᠭᠦᠢᠴᠡᠳᠭᠡᠯ᠂ ᠣᠨᠳᠣᠣ ᠰᠠᠨᠠᠯ ᠳᠠᠬᠢᠨ ᠶᠠᠷᠢᠯᠴᠠᠬᠤ ᠬᠡᠷᠡᠭ ᠦᠨ ᠰᠢᠭᠦᠨ ᠲᠠᠰᠤᠯᠤᠯᠲᠠ ᠶᠢ ᠭᠦᠢᠴᠡᠳᠬᠡᠬᠦ ᠵᠡᠷᠭᠡ ᠰᠠᠭᠤᠳᠠᠯ ᠢ ᠭᠣᠣᠯᠳᠠᠯᠭ᠎ᠠ ᠲᠠᠢ ᠰᠠᠨᠠᠯ ᠰᠣᠯᠢᠯᠴᠠᠪᠠ᠃ ᠰᠦᠨ ᠬᠠᠢ ᠯᠦᠩ ᠬᠣᠷᠢᠶᠠᠨ ᠳᠠᠷᠤᠭ᠎ᠠ᠂ ᠵᠸᠥ ᠾᠥᠩ ᠲᠣᠪᠴᠢᠶᠠᠨ ᠳᠠᠷᠤᠭ᠎ᠠ ᠤᠯᠠᠨ ᠪᠤᠲᠠᠳᠠᠢ ᠲᠠᠢ ᠨᠡᠢᠴᠡᠬᠦ ᠮᠥᠷᠲᠡᠭᠡᠨ ᠥᠪᠡᠷᠮᠢᠴᠡ ᠦᠵᠡᠯᠲᠡ ᠳᠤᠷᠠᠳᠴᠤ ᠮᠠᠨ ᠤ ᠬᠣᠷᠢᠶᠠᠨ ᠳᠤ ᠯᠠᠪᠯᠠᠯᠲᠠ ᠥᠭᠪᠡ᠃ ᠰᠦᠨ ᠬᠠᠢ ᠯᠦᠩ ᠬᠣᠷᠢᠶᠠᠨ ᠳᠠᠷᠤᠭ᠎ᠠ ᠵᠢᠭᠠᠵᠤ ᠭᠠᠷᠭᠠᠭᠰᠠᠨ ᠨᠢ᠂ ᠡᠷᠡᠭᠦᠦ ᠶᠢᠨ ᠬᠡᠷᠡᠭ ᠳᠤ ᠬᠣᠯᠪᠤᠭᠳᠠᠭᠰᠠᠨ ᠡᠳ᠋ ᠬᠥᠷᠦᠩᠭᠡ ᠵᠢ ᠰᠢᠢᠳᠪᠦᠷᠢᠯᠡᠬᠦ ᠳᠤ ᠨᠠᠮ ᠤᠨ ᠬᠣᠷᠢᠶᠠᠨ ᠤ ᠤᠯᠤᠰ ᠲᠥᠷᠦ ᠬᠠᠤᠯᠢ ᠴᠠᠭᠠᠵᠠ ᠶᠢᠨ ᠬᠣᠷᠢᠶ᠎ᠠ᠂ ᠵᠠᠰᠠᠭ ᠤᠨ ᠣᠷᠳᠤᠨ ᠲᠥᠷᠦᠭᠦᠯᠦᠨ ᠵᠣᠬᠢᠶᠠᠨ ᠪᠠᠢᠭᠤᠯᠵᠤ ᠨᠠᠢᠳᠠᠪᠤᠷᠢᠵᠢᠭᠤᠯᠬᠤ ᠪᠣᠯ ᠡᠯ᠎ᠡ ᠭᠠᠵᠠᠷ ᠤᠨ ᠰᠢᠭᠦᠬᠦ ᠬᠣᠷᠢᠶᠠᠨ ᠤ ᠬᠠᠮᠲᠤ ᠶᠢᠨ ᠲᠠᠨᠢᠯᠲᠠ ᠪᠠ ᠬᠥᠭᠵᠢᠯᠲᠡ ᠶᠢᠨ ᠴᠢᠭᠯᠡᠯ ᠪᠠᠢᠵᠤ᠂ ᠭᠠᠭᠴᠠ ᠰᠢᠭᠦᠬᠦ ᠬᠣᠷᠢᠶ᠎ᠠ ᠰᠢᠢᠳᠪᠦᠷᠢᠯᠡᠬᠦ ᠮᠥᠷᠲᠡᠭᠡᠨ ᠲᠦᠭᠰᠢᠭᠦᠷᠢ ᠡᠭᠦᠷᠭᠡᠯᠡᠬᠦ ᠨᠢ ᠬᠠᠤᠯᠢ ᠴᠠᠭᠠᠵᠠ ᠶᠢᠨ ᠲᠣᠭᠲᠠᠭᠠᠯ ᠳᠤ ᠨᠡᠢᠴᠡᠬᠦ ᠦᠭᠡᠢ᠂ ᠵᠥᠷᠢᠴᠡᠯ ᠢ ᠤᠭ ᠡᠴᠡ ᠨᠢ ᠰᠢᠢᠳᠪᠦᠷᠢᠯᠡᠬᠦ ᠳᠤ ᠠᠰᠢᠭ ᠦᠭᠡᠢ᠃
ᠬᠤᠷᠠᠯ ᠤᠨ ᠳᠠᠷᠠᠭ᠎ᠠ᠂ ᠰᠦᠨ ᠬᠠᠢ ᠯᠦᠩ ᠬᠣᠷᠢᠶᠠᠨ ᠳᠠᠷᠤᠭ᠎ᠠ ᠮᠠᠨ ᠤ ᠬᠣᠷᠢᠶᠠᠨ ᠤ ᠴᠦᠩᠴᠢᠩ ᠳᠥᠷᠪᠡᠳᠦᠭᠡᠷ ᠳᠤᠮᠳᠠ ᠵᠡᠷᠭᠡ ᠶᠢᠨ ᠰᠢᠭᠦᠬᠦ ᠬᠣᠷᠢᠶ᠎ᠠ ᠨᠠᠢᠷᠠᠭᠤᠯᠤᠭᠰᠠᠨ ᠬᠠᠤᠯᠢ ᠴᠠᠭᠠᠵᠠ ᠶᠢᠨ ᠨᠣᠮ ᠵᠢᠴᠢ ᠰᠦᠨ ᠬᠠᠢ ᠯᠦᠩ ᠬᠣᠷᠢᠶᠠᠨ ᠳᠠᠷᠤᠭ᠎ᠠ ᠨᠠᠢᠷᠠᠭᠤᠯᠤᠨ ᠲᠤᠭᠤᠷᠪᠢᠭᠰᠠᠨ ᠬᠠᠤᠯᠢ ᠶᠢᠨ ᠮᠡᠳᠡᠯᠭᠡ ᠶᠢᠨ ᠨᠣᠮ ᠪᠡᠯᠡᠭᠯᠡᠪᠡ᠃
ᠦᠨᠡᠯᠡᠬᠦ 0ᠦᠨᠡᠯᠡᠯᠲᠡ᠎ᠲᠠᠢ