ᠣᠷᠳᠤᠰ ᠬᠣᠲᠠ ᠶᠢᠨ ᠰᠢᠭᠦᠬᠦ ᠬᠣᠷᠢᠶᠠᠨ ᠤ ᠨᠠᠮ ᠤᠨ ᠤᠳᠤᠷᠢᠳᠬᠤ ᠳᠤᠭᠤᠢᠯᠠᠩ ᠬᠣᠲᠠ ᠶᠢᠨ ᠰᠠᠬᠢᠯᠭ᠎ᠠ ᠪᠠᠲᠤ ᠪᠠᠢᠴᠠᠭᠠᠬᠤ ᠬᠣᠷᠢᠶᠠᠨ ᠤ ᠲᠣᠮᠢᠯᠠᠨ ᠰᠠᠭᠤᠯᠭᠠᠬᠤ ᠪᠠᠢᠭᠤᠯᠤᠮᠵᠢ ᠶᠢᠨ ᠠᠵᠢᠯ ᠠᠬᠢᠭᠤᠯᠬᠤ ᠬᠤᠷᠠᠯᠳᠤᠭᠠᠨ ᠤ ᠵᠣᠷᠢᠭ ᠰᠠᠨᠠᠭ᠎ᠠ ᠶᠢ ᠳᠠᠮᠵᠢᠭᠤᠯᠤᠭᠰᠠᠨ ᠮᠥᠷᠲᠡᠭᠡᠨ ᠳᠠᠷᠠᠭᠠᠴᠢ ᠶᠢᠨ ᠠᠯᠬᠤᠮ ᠤᠨ ᠰᠠᠬᠢᠯᠭ᠎ᠠ ᠪᠠᠲᠤ ᠪᠠᠢᠴᠠᠭᠠᠬᠤ ᠠᠵᠢᠯ ᠢ ᠲᠣᠬᠢᠷᠠᠭᠤᠯᠪᠠ
10 ᠰᠠᠷᠠᠢᠨ 30 ᠦᠨ ᠡᠳᠦᠷ ᠦᠨ ᠦᠳᠡ ᠶᠢᠨ ᠬᠣᠢᠨ᠎ᠠ᠂ ᠣᠷᠳᠤᠰ ᠬᠣᠲᠠ ᠶᠢᠨ ᠠᠷᠠᠳ ᠤᠨ ᠳᠤᠮᠳᠠ ᠵᠡᠷᠭᠡ ᠶᠢᠨ ᠰᠢᠭᠦᠬᠦ ᠬᠣᠷᠢᠶ᠎ᠠ ᠨᠠᠮ ᠤᠨ ᠤᠳᠤᠷᠢᠳᠬᠤ ᠳᠤᠭᠤᠢᠯᠠᠩ ᠤᠨ ᠬᠤᠷᠠᠯ ᠬᠤᠷᠠᠯᠳᠤᠵᠤ᠂ ᠬᠣᠲᠠ ᠶᠢᠨ ᠰᠠᠬᠢᠯᠭ᠎ᠠ ᠪᠠᠲᠤ ᠪᠠᠢᠴᠠᠭᠠᠬᠤ ᠬᠣᠷᠢᠶᠠᠨ ᠤ ᠲᠣᠮᠢᠯᠠᠨ ᠰᠠᠭᠤᠯᠭᠠᠬᠤ ᠪᠠᠢᠭᠤᠯᠤᠮᠵᠢ ᠶᠢᠨ ᠠᠵᠢᠯ ᠠᠬᠢᠭᠤᠯᠬᠤ ᠬᠤᠷᠠᠯᠳᠤᠭᠠᠨ ᠤ ᠵᠣᠷᠢᠭ ᠰᠠᠨᠠᠭ᠎ᠠ ᠶᠢ ᠳᠠᠮᠵᠢᠭᠤᠯᠵᠤ ᠨᠠᠢᠳᠠᠪᠤᠷᠢᠵᠢᠭᠤᠯᠪᠠ᠃
ᠨᠠᠮ ᠤᠨ ᠤᠳᠤᠷᠢᠳᠬᠤ ᠳᠤᠭᠤᠢᠯᠠᠩ ᠤᠨ ᠬᠤᠷᠠᠯ ᠳᠡᠭᠡᠷ᠎ᠡ᠂ ᠬᠣᠲᠠ ᠶᠢᠨ ᠰᠢᠭᠦᠬᠦ ᠬᠣᠷᠢᠶᠠᠨ ᠳᠤ ᠲᠣᠮᠢᠯᠠᠨ ᠰᠠᠭᠤᠯᠭᠠᠬᠤ ᠰᠠᠬᠢᠯᠭ᠎ᠠ ᠪᠠᠲᠤ ᠪᠠᠢᠴᠠᠭᠠᠬᠤ ᠳᠤᠭᠤᠢᠯᠠᠩ ᠤᠨ ᠳᠠᠷᠤᠭ᠎ᠠ ᠭᠦ᠋ ᠴᠢᠩ ᠴᠢᠶᠤᠸᠠᠨ ᠬᠣᠲᠠ ᠶᠢᠨ ᠰᠢᠭᠦᠬᠦ ᠬᠣᠷᠢᠶᠠᠨ ᠤ ᠤᠳᠤᠷᠢᠳᠬᠤ ᠪᠠᠭ ᠲᠤ ᠬᠣᠲᠠ ᠶᠢᠨ ᠰᠠᠬᠢᠯᠭ᠎ᠠ ᠪᠠᠲᠤ ᠪᠠᠢᠴᠠᠭᠠᠬᠤ ᠬᠣᠷᠢᠶᠠᠨ ᠤ ᠲᠣᠮᠢᠯᠠᠨ ᠰᠠᠭᠤᠯᠭᠠᠬᠤ ᠪᠠᠢᠭᠤᠯᠤᠮᠵᠢ ᠶᠢᠨ ᠠᠵᠢᠯ ᠠᠬᠢᠭᠤᠯᠬᠤ ᠬᠤᠷᠠᠯᠳᠤᠭᠠᠨ ᠤ ᠵᠣᠷᠢᠭ ᠰᠠᠨᠠᠭ᠎ᠠ ᠵᠢ ᠳᠠᠮᠵᠢᠭᠤᠯᠪᠠ᠃ ᠯᠢ ᠾᠥᠩ ᠶᠠᠨ ᠬᠣᠷᠢᠶᠠᠨ ᠳᠠᠷᠤᠭ᠎ᠠ ᠵᠢᠭᠠᠵᠤ ᠭᠠᠷᠭᠠᠭᠰᠠᠨ ᠨᠢ᠂ ᠪᠦᠬᠦ ᠬᠣᠷᠢᠶᠠᠨ ᠤ ᠳᠡᠭᠡᠷ᠎ᠡ ᠳᠣᠣᠷ᠎ᠠ ᠪᠦᠷ ᠰᠠᠬᠢᠯᠭ᠎ᠠ ᠪᠠᠲᠤ ᠪᠠᠢᠴᠠᠭᠠᠬᠤ ᠠᠵᠢᠯ ᠤᠨ ᠴᠢᠬᠤᠯᠠ ᠴᠢᠨᠠᠷ ᠤᠨ ᠲᠠᠨᠢᠯᠲᠠ ᠶᠢ ᠳᠡᠭᠡᠭᠰᠢᠯᠡᠭᠦᠯᠵᠦ᠂ ᠠᠷᠪᠠ ᠶᠢᠰᠦᠳᠦᠭᠡᠷ ᠶᠡᠬᠡ ᠬᠤᠷᠠᠯ ᠤᠨ ᠵᠣᠷᠢᠭ ᠰᠠᠨᠠᠭ᠎ᠠ ᠵᠢ ᠦᠨᠳᠦᠰᠦᠯᠡᠵᠦ᠂ ᠳᠠᠷᠠᠭᠠᠴᠢ ᠶᠢᠨ ᠠᠯᠬᠤᠮ ᠤᠨ ᠠᠵᠢᠯ ᠢ ᠳᠣᠬᠢᠷᠠᠭᠤᠯᠤᠨ᠎ᠠ᠃ ᠡᠭᠦᠨ ᠦ ᠬᠠᠮᠲᠤ ᠣᠢᠷ᠎ᠠ ᠶᠢᠨ ᠵᠢᠯ ᠤᠨ ᠠᠰᠠᠭᠤᠳᠠᠯ ᠢ ᠢᠯᠡᠴᠢᠯᠡᠨ ᠮᠡᠳᠡᠭᠦᠯᠦᠭᠰᠡᠨ ᠰᠦᠪᠡᠭᠴᠢ ᠶᠢ ᠪᠦᠬᠦ ᠲᠠᠯ᠎ᠠ ᠪᠡᠷ ᠠᠷᠢᠯᠭᠠᠵᠤ᠂ ᠬᠠᠮᠢᠶ᠎ᠠ ᠪᠦᠬᠦᠢ ᠳᠠᠩᠰᠠ ᠡᠪᠬᠡᠮᠡᠯ ᠢ ᠰᠠᠢᠳᠤᠷ ᠬᠢᠵᠦ᠂ ᠲᠤᠰᠭᠠᠢ ᠬᠥᠮᠦᠨ ᠲᠣᠮᠢᠯᠠᠨ ᠨᠠᠢᠳᠠᠪᠤᠷᠢᠵᠢᠭᠤᠯᠤᠨ᠎ᠠ᠃ ᠤᠯᠤᠰ ᠲᠥᠷᠦ ᠶᠢᠨ ᠬᠡᠯᠲᠡᠰ᠂ ᠠᠯᠪᠠᠨ ᠭᠡᠷ ᠵᠡᠷᠭᠡ ᠬᠠᠮᠢᠶ᠎ᠠ ᠪᠦᠬᠦᠢ ᠰᠠᠯᠠᠭ᠎ᠠ ᠮᠥᠴᠢᠷ ᠰᠠᠬᠢᠯᠭ᠎ᠠ ᠪᠠᠲᠤ ᠪᠠᠢᠴᠠᠭᠠᠬᠤ ᠬᠡᠯᠲᠡᠰ ᠲᠠᠢ ᠬᠠᠮᠲᠤᠷᠠᠨ ᠠᠵᠢᠯᠯᠠᠵᠤ᠂ ᠪᠦᠬᠦ ᠬᠣᠷᠢᠶᠠᠨ ᠤ ᠨᠠᠮ ᠤᠨ ᠰᠤᠷᠲᠠᠯ ᠴᠢᠭᠡᠴᠢ ᠵᠠᠰᠠᠭ ᠤᠨ ᠪᠦᠲᠦᠭᠡᠨ ᠪᠠᠢᠭᠤᠯᠤᠯ ᠲᠠ ᠪᠣᠯᠤᠨ ᠢᠯᠵᠠᠷᠠᠬᠤ ᠶᠢ ᠡᠰᠡᠷᠭᠦᠴᠡᠬᠦ ᠠᠵᠢᠯ ᠢ ᠰᠠᠢᠲᠤᠷ ᠬᠢᠨ᠎ᠡ᠃
ᠨᠠᠮ ᠤᠨ ᠤᠳᠤᠷᠢᠳᠬᠤ ᠳᠤᠭᠤᠢᠯᠠᠩ ᠤᠨ ᠬᠤᠷᠠᠯ ᠳᠡᠭᠡᠷ᠎ᠡ᠂ ᠰᠠᠬᠢᠯᠭ᠎ᠠ ᠪᠠᠲᠤ ᠪᠠᠢᠴᠠᠭᠠᠬᠤ ᠬᠡᠯᠲᠡᠰ ᠦᠨ ᠬᠠᠷᠢᠭᠤᠴᠠᠯᠭᠠᠲᠠᠨ ᠲᠤᠶᠠᠭ᠎ᠠ ᠨᠠᠮ ᠤᠨ ᠤᠳᠤᠷᠢᠳᠬᠤ ᠳᠤᠭᠤᠢᠯᠠᠩ ᠳᠤ ᠰᠠᠬᠢᠯᠭ᠎ᠠ ᠪᠠᠲᠤ ᠪᠠᠢᠴᠠᠭᠠᠬᠤ ᠬᠡᠯᠲᠡᠰ ᠦᠨ 5 ᠴᠢᠬᠤᠯᠠ ᠠᠵᠢᠯ᠄ ᠴᠢᠭᠡᠴᠢ ᠵᠠᠰᠠᠭ ᠤᠨ ᠬᠢᠨᠠᠯᠲᠠ ᠲᠠᠯᠪᠢᠭᠴᠢ ᠡᠯᠡᠰᠬᠦ᠂ ᠴᠢᠭᠡᠴᠢ ᠵᠠᠰᠠᠭ ᠤᠨ ᠬᠢᠨᠠᠯᠲᠠ ᠲᠠᠯᠪᠢᠭᠴᠢ ᠰᠣᠩᠭᠤᠨ ᠲᠣᠮᠢᠯᠠᠬᠤ᠃ ᠰᠠᠬᠢᠯᠭ᠎ᠠ ᠪᠠᠲᠤ ᠬᠢᠨᠠᠨ ᠪᠠᠢᠴᠠᠭᠠᠬᠤ ᠪᠠᠷᠢᠮᠵᠢᠶᠠᠲᠤ ᠶᠠᠷᠢᠯᠴᠠᠬᠤ ᠲᠠᠰᠤᠭ ᠪᠠᠢᠭᠤᠯᠬᠤ᠃ ᠪᠦᠬᠦ ᠬᠣᠲᠠ ᠶᠢᠨ ᠰᠢᠭᠦᠬᠦ ᠬᠣᠷᠢᠶ᠎ᠠ ᠴᠢᠭᠡᠴᠢ ᠵᠠᠰᠠᠭ ᠤᠨ ᠰᠣᠶᠤᠯ ᠤᠨ ᠪᠦᠲᠦᠭᠡᠨ ᠪᠠᠢᠭᠤᠯᠤᠯᠲᠠ ᠶᠢᠨ ᠦᠳᠡᠰᠢᠯᠡᠭᠡ ᠥᠷᠨᠢᠭᠦᠯᠬᠦ᠃ ᠴᠢᠭᠡᠴᠢ ᠵᠠᠰᠠᠭ ᠤᠨ ᠰᠣᠶᠤᠯ ᠤᠨ ᠪᠦᠲᠦᠭᠡᠨ ᠪᠠᠢᠭᠤᠯᠤᠯᠲᠠ ᠵᠢ ᠴᠢᠩᠭᠠᠳᠭᠠᠵᠤ᠂ ᠴᠢᠭᠡᠴᠢ ᠵᠠᠰᠠᠭ ᠤᠨ ᠰᠣᠶᠤᠯ ᠤᠨ ᠦᠵᠡᠭᠦᠯᠭᠡ ᠶᠢᠨ ᠲᠢᠩᠬᠢᠮ ᠪᠠᠢᠭᠤᠯᠬᠤ᠃《ᠣᠷᠳᠤᠰ ᠬᠣᠲᠠ ᠶᠢᠨ ᠰᠢᠭᠦᠬᠦ ᠬᠣᠷᠢᠶᠠᠨ ᠤ ᠰᠠᠬᠢᠯᠭ᠎ᠠ ᠪᠠᠲᠤ ᠪᠠᠢᠴᠠᠭᠠᠬᠤ》 ᠸᠸᠴᠠᠲ ᠨᠡᠢᠲᠡ ᠶᠢᠨ ᠳ᠋ᠤᠭᠠᠷ ᠪᠠᠢᠭᠤᠯᠬᠤ ᠵᠢ ᠲᠠᠨᠢᠯᠴᠠᠭᠤᠯᠪᠠ᠃
ᠨᠠᠮ ᠤᠨ ᠤᠳᠤᠷᠢᠳᠬᠤ ᠳᠤᠭᠤᠢᠯᠠᠩ ᠳᠠᠬᠢᠨ ᠵᠠᠰᠠᠪᠤᠷᠢ ᠣᠷᠤᠭᠤᠯᠤᠭᠰᠠᠨ《ᠣᠷᠳᠤᠰ ᠬᠣᠲᠠ ᠶᠢᠨ ᠠᠷᠠᠳ ᠤᠨ ᠳᠤᠮᠳᠠ ᠵᠡᠷᠭᠡ ᠶᠢᠨ ᠰᠢᠭᠦᠬᠦ ᠬᠣᠷᠢᠶᠠᠨ ᠤ ᠰᠠᠬᠢᠯᠭ᠎ᠠ ᠪᠠᠲᠤ ᠵᠥᠷᠢᠴᠡᠭᠰᠡᠨ ᠠᠰᠠᠭᠤᠳᠠᠯ ᠤᠨ ᠰᠦᠪᠡᠭᠴᠢ ᠵᠢ ᠰᠢᠢᠳᠪᠦᠷᠢᠯᠡᠬᠦ ᠲᠤᠬᠠᠢ ᠨᠠᠷᠢᠯᠢᠭ ᠲᠣᠭᠲᠠᠭᠠᠯ》᠂《 ᠣᠷᠳᠤᠰ ᠬᠣᠲᠠ ᠶᠢᠨ ᠠᠷᠠᠳ ᠤᠨ ᠳᠤᠮᠳᠠ ᠵᠡᠷᠭᠡ ᠶᠢᠨ ᠰᠢᠭᠦᠬᠦ ᠬᠣᠷᠢᠶᠠᠨ ᠤ ᠴᠢᠭᠡᠴᠢ ᠵᠠᠰᠠᠬᠤ ᠳᠤ ᠬᠢᠨᠠᠯᠲᠠ ᠲᠠᠯᠪᠢᠭᠴᠢ ᠶᠢᠨ ᠳᠦᠷᠢᠮ ᠦᠨ ᠠᠵᠢᠯ ᠤᠨ ᠲᠦᠷ ᠬᠡᠷᠡᠭᠵᠢᠭᠦᠯᠬᠦ ᠠᠷᠭ᠎ᠠ ᠶᠢᠨ ᠲᠤᠬᠠᠢ》᠂《 ᠣᠷᠳᠤᠰ ᠬᠣᠲᠠ ᠶᠢᠨ ᠠᠷᠠᠳ ᠤᠨ ᠳᠤᠮᠳᠠ ᠵᠡᠷᠭᠡ ᠶᠢᠨ ᠰᠢᠭᠦᠬᠦ ᠬᠣᠷᠢᠶᠠᠨ ᠤ ᠴᠢᠭᠡᠴᠢ ᠵᠠᠰᠠᠭ ᠲᠤ ᠬᠢᠨᠠᠯᠲᠠ ᠲᠠᠯᠪᠢᠭᠴᠢ ᠰᠣᠩᠭᠤᠨ ᠲᠣᠮᠢᠯᠠᠬᠤ ᠳᠦᠷᠢᠮ ᠦᠨ ᠠᠵᠢᠯ ᠤᠨ ᠲᠦᠷ ᠬᠡᠷᠡᠭᠵᠢᠭᠦᠯᠬᠦ ᠠᠷᠭ᠎ᠠ ᠲᠤᠬᠠᠢ》 ᠵᠡᠷᠭᠡ ᠬᠠᠮᠢᠶ᠎ᠠ ᠪᠦᠬᠦᠢ ᠳᠦᠷᠢᠮ ᠢ ᠲᠣᠭᠲᠠᠭᠠᠪᠠ᠃
ᠦᠨᠡᠯᠡᠬᠦ 0ᠦᠨᠡᠯᠡᠯᠲᠡ᠎ᠲᠠᠢ