ᠥᠪᠡᠷᠲᠡᠭᠡᠨ ᠵᠠᠰᠠᠬᠤ ᠣᠷᠤᠨ ᠤ ᠡᠳ᠋ ᠦᠨ ᠵᠠᠰᠠᠭ ᠤᠨ ᠲᠢᠩᠬᠢᠮ᠂ ᠰᠢᠭᠦᠬᠦ ᠬᠣᠷᠢᠶ᠎ᠠ᠂ ᠪᠠᠢᠴᠠᠭᠠᠬᠤ ᠬᠣᠷᠢᠶ᠎ᠠ ᠣᠷᠳᠤᠰ ᠬᠣᠲᠠ ᠳᠤ ᠬᠦᠷᠴᠦ ᠰᠢᠭᠦᠬᠦ ᠬᠣᠷᠢᠶ᠎ᠠ ᠪᠠᠢᠴᠠᠭᠠᠬᠤ ᠬᠣᠷᠢᠶᠠᠨ ᠤ ᠡᠳ᠋ ᠬᠥᠷᠦᠩᠭᠡ ᠶᠢ ᠨᠢᠭᠡᠲᠦᠯᠲᠠᠢ ᠬᠠᠮᠢᠶᠠᠷᠤᠯᠲᠠ ᠶᠢᠨ ᠪᠠᠢᠴᠠᠭᠠᠨ ᠰᠤᠳᠤᠯᠤᠯᠲᠠ ᠬᠢᠪᠡ
2017.10.27 ᠲᠣᠰ ᠥᠷᠲᠡᠭᠡᠨ ᠦ ᠨᠠᠢᠷᠠᠭᠤᠯᠤᠭᠴᠢ

 

 

 

 

    10 ᠰᠠᠷᠠᠢᠨ 26 ᠤ ᠡᠳᠦᠷ ᠦᠨ ᠦᠳᠡ ᠶᠢᠨ ᠬᠣᠢᠨ᠎ᠠ᠂ ᠥᠪᠡᠷᠲᠡᠭᠡᠨ ᠵᠠᠰᠠᠬᠤ ᠣᠷᠤᠨ ᠤ ᠡᠳ᠋ ᠦᠨ ᠵᠠᠰᠠᠭ ᠤᠨ ᠲᠢᠩᠬᠢᠮ ᠤᠨ ᠳᠡᠳ᠋ ᠳᠠᠷᠤᠭ᠎ᠠ ᠬᠠᠨ ᠱᠦ ᠴᠢᠩ ᠠᠩᠭᠢ ᠳᠠᠭᠠᠭᠤᠯᠵᠤ 8 ᠬᠥᠮᠦᠨ ᠣᠷᠳᠤᠰ ᠬᠣᠲᠠ ᠳᠤ ᠬᠦᠷᠴᠦ ᠰᠢᠭᠦᠬᠦ ᠬᠣᠷᠢᠶ᠎ᠠ᠂ ᠪᠠᠢᠴᠠᠭᠠᠬᠤ ᠬᠣᠷᠢᠶᠠᠨ ᠤ ᠡᠳ᠋ ᠶᠠᠪᠤᠳᠠᠯ ᠨᠢᠭᠡᠲᠥᠯᠲᠠᠢ ᠬᠠᠮᠢᠶᠠᠷᠤᠯᠲᠠ ᠶᠢᠨ ᠠᠵᠢᠯ ᠢ ᠪᠠᠢᠴᠠᠭᠠᠨ ᠰᠤᠳᠤᠯᠪᠠ᠃

    ᠪᠠᠢᠴᠠᠭᠠᠨ ᠰᠤᠳᠤᠯᠬᠤ ᠳᠤᠭᠤᠢᠯᠠᠩ ᠣᠷᠳᠤᠰ ᠬᠣᠲᠠ ᠶᠢᠨ ᠠᠷᠠᠳ ᠤᠨ ᠳᠤᠮᠳᠠ ᠵᠡᠷᠭᠡ ᠶᠢᠨ ᠰᠢᠭᠦᠬᠦ ᠬᠣᠷᠢᠶᠠᠨ ᠤ ᠮᠡᠳᠡᠭᠡ ᠵᠠᠩᠭᠢ ᠶᠢᠨ ᠬᠠᠮᠢᠶᠠᠷᠤᠯᠲᠠ ᠶᠢᠨ ᠲᠥᠪ ᠦᠨ ᠪᠦᠲᠦᠭᠡᠨ ᠪᠠᠢᠭᠤᠯᠤᠯᠲᠠ ᠬᠡᠷᠡᠭᠯᠡᠵᠦ ᠪᠠᠢᠭ᠎ᠠ ᠪᠠᠢᠳᠠᠯ ᠢ ᠲᠣᠭᠤᠷᠢᠨ ᠦᠵᠡᠭᠰᠡᠨ ᠮᠥᠷᠲᠡᠭᠡᠨ ᠣᠷᠳᠤᠰ ᠬᠣᠲᠠ ᠶᠢᠨ ᠳᠤᠮᠳᠠ ᠵᠡᠷᠭᠡ ᠶᠢᠨ ᠰᠢᠭᠦᠬᠦ ᠬᠣᠷᠢᠶᠠᠨ ᠳᠤ ᠰᠢᠭᠦᠬᠦ ᠬᠣᠷᠢᠶ᠎ᠠ ᠪᠠᠢᠴᠠᠭᠠᠬᠤ ᠬᠣᠷᠢᠶᠠᠨ ᠤ ᠡᠳ᠋ ᠬᠥᠷᠦᠩᠭᠡ ᠶᠢ ᠨᠢᠭᠡᠳᠦᠯᠲᠡᠢ ᠬᠠᠮᠢᠶᠠᠷᠤᠯᠲᠠ ᠶᠢᠨ ᠰᠠᠭᠤᠳᠠᠯ ᠤᠨ ᠬᠤᠷᠠᠯ ᠬᠤᠷᠠᠯᠳᠤᠪᠠ᠃ ᠥᠪᠡᠷᠲᠡᠭᠡᠨ ᠵᠠᠰᠠᠬᠤ ᠣᠷᠤᠨ ᠤ ᠡᠳ᠋ ᠦᠨ ᠵᠠᠰᠠᠭ ᠤᠨ ᠲᠢᠩᠬᠢᠮ ᠤᠨ ᠳᠡᠳ᠋ ᠳᠠᠷᠤᠭ᠎ᠠ ᠬᠠᠨ ᠱᠦ ᠴᠢᠩ ᠬᠤᠷᠠᠯᠳᠤᠭᠠᠨ ᠢ ᠡᠷᠬᠢᠯᠡᠵᠦ᠂ ᠣᠷᠳᠤᠰ ᠬᠣᠲᠠ ᠶᠢᠨ ᠬᠤᠶᠠᠷ ᠱᠠᠳᠤᠨ ᠤ ᠡᠳ᠋ ᠦᠨ ᠵᠠᠰᠠᠭ ᠤᠨ ᠲᠣᠪᠴᠢᠶ᠎ᠠ᠂ ᠰᠢᠭᠦᠬᠦ ᠬᠣᠷᠢᠶ᠎ᠠ᠂ ᠪᠠᠢᠴᠠᠭᠠᠬᠤ ᠬᠣᠷᠢᠶ᠎ᠠ ᠶᠢᠨ ᠬᠠᠮᠢᠶ᠎ᠠ ᠪᠦᠬᠦᠢ ᠤᠳᠤᠷᠢᠳᠤᠯᠭ᠎ᠠ ᠵᠢᠴᠢ ᠠᠵᠢᠯᠲᠠᠨ ᠬᠤᠷᠠᠯ᠎ ᠳᠤ ᠣᠷᠤᠯᠴᠠᠪᠠ᠃

   ᠬᠤᠷᠠᠯ ᠳᠡᠭᠡᠷ᠎ᠡ᠂ ᠮᠠᠨ ᠤ ᠬᠣᠲᠠ ᠶᠢᠨ ᠬᠤᠶᠠᠷ ᠱᠠᠳᠤᠨ ᠤ ᠰᠢᠭᠦᠬᠦ ᠬᠣᠷᠢᠶ᠎ᠠ ᠡᠳ᠋ ᠬᠥᠷᠦᠩᠭᠡ ᠶᠢᠨ ᠪᠠᠢᠳᠠᠯ᠂ ᠵᠠᠷᠤᠳᠠᠯ ᠤᠨ ᠪᠠᠲᠤᠯᠠᠭ᠎ᠠ᠂ ᠠᠵᠢᠯᠲᠠᠨ ᠤ ᠴᠠᠯᠢᠩ ᠤᠨ ᠬᠢᠨᠠᠨ ᠲᠣᠭᠲᠠᠭᠠᠯᠲᠠ᠂ ᠮᠠᠰᠢᠨ ᠲᠡᠷᠭᠡᠨ ᠦ ᠣᠷᠤᠨ ᠲᠣᠭᠠᠨ ᠤ ᠬᠢᠨᠠᠨ ᠲᠣᠭᠲᠠᠭᠠᠯᠲᠠ᠂ ᠰᠠᠭᠤᠷᠢ ᠪᠦᠲᠦᠭᠡᠨ ᠪᠠᠢᠭᠤᠯᠤᠯᠲᠠ᠂ ᠮᠡᠳᠡᠭᠡ ᠵᠠᠩᠭᠢᠴᠢᠯᠠᠯᠲᠠ ᠶᠢᠨ ᠪᠦᠲᠦᠭᠡᠨ ᠪᠠᠢᠭᠤᠯᠤᠯᠲᠠ ᠶᠢᠨ ᠪᠠᠢᠳᠠᠯ ᠵᠢᠴᠢ ᠡᠳ᠋ ᠬᠥᠷᠦᠩᠭᠡ ᠨᠢᠭᠡᠳᠦᠯᠲᠡᠢ ᠬᠠᠮᠢᠶᠠᠷᠤᠯᠲᠠ ᠶᠢᠨ ᠠᠵᠢᠯ ᠤᠨ ᠳᠤᠮᠳᠠ ᠣᠷᠤᠰᠢᠵᠤ ᠪᠠᠢᠭ᠎ᠠ ᠬᠦᠴᠢᠷᠳᠡᠯ ᠪᠠ ᠠᠰᠠᠭᠤᠳᠠᠯ ᠤᠨ ᠲᠤᠬᠠᠢ ᠨᠠᠷᠢᠨ ᠮᠡᠳᠡᠭᠦᠯᠦᠯᠲᠡ ᠬᠢᠪᠡ᠃

    ᠬᠠᠷᠢᠭᠤ ᠮᠡᠳᠡᠭᠦᠯᠦᠯᠲᠡ ᠳᠠᠭᠤᠰᠤᠭᠰᠠᠨ ᠤ ᠳᠠᠷᠠᠭ᠎ᠠ᠂ ᠬᠠᠨ ᠱᠦ ᠴᠢᠩ ᠳᠡᠳ᠋ ᠲᠢᠩᠬᠢᠮ ᠦᠨ ᠳᠠᠷᠤᠭ᠎ᠠ ᠣᠷᠳᠤᠰ ᠬᠣᠲᠠ ᠶᠢᠨ ᠬᠤᠶᠠᠷ ᠱᠠᠳᠤᠨ ᠤ ᠰᠢᠭᠦᠬᠦ ᠬᠣᠷᠢᠶ᠎ᠠ᠂ ᠪᠠᠢᠴᠠᠭᠠᠬᠤ ᠬᠣᠷᠢᠶ᠎ᠠ ᠶᠢᠨ ᠳᠤᠷᠠᠳᠤᠭᠰᠠᠨ ᠠᠰᠠᠭᠤᠳᠠᠯ ᠵᠢᠴᠢ ᠰᠠᠨᠠᠭᠤᠯᠭ᠎ᠠ ᠳᠤ ᠬᠠᠷᠢᠭᠤᠯᠲᠠ ᠬᠢᠵᠦ᠂ ᠡᠭᠦᠨ ᠦ ᠬᠠᠮᠲᠤ ᠡᠯ᠎ᠡ ᠨᠢᠭᠡᠴᠢ ᠶᠢᠨ ᠬᠠᠷᠢᠭᠤ ᠮᠡᠳᠡᠭᠦᠯᠦᠯᠲᠡ ᠳᠤᠮᠳᠠ ᠵᠢᠭᠠᠵᠤ ᠭᠠᠷᠭᠠᠭᠰᠠᠨ ᠠᠰᠠᠭᠤᠳᠠᠯ ᠢ ᠴᠢᠬᠤᠯᠠᠴᠢᠯᠠᠨ ᠦᠵᠡᠵᠦ ᠪᠠᠢᠬᠤ ᠪᠠᠨ ᠢᠯᠡᠳᠭᠡᠪᠡ᠃ ᠲᠡᠷᠡ ᠵᠢᠭᠠᠵᠤ ᠭᠠᠷᠭᠠᠭᠰᠠᠨ ᠨᠢ᠂ ᠡᠯ᠎ᠡ ᠱᠠᠳᠤᠨ ᠤ ᠡᠳ᠋ ᠦᠨ ᠵᠠᠰᠠᠭ ᠤᠨ ᠲᠣᠪᠴᠢᠶ᠎ᠠ᠂ ᠰᠢᠭᠦᠬᠦ ᠬᠣᠷᠢᠶ᠎ᠠ ᠪᠠᠢᠴᠠᠭᠠᠬᠤ ᠬᠣᠷᠢᠶᠠᠨ ᠤ ᠡᠳ᠋ ᠦᠨ ᠶᠠᠪᠤᠳᠠᠯ ᠤᠨ ᠠᠵᠢᠯᠲᠠᠨ ᠥᠪᠡᠷᠲᠡᠭᠡᠨ ᠵᠠᠰᠠᠬᠤ ᠣᠷᠤᠨ ᠤ ᠡᠳ᠋ ᠦᠨ ᠵᠠᠰᠠᠭ ᠤᠨ ᠲᠢᠩᠬᠢᠮ ᠤᠨ ᠪᠠᠭᠤᠯᠭᠠᠭᠰᠠᠨ ᠡᠯ᠎ᠡ ᠮᠠᠲ᠋ᠧᠷᠢᠶᠠᠯ ᠢ ᠰᠠᠢᠲᠤᠷ ᠣᠢᠯᠭᠠᠵᠤ᠂ ᠵᠣᠭᠤᠰ ᠤᠨ ᠰᠠᠢᠲᠤᠷ ᠬᠠᠮᠢᠶᠠᠷᠬᠤ ᠮᠥᠷᠲᠡᠭᠡᠨ ᠵᠣᠬᠢᠰᠲᠠᠢ ᠵᠠᠷᠤᠵᠤ᠂ ᠢᠩᠭᠢᠪᠡᠯ ᠰᠠᠶᠢ ᠪᠡᠯᠡ ᠮᠥᠩᠭᠦ ᠶᠢ ᠰᠠᠢᠲᠤᠷ ᠠᠰᠢᠭᠯᠠᠵᠤ᠂ ᠨᠡᠩ ᠰᠠᠢᠨ ᠢᠶᠠᠷ ᠲᠤᠰ ᠨᠢᠭᠡᠴᠢ ᠳᠤ ᠦᠢᠯᠡᠴᠢᠯᠡᠵᠦ᠂ ᠡᠳ᠋ ᠬᠥᠷᠦᠩᠭᠡ ᠶᠢᠨ ᠪᠠᠲᠤᠯᠠᠭ᠎ᠠ ᠨᠡᠩ ᠰᠢᠨᠵᠢᠯᠡᠬᠦ ᠤᠬᠠᠭᠠᠨᠴᠢ᠂ ᠡᠳ᠋ ᠦᠨ ᠶᠠᠪᠤᠳᠠᠯ ᠤᠨ ᠬᠠᠮᠢᠶᠠᠷᠤᠯᠲᠠ ᠪᠠ ᠡᠬᠢ ᠪᠠᠶᠠᠯᠢᠭ ᠤᠨ ᠬᠤᠪᠢᠶᠠᠷᠢᠯᠠᠯ ᠨᠡᠩ ᠰᠠᠢᠨ ᠪᠣᠯᠤᠨ᠎ᠠ᠃

ᠦᠨᠡᠯᠡᠬᠦ 0ᠦᠨᠡᠯᠡᠯᠲᠡ ᠲᠠᠢ


( ᠨᠧᠲ ᠨᠠᠢᠵᠠ ᠵᠢᠨ ᠦᠨᠡᠯᠡᠯᠲᠡ ᠨᠢ ᠵᠦᠪᠭᠡᠨ ᠲᠡᠭᠦᠨ ᠊ᠤ᠌ ᠬᠤᠪᠢ ᠭᠦᠮᠦᠨ ᠊ᠤ᠌ ᠦᠵᠡᠯᠲᠡ ᠲᠡᠳᠦᠢ᠂ ᠲᠤᠰ ᠨᠧᠲ ᠦᠷᠳᠡᠭᠡ ᠲᠡᠭᠦᠨ ᠊ᠤ᠌ ᠦᠵᠡᠯᠲᠡ ᠵᠢ ᠵᠦᠪᠰᠢᠶᠡᠷᠡᠭᠰᠡᠨ ᠶᠠᠪᠤᠳᠠᠯ ᠤᠭᠳᠤ ᠪᠢᠰᠢ ᠶᠤᠮ᠃ )