ᠣᠷᠳᠤᠰ ᠬᠣᠲᠠ ᠶᠢᠨ ᠠᠷᠠᠳ ᠤᠨ ᠳᠤᠮᠳᠠ ᠵᠡᠷᠭᠡ ᠶᠢᠨ ᠰᠢᠭᠦᠬᠦ ᠬᠣᠷᠢᠶᠠᠨ ᠤ ᠦᠨᠳᠦᠰᠦᠨ ᠱᠠᠳᠤᠨ ᠤ ᠨᠠᠮ ᠤᠨ ᠵᠣᠬᠢᠶᠠᠨ ᠪᠠᠢᠭᠤᠯᠤᠯᠲᠠ ᠶᠢ ᠤᠯᠠᠮ ᠨᠢᠭᠡ ᠠᠯᠬᠤᠮ ᠳᠦᠷᠢᠮᠵᠢᠭᠦᠯᠵᠦ᠂ ᠦᠨᠳᠦᠰᠦᠨ ᠱᠠᠳᠤᠨ ᠤ ᠨᠠᠮ ᠤᠨ ᠡᠭᠦᠷ ᠦᠨ ᠳᠠᠢᠴᠢᠨ ᠪᠡᠬᠢᠯᠡᠯᠲᠡ ᠶᠢᠨ ᠦᠢᠯᠡᠳᠦᠯ ᠢ ᠭᠦᠢᠴᠡᠳ ᠪᠠᠳᠠᠷᠠᠭᠤᠯᠬᠤ ᠶᠢᠨ ᠲᠥᠯᠦᠭᠡ᠂ ᠣᠷᠳᠤᠰ ᠬᠣᠲᠠ ᠶᠢᠨ ᠳᠤᠮᠳᠠ ᠵᠡᠷᠭᠡ ᠶᠢᠨ ᠰᠢᠭᠦᠬᠦ ᠬᠣᠷᠢᠶᠠᠨ ᠤ ᠪᠠᠢᠭᠤᠯᠭ᠎ᠠ ᠶᠢᠨ ᠨᠠᠮ ᠤᠨ ᠬᠣᠷᠢᠶᠠᠨ ᠤ ᠠᠵᠢᠯ ᠤᠨ ᠲᠣᠬᠢᠷᠠᠭᠤᠯᠤᠯᠲᠠ ᠶᠢ ᠦᠨᠳᠦᠰᠦᠯᠡᠵᠦ᠂ ᠣᠷᠳᠤᠰ ᠬᠣᠲᠠ ᠶᠢᠨ ᠳᠤᠮᠳᠠ ᠵᠡᠷᠭᠡ ᠶᠢᠨ ᠰᠢᠭᠦᠬᠦ ᠬᠣᠷᠢᠶᠠᠨ ᠤ ᠡᠯ᠎ᠡ ᠨᠠᠮ ᠤᠨ ᠡᠭᠦᠷ ᠦᠨ ᠱᠦᠵᠢ 10 ᠰᠠᠷᠠᠢᠨ 19 ᠤ ᠡᠳᠦᠷ ᠡᠴᠡ 21 ᠪᠣᠯᠲᠠᠯ᠎ᠠ᠂ ᠣᠲᠤᠭ ᠤᠨ ᠡᠮᠦᠨᠡᠲᠦ ᠬᠣᠰᠢᠭᠤᠨ ᠳᠤ ᠬᠦᠷᠴᠦ ᠰᠤᠷᠤᠯᠴᠠᠪᠠ᠂ ᠤᠷᠢᠳ ᠬᠣᠵᠢᠳ ᠣᠲᠤᠭ ᠤᠨ ᠡᠮᠦᠨᠡᠲᠦ ᠬᠣᠰᠢᠭᠤᠨ ᠤ ᠠᠷᠠᠳ ᠤᠨ ᠰᠢᠭᠦᠬᠦ ᠬᠣᠷᠢᠶ᠎ᠠ᠂ ᠣᠲᠤᠭ ᠤᠨ ᠡᠮᠦᠨᠡᠲᠦ ᠬᠣᠰᠢᠭᠤᠨ ᠤ ᠲᠣᠮᠤ ᠲᠣᠭ᠎ᠠ ᠪᠠᠷᠢᠮᠲᠠ ᠶᠢᠨ ᠲᠥᠪ ᠵᠢᠴᠢ ᠣᠲᠤᠭ ᠤᠨ ᠡᠮᠦᠨᠡᠲᠦ ᠬᠣᠰᠢᠭᠤᠨ ᠤ《1+6》 ᠤᠯᠠᠭᠠᠨ ᠤ ᠪᠣᠯᠪᠠᠰᠤᠷᠠᠯ ᠤᠨ ᠰᠠᠭᠤᠷᠢᠨ ᠭᠠᠵᠠᠷ ᠢ ᠲᠣᠭᠤᠷᠢᠨ ᠦᠵᠡᠪᠡ᠃
ᠲᠤᠰ ᠤᠳᠠᠭᠠᠨ ᠤ ᠲᠣᠭᠤᠷᠢᠨ ᠦᠵᠡᠨ ᠰᠤᠷᠤᠯᠴᠠᠭ᠎ᠠ ᠪᠠᠷ ᠳᠠᠮᠵᠢᠵᠤ᠂ ᠪᠦᠬᠦ ᠨᠠᠮ ᠤᠨ ᠭᠡᠰᠢᠭᠦᠨ ᠺᠠᠲᠠᠷ ᠤᠨ ᠨᠠᠮᠴᠢ ᠴᠢᠨᠠᠷ ᠬᠡᠪ ᠰᠤᠷᠳᠠᠯ ᠤᠯᠠᠮ ᠨᠢᠭᠡ ᠠᠯᠬᠤᠮ ᠨᠡᠮᠡᠭᠳᠡᠵᠦ᠂ ᠥᠪᠡᠷ ᠤᠨ ᠪᠡᠶ᠎ᠡ ᠶᠢᠨ ᠬᠠᠷᠢᠭᠤᠴᠠᠯᠭᠠᠲᠤ ᠰᠡᠳᠭᠢᠯᠭᠡ ᠪᠣᠯᠤᠨ ᠡᠭᠦᠷᠭᠡᠲᠦ ᠰᠡᠳᠭᠢᠯᠭᠡ ᠪᠠᠨ ᠭᠦᠢᠴᠡᠳ ᠪᠠᠳᠠᠷᠠᠭᠤᠯᠵᠤ᠂ ᠵᠣᠷᠢᠭᠲᠠᠢ ᠡᠷᠭᠦᠬᠦ ᠤᠬᠠᠮᠰᠠᠷ ᠵᠢᠴᠢ ᠵᠣᠷᠢᠭ ᠰᠠᠨᠠᠭ᠎ᠠ ᠪᠠᠨ ᠪᠠᠲᠤᠳᠭᠠᠵᠤ᠂ ᠬᠣᠵᠢᠮ ᠤᠨ ᠨᠠᠮ ᠤᠨ ᠶᠠᠪᠤᠳᠠᠯ ᠤᠨ ᠠᠵᠢᠯ ᠳᠤ ᠡᠨᠧᠷᠭᠢ ᠬᠠᠳᠠᠭᠠᠯᠠᠪᠠ᠃
ᠦᠨᠡᠯᠡᠬᠦ 0ᠦᠨᠡᠯᠡᠯᠲᠡ᠎ᠲᠠᠢ