ᠨᠠᠮ ᠤᠨ ᠠᠷᠪᠠ ᠶᠢᠰᠦᠳᠦᠭᠡᠷ ᠶᠡᠬᠡ ᠬᠤᠷᠠᠯ ᠢᠯᠠᠯᠲᠠ ᠲᠠᠢ ᠪᠡᠷ ᠲᠡᠭᠦᠰᠴᠦ᠂ ᠰᠢᠨ᠎ᠡ ᠴᠠᠭ ᠦᠶ᠎ᠡ ᠶᠢ ᠨᠡᠭᠡᠭᠡᠭᠰᠡᠨ ᠲᠡᠤᠬᠡᠲᠦ ᠴᠠᠭ ᠦᠶ᠎ᠡ ᠳᠤ᠂ ᠠᠵᠢᠯ ᠠᠴᠠ ᠪᠠᠨ ᠠᠮᠠᠷᠠᠭᠰᠠᠨ ᠺᠠᠲᠠᠷ ᠤᠨ ᠠᠮᠢᠳᠤᠷᠠᠯ ᠢ ᠤᠯᠠᠮ ᠨᠢᠭᠡ ᠠᠯᠬᠤᠮ ᠬᠠᠷᠠᠭᠠᠯᠵᠠᠵᠤ᠂ ᠲᠡᠳᠡᠨ ᠳᠤ ᠵᠣᠬᠢᠶᠠᠨ ᠪᠠᠢᠭᠤᠯᠤᠯᠲᠠ ᠶᠢᠨ ᠬᠠᠯᠠᠭᠤᠨ ᠳᠤᠯᠠᠭᠠᠨ ᠢ ᠮᠡᠳᠡᠭᠦᠯᠬᠦ ᠶᠢᠨ ᠲᠥᠯᠦᠭᠡ᠂ 11 ᠰᠠᠷᠠᠢᠨ 3 ᠤ ᠡᠳᠦᠷ ᠦᠨ ᠦᠳᠡ ᠶᠢᠨ ᠡᠮᠦᠨ᠎ᠡ᠃ ᠣᠷᠳᠤᠰ ᠬᠣᠲᠠ ᠶᠢᠨ ᠠᠷᠠᠳ ᠤᠨ ᠳᠤᠮᠳᠠ ᠵᠡᠷᠭᠡ ᠶᠢᠨ ᠰᠢᠭᠦᠬᠦ ᠬᠣᠷᠢᠶ᠎ᠠ ᠠᠵᠢᠯ ᠠᠴᠠ ᠠᠮᠠᠷᠠᠭᠰᠠᠨ ᠺᠠᠲᠠᠷ ᠤᠨ ᠨᠠᠮ ᠤᠨ ᠠᠷᠪᠠ ᠶᠢᠰᠦᠳᠦᠭᠡᠷ ᠶᠡᠬᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠤᠱᠠᠯᠠᠭᠤᠯᠬᠤ ᠰᠠᠭᠤᠳᠠᠯ ᠤᠨ ᠬᠤᠷᠠᠯ ᠬᠤᠷᠠᠯᠳᠤᠭᠤᠯᠪᠠ᠃
ᠣᠷᠳᠤᠰ ᠬᠣᠲᠠ ᠶᠢᠨ ᠠᠷᠠᠳ ᠤᠨ ᠳᠤᠮᠳᠠ ᠵᠡᠷᠭᠡ ᠶᠢᠨ ᠰᠢᠭᠦᠬᠦ ᠬᠣᠷᠢᠶᠠᠨ ᠤ ᠳᠡᠳ᠋ ᠬᠣᠷᠢᠶᠠᠨ ᠳᠠᠷᠤᠭ᠎ᠠ ᠠᠢ ᠹᠸᠢ ᠠᠵᠢᠯ ᠠᠴᠠ ᠪᠠᠨ ᠠᠮᠠᠷᠠᠭᠰᠠᠨ ᠠᠬᠠᠮᠠᠳ ᠺᠠᠲᠠᠷ ᠲᠠᠢ ᠬᠠᠮᠲᠤ ᠣᠷᠳᠤᠰ ᠬᠣᠲᠠ ᠶᠢᠨ ᠳᠤᠮᠳᠠ ᠵᠡᠷᠭᠡ ᠶᠢᠨ ᠰᠢᠭᠦᠬᠦ ᠬᠣᠷᠢᠶᠠᠨ ᠤ ᠰᠢᠨ᠎ᠡ ᠰᠢᠭᠦᠨ ᠲᠠᠰᠤᠯᠤᠯᠲᠠ ᠶᠢᠨ ᠶᠡᠬᠡ ᠠᠰᠠᠷ ᠤᠨ ᠰᠢᠭᠦᠬᠦ ᠲᠢᠩᠬᠢᠮ᠂ ᠵᠠᠷᠭᠤ ᠶᠢᠨ ᠦᠢᠯᠡᠴᠢᠯᠡᠭᠡᠨ ᠦ ᠲᠥᠪ᠂ ᠭᠦᠢᠴᠡᠳᠬᠡᠬᠦ ᠶᠢ ᠵᠢᠭᠠᠨ ᠵᠢᠯᠤᠭᠤᠳᠬᠤ ᠲᠥᠪ ᠦᠨ ᠪᠦᠲᠦᠭᠡᠨ ᠪᠠᠢᠭᠤᠯᠤᠯᠲᠠ ᠶᠢᠨ ᠪᠠᠢᠳᠠᠯ ᠵᠢᠴᠢ ᠮᠡᠳᠡᠭᠡ ᠵᠠᠩᠭᠢᠴᠢᠯᠠᠯᠲᠠ ᠶᠢᠨ ᠪᠦᠲᠦᠭᠡᠨ ᠪᠠᠢᠭᠤᠯᠤᠯᠲᠠ ᠪᠠ ᠰᠣᠶᠤᠯ ᠤᠨ ᠪᠦᠲᠦᠭᠡᠨ ᠪᠠᠢᠭᠤᠯᠤᠯᠲᠠ ᠶᠢᠨ ᠦᠷ᠎ᠡ ᠪᠦᠲᠦᠮᠵᠢ ᠶᠢ ᠲᠣᠭᠤᠷᠢᠨ ᠦᠵᠡᠪᠡ᠃
ᠳᠤᠭᠤᠷᠢᠨ ᠦᠵᠡᠭᠰᠡᠨ ᠦ ᠳᠠᠷᠠᠭ᠎ᠠ᠂ ᠣᠷᠳᠤᠰ ᠬᠣᠲᠠ ᠶᠢᠨ ᠳᠤᠮᠳᠠ ᠵᠡᠷᠭᠡ ᠶᠢᠨ ᠰᠢᠭᠦᠬᠦ ᠬᠣᠷᠢᠶᠠᠨ ᠤ ᠠᠷᠪᠠᠨ ᠲᠠᠪᠤᠳᠤᠭᠠᠷ ᠳᠠᠪᠬᠤᠷ ᠤᠨ ᠬᠤᠷᠠᠯ ᠤᠨ ᠬᠡᠷ ᠲᠤ ᠠᠵᠢᠯ ᠠᠴᠠ ᠪᠠᠨ ᠠᠮᠠᠷᠠᠭᠰᠠᠨ ᠺᠠᠲᠠᠷ ᠨᠠᠮ ᠤᠨ ᠠᠷᠪᠠ ᠶᠢᠰᠦᠳᠦᠭᠡᠷ ᠶᠡᠬᠡ ᠬᠤᠷᠠᠯ ᠤᠨ ᠵᠣᠷᠢᠭ ᠰᠠᠨᠠᠭ᠎ᠠ ᠰᠤᠷᠤᠯᠴᠠᠨ ᠲᠤᠤᠱᠠᠯᠠᠭᠤᠯᠬᠤ ᠰᠠᠭᠤᠳᠠᠯ ᠤᠨ ᠬᠤᠷᠠᠯ ᠬᠤᠷᠠᠯᠳᠤᠪᠠ᠃ 32 ᠨᠡᠷᠡᠰ ᠠᠵᠢᠯ ᠠᠴᠠ ᠪᠠᠨ ᠠᠮᠠᠷᠠᠭᠰᠠᠨ ᠠᠬᠠᠮᠠᠳ ᠺᠠᠲᠠᠷ ᠰᠠᠭᠤᠳᠠᠯ ᠤᠨ ᠬᠤᠷᠠᠯ ᠳᠤ ᠣᠷᠤᠯᠴᠠᠪᠠ᠃ ᠣᠷᠳᠤᠰ ᠬᠣᠲᠠ ᠶᠢᠨ ᠠᠷᠠᠳ ᠤᠨ ᠳᠤᠮᠳᠠ ᠵᠡᠷᠭᠡ ᠶᠢᠨ ᠰᠢᠭᠦᠬᠦ ᠬᠣᠷᠢᠶᠠᠨ ᠤ ᠳᠡᠳ᠋ ᠬᠣᠷᠢᠶᠠᠨ ᠳᠠᠷᠤᠭ᠎ᠠ ᠠᠢ ᠹᠸᠢ ᠨᠠᠮ ᠤᠨ ᠤᠳᠤᠷᠢᠳᠬᠤ ᠳᠤᠭᠤᠢᠯᠠᠩ᠂ ᠪᠦᠬᠦ ᠬᠣᠷᠢᠶᠠᠨ ᠤ ᠺᠠᠲᠠᠷ ᠴᠠᠭᠳᠠᠭ᠎ᠠ ᠶᠢ ᠲᠥᠯᠦᠭᠡᠯᠡᠨ ᠡᠯ᠎ᠡ ᠠᠵᠢᠯ ᠠᠴᠠ ᠪᠠᠨ ᠠᠮᠠᠷᠠᠭᠰᠠᠨ ᠠᠬᠠᠮᠠᠳ ᠤᠳᠤᠷᠢᠳᠤᠯᠭ᠎ᠠ᠂ ᠠᠬᠠᠮᠠᠳ ᠠᠵᠢᠯᠲᠠᠨ ᠰᠢᠭᠦᠬᠦ ᠬᠣᠷᠢᠶᠠᠨ ᠳᠤ ᠦᠵᠡᠭᠦᠯᠦᠭᠰᠡᠨ ᠶᠡᠬᠡ ᠬᠤᠪᠢ ᠨᠡᠮᠡᠷᠢ ᠳᠤ ᠲᠠᠯᠠᠷᠬᠠᠯ ᠢᠶᠠᠨ ᠢᠯᠡᠳᠭᠡᠵᠦ᠂ ᠲᠡᠲᠡᠨᠠᠷ ᠤᠨ ᠪᠡᠶ᠎ᠡ ᠮᠠᠬᠠᠪᠤᠳ ᠡᠷᠡᠭᠦᠯ ᠴᠢᠭᠢᠷᠠᠭ᠂ ᠠᠮᠢᠳᠤᠷᠠᠯ ᠵᠣᠯ ᠵᠢᠷᠭᠠᠯ ᠲᠠᠢ ᠶᠢ ᠵᠥᠩᠨᠡᠪᠡ᠃
ᠰᠠᠭᠤᠳᠠᠯ ᠤᠨ ᠬᠤᠷᠠᠯ ᠳᠡᠭᠡᠷ᠎ᠡ᠂ ᠠᠢ ᠹᠧᠢ ᠳᠡᠳ᠋ ᠬᠣᠷᠢᠶᠠᠨ ᠳᠠᠷᠤᠭ᠎ᠠ ᠲᠤᠰ ᠵᠢᠯ ᠠᠴᠠ ᠨᠠᠰᠢᠬᠢ ᠰᠢᠭᠦᠬᠦ ᠬᠣᠷᠢᠶᠠᠨ ᠤ ᠠᠩᠬᠢ ᠶᠢᠨ ᠪᠦᠲᠦᠭᠡᠨ ᠪᠠᠢᠭᠤᠯᠤᠯᠲᠠ᠂ ᠬᠠᠤᠯᠢ ᠴᠠᠭᠠᠵᠠ ᠶᠢᠨ ᠥᠭᠡᠷᠡᠴᠢᠯᠡᠯᠲᠡ᠂ ᠬᠡᠷᠡᠭ ᠬᠦᠯᠢᠶᠡᠨ ᠠᠪᠬᠤ ᠵᠡᠷᠭᠡ ᠠᠵᠢᠯ ᠤᠨ ᠪᠠᠢᠳᠠᠯ ᠢ ᠲᠠᠨᠢᠯᠴᠠᠭᠤᠯᠪᠠ᠃ ᠲᠡᠷᠡ ᠵᠢᠭᠠᠵᠤ ᠭᠠᠷᠭᠠᠭᠰᠠᠨ ᠨᠢ᠂ ᠰᠢᠭᠦᠬᠦ ᠭᠦᠢᠴᠡᠳᠬᠡᠬᠦ ᠠᠵᠢᠯ ᠤᠨ ᠰᠢᠨ᠎ᠡ ᠬᠡᠯᠪᠡᠷᠢ᠂ ᠰᠢᠨ᠎ᠡ ᠪᠠᠢᠳᠠᠯ᠂ ᠰᠢᠨ᠎ᠡ ᠡᠭᠦᠷᠭᠡ ᠳᠤ ᠬᠠᠨᠳᠤᠬᠤ ᠳᠤ ᠪᠦᠬᠦ ᠬᠣᠲᠠ ᠶᠢᠨ ᠰᠢᠭᠦᠬᠦ ᠬᠣᠷᠢᠶ᠎ᠠ《ᠡᠭᠦᠷᠢᠳᠡ ᠶᠢᠨ ᠬᠠᠷᠠᠯᠲᠠ ᠶᠢ ᠪᠠᠷᠢᠮᠲᠠᠯᠠᠵᠤ᠂ ᠬᠥᠭᠵᠢᠯᠲᠡ ᠶᠢᠨ ᠬᠤᠪᠢᠷᠠᠯᠲᠠ ᠶᠢ ᠰᠠᠢᠲᠤᠷ ᠬᠢᠵᠦ᠂ ᠪᠡᠶᠡᠯᠡᠭᠦᠯᠬᠦ ᠠᠷᠭ᠎ᠠ ᠵᠠᠮ ᠢ ᠰᠦᠪᠡᠭᠴᠢᠯᠡᠵᠦ᠂ ᠪᠦᠬᠦ ᠬᠣᠲᠠ ᠶᠢᠨ ᠰᠢᠭᠦᠬᠦ ᠬᠣᠷᠢᠶᠠᠨ ᠤ ᠠᠵᠢᠯ ᠤᠨ ᠰᠢᠨ᠎ᠡ ᠪᠠᠢᠳᠠᠯ ᠢ ᠴᠢᠷᠮᠠᠢᠨ ᠪᠡᠶᠡᠯᠡᠭᠦᠯᠬᠦ》 ᠠᠵᠢᠯ ᠤᠨ ᠰᠡᠳᠭᠢᠴᠡ ᠪᠡᠷ ᠬᠦᠨᠳᠦ ᠡᠭᠦᠷᠭᠡ ᠶᠢ ᠡᠭᠦᠷᠭᠡᠯᠡᠵᠦ᠂ ᠴᠢᠷᠮᠠᠢᠨ ᠤᠷᠤᠭᠰᠢᠯᠠᠵᠤ᠂ ᠨᠡᠯᠢᠶᠡᠳ ᠤᠷᠤᠭᠰᠢᠲᠠᠢ ᠰᠢᠭᠦᠬᠦ ᠭᠦᠢᠴᠡᠳᠬᠡᠬᠦ ᠠᠵᠢᠯ ᠤᠨ ᠡᠭᠦᠷᠭᠡ ᠶᠢ ᠪᠡᠶᠡᠯᠡᠭᠦᠯᠵᠦ᠂《ᠣᠷᠳᠤᠰ ᠤᠨ ᠠᠵᠤ ᠠᠬᠤᠢ ᠨᠡᠢᠭᠡᠮ ᠦᠨ ᠬᠥᠭᠵᠢᠯᠲᠡ ᠵᠢᠴᠢ ᠲᠡᠤᠬᠡ ᠶᠢᠨ ᠰᠣᠶᠤᠯ ᠤᠯᠠᠮᠵᠢᠯᠠᠯ ᠲᠠᠢ ᠨᠡᠢᠴᠡᠬᠦ ᠲᠡᠷᠢᠭᠦᠨ ᠳᠡᠰ ᠦᠨ ᠰᠢᠭᠦᠬᠦ ᠬᠣᠷᠢᠶᠠᠨ ᠤ ᠠᠵᠢᠯ ᠢ ᠪᠦᠲᠦᠭᠡᠨ ᠪᠠᠢᠭᠤᠯᠬᠤ》 ᠬᠠᠷᠠᠯᠲᠠ ᠥᠭᠡᠳᠡ ᠰᠢᠨ᠎ᠡ ᠨᠢᠭᠡ ᠠᠯᠬᠤᠮ ᠠᠯᠬᠤᠨ᠎ᠠ᠃ ᠲᠡᠷᠡ ᠬᠦᠰᠡᠬᠦ ᠨᠢ ᠡᠯ᠎ᠡ ᠠᠬᠠᠮᠠᠳ ᠤᠳᠤᠷᠢᠳᠤᠯᠭ᠎ᠠ᠂ ᠠᠬᠠᠮᠠᠳ ᠠᠵᠢᠯᠲᠠᠨ ᠦᠷᠭᠦᠯᠵᠢᠯᠡᠨ ᠡᠷᠬᠢᠮ ᠰᠤᠷᠲᠠᠯ᠂ ᠲᠤᠷᠰᠢᠯᠭ᠎ᠠ ᠡᠯᠪᠡᠭ᠂ ᠬᠠᠷᠢᠯᠴᠠᠬᠤ ᠬᠡᠪᠴᠢᠶ᠎ᠡ ᠥᠷᠭᠡᠨ᠂ ᠨᠦᠯᠦᠭᠡᠯᠡᠬᠦ ᠬᠦᠴᠦᠨ ᠶᠡᠬᠡ ᠳᠠᠪᠠᠭᠤᠯᠢᠭ ᠪᠠᠨ ᠪᠠᠳᠠᠷᠠᠭᠤᠯᠵᠤ᠂ ᠨᠠᠮ ᠤᠨ ᠠᠷᠪᠠ ᠶᠢᠰᠦᠳᠦᠭᠡᠷ ᠶᠡᠬᠡ ᠬᠤᠷᠠᠯ ᠤᠨ ᠵᠣᠷᠢᠭ ᠰᠠᠨᠠᠭ᠎ᠠ ᠪᠣᠯᠤᠨ ᠰᠢᠭᠦᠬᠦ ᠬᠣᠷᠢᠶᠠᠨ ᠤ ᠰᠢᠢᠳᠪᠦᠷᠢ ᠵᠢᠴᠢ ᠠᠵᠢᠯ ᠤᠨ ᠲᠣᠬᠢᠷᠠᠭᠤᠯᠤᠯᠲᠠ ᠵᠢ ᠢᠳᠡᠪᠬᠢᠲᠠᠢ ᠰᠤᠷᠤᠯᠴᠠᠨ ᠤᠬᠠᠭᠤᠯᠵᠤ᠂ ᠣᠷᠳᠤᠰ ᠬᠣᠲᠠ ᠶᠢᠨ ᠳᠤᠮᠳᠠ ᠵᠡᠷᠭᠡ ᠶᠢᠨ ᠰᠢᠭᠦᠬᠦ ᠬᠣᠷᠢᠶᠠᠨ ᠤ ᠬᠥᠭᠵᠢᠯᠲᠡ ᠳᠤ ᠢᠳᠡᠪᠬᠢᠲᠡᠢ ᠪᠡᠷ ᠰᠠᠨᠠᠭᠤᠯᠭ᠎ᠠ ᠥᠭᠴᠦ᠂ ᠣᠷᠳᠤᠰ ᠬᠣᠲᠠ ᠶᠢᠨ ᠳᠤᠮᠳᠠ ᠵᠡᠷᠭᠡ ᠶᠢᠨ ᠰᠢᠭᠦᠬᠦ ᠬᠣᠷᠢᠶᠠᠨ ᠤ ᠬᠠᠤᠯᠢ ᠴᠠᠭᠠᠵᠠ ᠶᠢᠨ ᠦᠢᠯᠡᠰ ᠢ ᠬᠠᠮᠲᠤᠪᠡᠷ ᠬᠦᠭᠵᠢᠭᠦᠯᠵᠦ᠂ ᠬᠠᠮᠠᠭᠠᠯᠠᠵᠤ᠂ ᠰᠢᠭᠦᠬᠦ ᠬᠣᠷᠢᠶᠠᠨ ᠤ ᠡᠯ᠎ᠡ ᠰᠢᠭᠦᠨ ᠲᠠᠰᠤᠯᠤᠯᠲᠠ ᠶᠢᠨ ᠠᠵᠢᠯ ᠤᠷᠤᠭᠰᠢᠲᠠᠢ ᠶᠠᠪᠤᠭᠳᠠᠬᠤ ᠳᠤ ᠦᠷᠭᠦᠯᠵᠢᠯᠡᠨ ᠨᠡᠩ ᠶᠡᠬᠡ ᠬᠤᠪᠢ ᠨᠡᠮᠡᠷᠢ ᠦᠵᠡᠭᠦᠯᠦᠨ᠎ᠡ᠃ ᠠᠢ ᠹᠧᠢ ᠳᠡᠳ᠋ ᠬᠣᠷᠢᠶᠠᠨ ᠳᠠᠷᠤᠭ᠎ᠠ ᠴᠢᠩᠭᠠᠳᠭᠠᠭᠰᠠᠨ ᠨᠢ᠂ ᠬᠣᠵᠢᠮ ᠤᠨ ᠠᠵᠢᠯ ᠳᠤᠮᠳᠠ᠂ ᠣᠷᠳᠤᠰ ᠬᠣᠲᠠ ᠶᠢᠨ ᠳᠤᠮᠳᠠ ᠵᠡᠷᠭᠡ ᠶᠢᠨ ᠰᠢᠭᠦᠬᠦ ᠬᠣᠷᠢᠶ᠎ᠠ ᠦᠷᠭᠦᠯᠵᠢᠯᠡᠨ ᠡᠯ᠎ᠡ ᠳᠦᠷᠢᠮ ᠢ ᠲᠡᠭᠦᠯᠳᠡᠷᠵᠢᠭᠦᠯᠵᠦ᠂ ᠠᠬᠠᠮᠠᠳ ᠺᠠᠲᠠᠷ ᠤᠨ ᠪᠡᠶ᠎ᠡ ᠮᠠᠬᠠᠪᠤᠳ ᠤᠨ ᠡᠷᠡᠭᠦᠯ ᠴᠢᠭᠢᠷᠠᠭ ᠪᠠ ᠠᠮᠢᠳᠤᠷᠠᠯ ᠤᠨ ᠬᠦᠴᠢᠷᠳᠡᠯ ᠢ ᠬᠠᠯᠠᠮᠵᠢᠯᠠᠵᠤ᠂ ᠶᠡᠬᠡ ᠬᠦᠴᠦᠨ ᠢᠶᠡᠷ ᠠᠬᠠᠮᠠᠳ ᠢᠶᠡᠨ ᠬᠦᠨᠳᠦᠯᠡᠬᠦ᠂ ᠠᠬᠠᠮᠠᠳ ᠢᠶᠠᠨ ᠬᠠᠢᠷᠠᠯᠠᠬᠤ᠂ ᠠᠬᠠᠮᠠᠳ ᠢᠶᠠᠨ ᠬᠠᠪᠰᠤᠷᠬᠤ ᠤᠯᠠᠮᠵᠢᠯᠠᠯᠲᠤ ᠰᠤᠷᠲᠠᠯ ᠪᠠᠨ ᠪᠠᠳᠠᠷᠠᠭᠤᠯᠵᠤ᠂ ᠠᠬᠠᠮᠠᠳ ᠺᠠᠲᠠᠷ᠂ ᠠᠬᠠᠮᠠᠳ ᠠᠵᠢᠯᠲᠠᠨ ᠦᠲᠡᠯᠦᠭᠡ ᠨᠠᠰᠤᠨ ᠳ᠋ᠠᠭᠠᠨ ᠲᠡᠵᠢᠭᠡᠬᠦ ᠬᠥᠮᠦᠨ ᠲᠠᠢ᠂ ᠦᠲᠡᠯᠦᠭᠡ ᠨᠠᠰᠤᠨ ᠳ᠋ᠠᠭᠠᠨ ᠰᠤᠷᠤᠯᠴᠠᠬᠤ ᠵᠦᠢᠯ ᠲᠠᠢ᠂ ᠦᠲᠡᠯᠦᠭᠡ ᠨᠠᠰᠤᠨ ᠳ᠋ᠠᠭᠠᠨ ᠦᠢᠯᠡᠰ ᠲᠠᠢ᠂ ᠦᠲᠡᠯᠦᠭᠡ ᠨᠠᠰᠤᠨ ᠳ᠋ᠠᠭᠠᠨ ᠪᠠᠶᠠᠷ ᠵᠢᠷᠭᠠᠯ ᠲᠠᠢ ᠶᠢ ᠪᠠᠲᠤᠯᠠᠨ᠎ᠠ᠃
ᠬᠤᠷᠠᠯᠳᠤᠭᠠᠨ ᠪᠠᠰᠠ ᠳᠤᠮᠳᠠᠳᠤ ᠤᠯᠤᠰ ᠤᠨ ᠡᠪ ᠬᠠᠮᠲᠤ ᠨᠠᠮ ᠣᠷᠳᠤᠰ ᠬᠣᠲᠠ ᠶᠢᠨ ᠠᠷᠠᠳ ᠤᠨ ᠳᠤᠮᠳᠠ ᠵᠡᠷᠭᠡ ᠶᠢᠨ ᠰᠢᠭᠦᠬᠦ ᠬᠣᠷᠢᠶᠠᠨ ᠤ ᠠᠷᠪᠠᠨ ᠬᠣᠶᠠᠳᠤᠭᠠᠷ ᠨᠠᠮ ᠤᠨ ᠡᠭᠦᠷ ᠦᠨ ᠭᠡᠰᠢᠭᠦᠨ ᠦ ᠬᠤᠷᠠᠯ(ᠠᠵᠢᠯ ᠠᠴᠠ ᠪᠠᠨ ᠠᠮᠠᠷᠠᠭᠰᠠᠨ ᠺᠠᠲᠠᠷ ᠤᠨ ᠨᠠᠮ ᠤᠨ ᠡᠭᠦᠷ) ᠦᠨ ᠨᠠᠮ ᠤᠨ ᠡᠭᠦᠷ ᠦᠨ ᠭᠡᠰᠢᠭᠦᠨ ᠬᠤᠭᠤᠴᠠᠭ᠎ᠠ ᠰᠣᠯᠢᠬᠤ ᠰᠣᠩᠭᠤᠭᠤᠯᠢ ᠶᠢᠨ ᠠᠵᠢᠯ ᠶᠠᠪᠤᠭᠳᠠᠭᠤᠯᠵᠤ᠂ ᠭᠠᠷ ᠡᠷᠭᠦᠬᠦ ᠪᠡᠷ ᠳᠠᠮᠵᠢᠵᠤ ᠪᠠᠲᠤᠯᠠᠵᠤ᠂ ᠣᠷᠳᠤᠰ ᠬᠣᠲᠠ ᠶᠢᠨ ᠳᠤᠮᠳᠠ ᠵᠡᠷᠭᠡ ᠶᠢᠨ ᠰᠢᠭᠦᠬᠦ ᠬᠣᠷᠢᠶᠠᠨ ᠤ ᠪᠠᠢᠭᠤᠯᠭ᠎ᠠ ᠶᠢᠨ ᠶᠠᠪᠤᠳᠠᠯ ᠤᠨ ᠲᠥᠪ ᠦᠨ ᠡᠷᠬᠢᠯᠡᠭᠴᠢ ᠯᠢ ᠭᠦᠧᠧ ᠴᠢᠩ ᠠᠷᠪᠠᠨ ᠬᠣᠶᠠᠳᠤᠭᠠᠷ ᠨᠠᠮ ᠤᠨ ᠡᠭᠦᠷ ᠦᠨ ᠱᠦᠵᠢ ᠪᠡᠷ ᠰᠣᠩᠭᠤᠭᠳᠠᠪᠠ᠃
ᠰᠠᠭᠤᠳᠠᠯ ᠤᠨ ᠬᠤᠷᠠᠯ ᠳᠡᠭᠡᠷ᠎ᠡ᠂ ᠣᠷᠳᠤᠰ ᠬᠣᠲᠠ ᠶᠢᠨ ᠳᠤᠮᠳᠠ ᠵᠡᠷᠭᠡ ᠶᠢᠨ ᠪᠠᠢᠭᠤᠯᠭ᠎ᠠ ᠶᠢᠨ ᠨᠠᠮ ᠤᠨ ᠬᠣᠷᠢᠶᠠᠨ ᠤ ᠬᠠᠷᠢᠭᠤᠴᠠᠯᠭᠠᠲᠠᠨ ᠭᠤᠤ ᠾᠧᠦ ᠬᠤᠷᠠᠯ ᠳᠤ ᠣᠷᠤᠯᠴᠠᠭᠰᠠᠨ ᠠᠬᠠᠮᠠᠳ ᠤᠳᠤᠷᠢᠳᠤᠯᠭ᠎ᠠ᠂ ᠠᠬᠠᠮᠠᠳ ᠠᠵᠢᠯᠲᠠᠨ ᠢ ᠵᠣᠬᠢᠶᠠᠨ ᠪᠠᠢᠭᠤᠯᠤᠨ ᠨᠠᠮ ᠤᠨ ᠠᠷᠪᠠ ᠶᠢᠰᠦᠳᠦᠭᠡᠷ ᠶᠡᠬᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠪᠠ᠃ ᠬᠤᠷᠠᠯ ᠳᠤ ᠣᠷᠤᠯᠴᠠᠭᠰᠠᠨ ᠠᠬᠠᠮᠠᠳ ᠺᠠᠲᠠᠷ ᠠᠷᠪᠠ ᠶᠢᠰᠦᠳᠦᠭᠡᠷ ᠶᠡᠬᠡ ᠬᠤᠷᠠᠯ ᠤᠨ ᠵᠣᠷᠢᠭ ᠰᠠᠨᠠᠭ᠎ᠠ ᠲᠠᠢ ᠤᠶᠠᠯᠳᠤᠭᠤᠯᠤᠨ ᠰᠢᠭᠦᠬᠦ ᠬᠣᠷᠢᠶᠠᠨ ᠤ ᠠᠵᠢᠯ ᠤᠨ ᠲᠥᠰᠦᠪ ᠪᠠ ᠪᠤᠳᠤᠯ ᠢᠶᠡᠨ ᠶᠠᠷᠢᠯᠴᠠᠵᠤ᠂ ᠣᠷᠳᠤᠰ ᠬᠣᠲᠠ ᠶᠢᠨ ᠳᠤᠮᠳᠠ ᠵᠡᠷᠭᠡ ᠶᠢᠨ ᠰᠢᠭᠦᠬᠦ ᠬᠣᠷᠢᠶᠠᠨ ᠤ ᠲᠤᠰ ᠵᠢᠯ ᠤᠨ ᠠᠵᠢᠯ ᠳᠤ ᠭᠦᠢᠴᠡᠳ ᠨᠤᠲᠠᠯᠠᠯᠲᠠ ᠪᠠ ᠰᠠᠢᠰᠢᠶᠠᠯ ᠥᠭᠴᠦ᠂ ᠰᠢᠭᠦᠬᠦ ᠬᠣᠷᠢᠶᠠᠨ ᠤ ᠨᠠᠮ ᠤᠨ ᠤᠳᠤᠷᠢᠳᠬᠤ ᠳᠤᠭᠤᠢᠯᠠᠩ ᠤᠨ ᠬᠠᠢᠷ᠎ᠠ ᠬᠠᠯᠠᠮᠵᠢᠯᠠᠯ ᠳᠤ ᠲᠠᠯᠠᠷᠬᠠᠵᠤ᠂ ᠰᠢ ᠵᠢᠨ ᠫᠢᠩ ᠶᠡᠷᠦᠩᠬᠡᠢ ᠱᠦᠵᠢ ᠶᠢᠨ ᠦᠭᠡ《ᠤᠤᠯ ᠰᠠᠨᠠᠭ᠎ᠠ ᠪᠠᠨ ᠮᠠᠷᠲᠠᠬᠤ ᠦᠭᠡᠢ᠂ ᠡᠭᠦᠷᠭᠡ ᠪᠠᠨ ᠪᠠᠲᠤ ᠴᠡᠭᠡᠵᠢᠯᠡᠬᠦ》 ᠶᠢ ᠪᠠᠲᠤ ᠴᠡᠭᠡᠵᠢᠯᠡᠬᠦ ᠪᠡᠷ ᠢᠯᠡᠷᠬᠡᠢᠯᠡᠵᠦ᠂ ᠠᠬᠠᠮᠠᠳ ᠺᠠᠲᠠᠷ ᠪᠣᠯᠤᠭᠰᠠᠨ ᠤ ᠬᠤᠪᠢ ᠳᠤ ᠬᠡᠳᠦᠢᠪᠡᠷ ᠠᠵᠢᠯ ᠠᠴᠠ ᠪᠠᠨ ᠠᠮᠠᠷᠠᠭᠰᠠᠨ ᠪᠣᠯᠪᠠᠴᠤ ᠬᠡᠵᠢᠶᠡᠳᠡ ᠨᠠᠮ ᠤᠨ ᠭᠡᠰᠢᠭᠦᠨ ᠦ ᠴᠢᠨᠠᠷ ᠪᠡᠨ ᠬᠠᠳᠠᠭᠠᠯᠠᠵᠤ᠂ ᠨᠠᠮᠴᠢ ᠴᠢᠨᠠᠷ ᠢᠶᠠᠨ ᠳᠡᠭᠡᠭᠰᠢᠯᠡᠭᠦᠯᠬᠦ ᠪᠡᠷ ᠪᠣᠯᠪᠠᠰᠤᠷᠠᠨ᠎ᠠ᠃ ᠨᠠᠮ ᠤᠨ ᠠᠷᠪᠠ ᠶᠢᠰᠦᠳᠦᠭᠡᠷ ᠶᠡᠬᠡ ᠬᠤᠷᠠᠯ ᠤᠨ ᠵᠣᠷᠢᠭ ᠰᠠᠨᠠᠭ᠎ᠠ ᠰᠤᠷᠤᠯᠴᠠᠨ ᠤᠬᠠᠭᠤᠯᠬᠤ ᠬᠥᠳᠡᠯᠭᠡᠭᠡᠨ ᠳᠤᠮᠳᠠ᠂ ᠲᠡᠲᠡᠨᠠᠷ ᠲᠤᠷᠰᠢᠯᠭ᠎ᠠ ᠶᠢᠨ ᠳᠠᠪᠠᠭᠤᠯᠢᠭ᠂ ᠡᠷᠬᠡ ᠰᠦᠷ ᠦᠨ ᠳᠠᠪᠠᠭᠤᠯᠢᠭ ᠪᠠᠨ ᠪᠠᠳᠠᠷᠠᠭᠤᠯᠵᠤ ᠲᠣᠯᠤᠭᠠᠢᠯᠠᠨ᠂ ᠦᠵᠡᠯ ᠰᠠᠨᠠᠭ᠎ᠠ ᠪᠠ ᠠᠵᠢᠯᠯᠠᠭ᠎ᠠ ᠪᠡᠨ ᠨᠠᠮ ᠤᠨ ᠠᠷᠪᠠ ᠶᠢᠰᠦᠳᠦᠭᠡᠷ ᠶᠡᠬᠡ ᠬᠤᠷᠠᠯ ᠤᠨ ᠵᠣᠷᠢᠭ ᠰᠠᠨᠠᠭ᠎ᠠ ᠳᠡᠭᠡᠷ᠎ᠡ ᠨᠢᠭᠡᠳᠭᠡᠵᠦ᠂ ᠬᠣᠵᠢᠮ ᠦᠷᠭᠦᠯᠵᠢᠯᠡᠨ ᠰᠢᠭᠦᠬᠦ ᠬᠣᠷᠢᠶᠠᠨ ᠤ ᠬᠥᠭᠵᠢᠯᠲᠡ ᠳᠤ ᠠᠩᠬᠠᠷᠤᠯ ᠪᠠᠨ ᠲᠠᠯᠪᠢᠵᠤ᠂ ᠰᠢᠭᠦᠬᠦ ᠬᠣᠷᠢᠶᠠᠨ ᠤ ᠠᠵᠢᠯ ᠳᠤ ᠬᠠᠪᠰᠤᠷᠴᠤ᠂ ᠦᠯᠡᠳᠡᠪᠦᠷᠢ ᠬᠡᠷᠡᠯ ᠭᠢᠯᠪᠠᠭ᠎ᠠ ᠪᠠᠨ ᠪᠠᠳᠠᠷᠠᠭᠤᠯᠤᠨ᠎ᠠ᠃
ᠦᠨᠡᠯᠡᠬᠦ 0ᠦᠨᠡᠯᠡᠯᠲᠡ᠎ᠲᠠᠢ