ᠣᠷᠳᠤᠰ ᠬᠣᠲᠠ ᠶᠢᠨ ᠳᠤᠮᠳᠠ ᠵᠡᠷᠭᠡ ᠶᠢᠨ ᠰᠢᠭᠦᠬᠦ ᠬᠣᠷᠢᠶ᠎ᠠ ᠪᠦᠬᠦ ᠬᠣᠲᠠ ᠶᠢᠨ ᠰᠢᠭᠦᠬᠦ ᠬᠣᠷᠢᠶᠠᠨ ᠤ ᠭᠦᠢᠴᠡᠳᠬᠡᠬᠦ ᠠᠵᠢᠯ ᠤᠨ ᠲᠤᠰᠭᠠᠢ ᠰᠡᠳᠦᠪᠲᠦ ᠬᠤᠷᠠᠯ ᠬᠤᠷᠠᠯᠳᠤᠪᠠ
2017.11.06 ᠲᠣᠰ ᠥᠷᠲᠡᠭᠡᠨ ᠦ ᠨᠠᠢᠷᠠᠭᠤᠯᠤᠭᠴᠢ

 

 

 

 

 

 

 

 

 

 

   ᠥᠪᠡᠷᠲᠡᠭᠡᠨ ᠵᠠᠰᠠᠬᠤ ᠣᠷᠤᠨ ᠤ ᠳᠡᠭᠡᠳᠦ ᠵᠡᠷᠭᠡ ᠶᠢᠨ ᠰᠢᠭᠦᠬᠦ ᠬᠣᠷᠢᠶᠠᠨ ᠤ ᠵᠢᠯ ᠤᠨ ᠡᠬᠢᠨ ᠳᠤ ᠳᠤᠷᠠᠳᠤᠭᠰᠠᠨ 2017 ᠣᠨ  ᠵᠢᠯ ᠤᠨ ᠡᠴᠦᠰ ᠲᠤ《ᠡᠳ᠋ ᠬᠥᠷᠦᠩᠭᠡ ᠲᠠᠢ ᠭᠦᠢᠴᠡᠳᠭᠡᠵᠦ ᠪᠣᠯᠬᠤ ᠬᠡᠷᠡᠭ ᠦᠨ ᠭᠦᠢᠴᠡᠳᠬᠡᠬᠦ ᠨᠤᠷᠮ᠎ᠠ 85% ᠡᠴᠡ ᠳᠡᠭᠡᠭᠰᠢ ᠪᠠᠢᠵᠤ᠂ ᠰᠢᠭᠦᠬᠦ ᠬᠢᠵᠠᠭᠠᠷ ᠤᠨ ᠳᠣᠲᠤᠷ᠎ᠠ ᠭᠦᠢᠴᠡᠳᠭᠡᠵᠦ ᠳᠠᠭᠤᠰᠭᠠᠭᠰᠠᠨ ᠨᠤᠷᠮ᠎ᠠ80% ᠡᠴᠡ ᠪᠠᠢᠯᠭᠠᠵᠤ᠂ ᠭᠦᠢᠴᠡᠳᠭᠡᠵᠦ ᠳᠠᠭᠤᠰᠭᠠᠬᠤ ᠬᠠᠷᠠᠯᠲᠠ ᠵᠢ ᠨᠠᠢᠳᠠᠪᠤᠷᠢᠵᠢᠭᠤᠯᠤᠭᠰᠠᠨ ᠨᠤᠷᠮ᠎ᠠ 80% ᠡᠴᠡ ᠳᠡᠭᠡᠭᠰᠢ ᠪᠠᠢᠬᠤ》 ᠬᠠᠷᠠᠯᠲᠠ ᠡᠭᠦᠷᠭᠡ ᠬᠤᠭᠤᠴᠠᠭ᠎ᠠ ᠶᠣᠰᠣᠭᠠᠷ ᠪᠡᠶᠡᠯᠡᠭᠦᠯᠪᠡ᠃ 11 ᠰᠠᠷᠠᠢᠨ 3 ᠤ ᠡᠳᠦᠷ᠂ ᠣᠷᠳᠤᠰ ᠬᠣᠲᠠ ᠶᠢᠨ ᠳᠤᠮᠳᠠ ᠵᠡᠷᠭᠡ ᠶᠢᠨ ᠰᠢᠭᠦᠬᠦ ᠬᠣᠷᠢᠶ᠎ᠠ ᠪᠦᠬᠦ ᠬᠣᠲᠠ ᠶᠢᠨ ᠰᠢᠭᠦᠬᠦ ᠬᠣᠷᠢᠶᠠᠨ ᠤ ᠭᠦᠢᠴᠡᠳᠬᠡᠬᠦ ᠠᠵᠢᠯ ᠤᠨ ᠲᠤᠰᠭᠠᠢ ᠰᠡᠳᠦᠪᠲᠦ ᠬᠤᠷᠠᠯᠳᠤᠭᠠᠨ ᠬᠤᠷᠠᠯᠳᠤᠪᠠ᠃ ᠣᠷᠳᠤᠰ ᠬᠣᠲᠠ ᠶᠢᠨ ᠳᠤᠮᠳᠠ ᠵᠡᠷᠭᠡ ᠶᠢᠨ ᠰᠢᠭᠦᠬᠦ ᠬᠣᠷᠢᠶᠠᠨ ᠤ ᠤᠳᠤᠷᠢᠳᠬᠤ ᠪᠠᠭ ᠤᠨ ᠭᠡᠰᠢᠭᠦᠨ᠂ ᠵᠢᠩᠬᠢᠨᠢ ᠭᠠᠵᠠᠷ ᠤᠨ ᠲᠡᠰ ᠦᠨ ᠰᠢᠭᠦᠨ ᠲᠠᠰᠤᠯᠤᠭᠴᠢ᠂ ᠡᠯ᠎ᠡ ᠬᠣᠰᠢᠭᠤ ᠲᠣᠭᠤᠷᠢᠭ ᠤᠨ ᠰᠢᠭᠦᠬᠦ ᠬᠣᠷᠢᠶᠠᠨ ᠤ ᠬᠣᠷᠢᠶᠠᠨ ᠳᠠᠷᠤᠭ᠎ᠠ᠂ ᠬᠤᠪᠢᠶᠠᠨ ᠬᠠᠮᠢᠶᠠᠷᠬᠤ ᠪᠦᠬᠦᠢ ᠭᠦᠢᠴᠡᠳᠬᠡᠬᠦ ᠬᠣᠷᠢᠶᠠᠨ ᠤ ᠳᠡᠳ᠋ ᠬᠣᠷᠢᠶᠠᠨ ᠳᠠᠷᠤᠭ᠎ᠠ᠂ ᠭᠦᠢᠴᠡᠳᠬᠡᠬᠦ ᠪᠦᠯᠬᠦᠮ ᠦᠨ ᠳᠠᠷᠤᠭ᠎ᠠ ᠵᠢᠴᠢ ᠣᠷᠳᠤᠰ ᠬᠣᠲᠠ ᠶᠢᠨ ᠳᠤᠮᠳᠠ ᠵᠡᠷᠭᠡ ᠶᠢᠨ ᠰᠢᠭᠦᠬᠦ ᠬᠣᠷᠢᠶᠠᠨ ᠤ ᠬᠠᠮᠢᠶ᠎ᠠ ᠪᠦᠬᠦᠢ ᠬᠡᠯᠲᠡᠰ ᠦᠨ ᠬᠠᠷᠢᠭᠤᠴᠠᠯᠭᠠᠲᠠᠨ ᠬᠤᠷᠠᠯᠳᠤᠭᠠᠨ ᠳᠤ ᠣᠷᠤᠯᠴᠠᠪᠠ᠃ ᠣᠷᠳᠤᠰ ᠬᠣᠲᠠ ᠶᠢᠨ ᠰᠢᠭᠦᠨ ᠲᠠᠰᠤᠯᠬᠤ ᠺᠣᠮᠢᠰ ᠤᠨ ᠲᠤᠰᠭᠠᠢ ᠲᠤᠰᠢᠶᠠᠯᠲᠤ ᠭᠡᠰᠢᠭᠦᠨ ᠭᠧ ᠵᠥᠩ ᠫᠢᠩ ᠬᠤᠷᠠᠯᠳᠤᠭᠠᠨ ᠢ ᠡᠷᠬᠢᠯᠡᠪᠡ᠃

   ᠬᠤᠷᠠᠯ ᠳᠡᠭᠡᠷ᠎ᠡ᠂ ᠡᠯ᠎ᠡ ᠬᠣᠰᠢᠭᠤ ᠲᠣᠭᠤᠷᠢᠭ ᠤᠨ ᠰᠢᠭᠦᠬᠦ ᠬᠣᠷᠢᠶᠠᠨ ᠤ ᠬᠤᠪᠢᠶᠠᠨ ᠬᠠᠮᠢᠶᠠᠷᠬᠤ ᠭᠦᠢᠴᠡᠳᠬᠡᠬᠦ ᠠᠵᠢᠯ ᠤᠨ ᠳᠡᠳ᠋ ᠬᠣᠷᠢᠶᠠᠨ ᠳᠠᠷᠤᠭ᠎ᠠ᠂ ᠣᠷᠳᠤᠰ ᠬᠣᠲᠠ ᠶᠢᠨ ᠳᠤᠮᠳᠠ ᠵᠡᠷᠭᠡ ᠶᠢᠨ ᠰᠢᠭᠦᠬᠦ ᠬᠣᠷᠢᠶᠠᠨ ᠤ ᠭᠦᠢᠴᠡᠳᠬᠡᠬᠦ ᠪᠦᠯᠬᠦᠮ ᠦᠨ ᠳᠠᠷᠤᠭ᠎ᠠ ᠲᠤᠰᠪᠤᠷᠢ ᠲᠤᠰ ᠬᠣᠷᠢᠶᠠᠨ ᠤ ᠭᠦᠢᠴᠡᠳᠬᠡᠬᠦ ᠠᠵᠢᠯ ᠤᠨ ᠥᠷᠨᠢᠭᠦᠯᠦᠭᠰᠡᠨ ᠪᠠᠢᠳᠠᠯ᠂ ᠣᠯᠤᠭᠰᠠᠨ ᠪᠦᠲᠦᠮᠵᠢ᠂ ᠳᠠᠭᠤᠰᠤᠭ᠎ᠠ ᠦᠭᠡᠢ ᠬᠡᠷᠡᠭ ᠢ ᠪᠠᠢᠴᠠᠭᠠᠭᠰᠠᠨ ᠪᠠᠢᠳᠠᠯ ᠵᠢᠴᠢ ᠳᠠᠷᠠᠭᠠᠴᠢ ᠶᠢᠨ ᠭᠦᠢᠴᠡᠳᠬᠡᠬᠦ ᠠᠵᠢᠯ ᠤᠨ ᠲᠥᠯᠦᠪᠯᠡᠭᠡ ᠵᠢ ᠣᠷᠳᠤᠰ ᠬᠣᠲᠠ ᠶᠢᠨ ᠳᠤᠮᠳᠠ ᠵᠡᠷᠭᠡ ᠶᠢᠨ ᠰᠢᠭᠦᠬᠦ ᠬᠣᠷᠢᠶᠠᠨ ᠤ ᠨᠠᠮ ᠤᠨ ᠤᠳᠤᠷᠢᠳᠬᠤ ᠳᠤᠭᠤᠢᠯᠠᠩ ᠳᠤ ᠲᠤᠰᠭᠠᠢ ᠬᠠᠷᠢᠭᠤ ᠮᠡᠳᠡᠭᠦᠯᠦᠯᠲᠡ ᠬᠢᠪᠡ᠃

   ᠣᠷᠳᠤᠰ ᠬᠣᠲᠠ ᠶᠢᠨ ᠳᠤᠮᠳᠠ ᠵᠡᠷᠭᠡ ᠶᠢᠨ ᠰᠢᠭᠦᠬᠦ ᠬᠣᠷᠢᠶᠠᠨ ᠤ ᠨᠠᠮ ᠤᠨ ᠤᠳᠤᠷᠢᠳᠬᠤ ᠳᠤᠭᠤᠢᠯᠠᠩ ᠤᠨ ᠱᠦᠵᠢ᠂ ᠬᠣᠷᠢᠶᠠᠨ ᠳᠠᠷᠤᠭ᠎ᠠ ᠯᠢ ᠶᠠᠨ ᠾᠥᠩ ᠬᠠᠷᠢᠭᠤ ᠮᠡᠳᠡᠭᠦᠯᠦᠯᠲᠡ ᠵᠢ ᠰᠣᠨᠤᠰᠤᠭᠰᠠᠨ ᠤ ᠳᠠᠷᠠᠭ᠎ᠠ᠂ ᠪᠦᠬᠦ ᠬᠣᠲᠠ ᠶᠢᠨ ᠰᠢᠭᠦᠬᠦ ᠬᠣᠷᠢᠶᠠᠨ ᠤ ᠭᠦᠢᠴᠡᠳᠬᠡᠬᠦ ᠠᠵᠢᠯ ᠤᠨ ᠳᠠᠷᠠᠭᠠᠴᠢ ᠶᠢᠨ ᠠᠯᠬᠤᠮ ᠳᠤ ᠪᠣᠳᠠᠲᠠᠢ ᠱᠠᠭᠠᠷᠳᠠᠯᠭ᠎ᠠ ᠳᠤᠷᠠᠳᠪᠠ᠄ ᠨᠢᠭᠡ ᠪᠣᠯ ᠣᠷᠭᠢᠯᠤᠮ᠎ᠠ ᠰᠡᠳᠭᠢᠯᠭᠡ ᠪᠠᠨ ᠪᠠᠷᠢᠮᠲᠠᠯᠠᠵᠤ᠂ ᠲᠡᠮᠡᠴᠡᠯ ᠦᠨ ᠵᠣᠷᠢᠭ ᠢᠶᠠᠨ ᠮᠠᠨᠳᠠᠭᠤᠯᠵᠤ᠂ ᠰᠤᠷᠤᠯᠴᠠᠨ ᠲᠤᠤᠱᠠᠯᠠᠭᠤᠯᠤᠭᠰᠠᠨ ᠨᠠᠮ ᠤᠨ ᠠᠷᠪᠠ ᠶᠢᠰᠦᠳᠦᠭᠡᠷ ᠶᠡᠬᠡ ᠬᠤᠷᠠᠯ ᠤᠨ ᠵᠣᠷᠢᠭ ᠰᠠᠨᠠᠭ᠎ᠠ ᠵᠢ ᠪᠣᠳᠠᠲᠠᠢ ᠠᠵᠢᠯᠯᠠᠭᠠᠨ ᠳᠤᠮᠳᠠ ᠪᠣᠳᠠᠲᠠᠢᠵᠢᠭᠤᠯᠤᠨ᠎ᠠ᠃ ᠨᠠᠮ ᠤᠨ ᠠᠷᠪᠠ ᠶᠢᠰᠦᠳᠦᠭᠡᠷ ᠶᠡᠬᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠬᠤ ᠳᠤ ᠭᠦᠢᠴᠡᠳ ᠠᠰᠢᠭᠯᠠᠬᠤ ᠬᠡᠷᠡᠭᠲᠡᠢ᠂ ᠭᠦᠢᠴᠡᠳᠬᠡᠬᠦ ᠳᠤ ᠬᠦᠴᠢᠷ ᠢ ᠦᠨᠳᠦᠰᠦᠨ ᠳᠤ ᠪᠠᠨ ᠰᠢᠢᠳᠪᠦᠷᠢᠯᠡᠬᠦ ᠬᠠᠷᠠᠯᠲᠠ ᠵᠢ ᠪᠡᠶᠡᠯᠡᠭᠦᠯᠦᠨ᠎ᠡ᠃ ᠪᠦᠬᠦ ᠬᠣᠲᠠ ᠶᠢᠨ ᠰᠢᠭᠦᠬᠦ ᠬᠣᠷᠢᠶ᠎ᠠ ᠪᠣᠳᠠᠲᠠᠢ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠨᠠᠮ ᠤᠨ ᠠᠷᠪᠠ ᠶᠢᠰᠦᠳᠦᠭᠡᠷ ᠶᠡᠬᠡ ᠬᠤᠷᠠᠯ ᠤᠨ ᠵᠣᠷᠢᠭ ᠰᠠᠨᠠᠭ᠎ᠠ ᠲᠠᠢ ᠨᠢᠭᠡᠳᠭᠡᠵᠦ᠂ ᠤᠤᠯ ᠰᠠᠨᠠᠭ᠎ᠠ ᠪᠠᠨ ᠮᠠᠷᠲᠠᠬᠤ ᠦᠭᠡᠢ᠂ ᠡᠭᠦᠷᠭᠡ ᠪᠠᠨ ᠴᠡᠭᠡᠵᠢᠯᠡᠵᠦ᠂ ᠰᠢᠨ᠎ᠡ ᠴᠠᠭ ᠦᠶ᠎ᠡ ᠶᠢᠨ ᠰᠢᠭᠦᠬᠦ ᠬᠣᠷᠢᠶᠠᠨ ᠤ ᠠᠵᠢᠯ ᠢ ᠲᠦᠯᠬᠢᠨ ᠠᠬᠢᠭᠤᠯᠵᠤ ᠰᠢᠨ᠎ᠡ ᠬᠥᠭᠵᠢᠯᠲᠡ ᠶᠢ ᠪᠡᠶᠡᠯᠡᠭᠦᠯᠦᠨ᠎ᠡ᠃ ᠵᠣᠷᠢᠭ ᠪᠠᠳᠠᠷᠠᠩᠭᠤᠢ ᠲᠡᠮᠡᠴᠡᠯ ᠦᠨ ᠵᠣᠷᠢᠭ ᠰᠠᠨᠠᠭ᠎ᠠ ᠪᠡᠷ ᠬᠦᠴᠢᠷ ᠢ ᠰᠥᠷᠦᠨ ᠶᠠᠪᠤᠵᠤ᠂ ᠲᠦᠷᠭᠡᠨ ᠤᠷᠤᠭᠰᠢᠯᠠᠵᠤ᠂ ᠥᠪᠡᠷᠲᠡᠭᠡᠨ ᠵᠠᠰᠠᠬᠤ ᠣᠷᠤᠨ ᠤ ᠳᠡᠭᠡᠳᠦ ᠵᠡᠷᠭᠡ ᠶᠢᠨ ᠰᠢᠭᠦᠬᠦ ᠬᠣᠷᠢᠶᠠᠨ ᠤ ᠬᠤ ᠢ ᠹᠸᠩ ᠬᠣᠷᠢᠶᠠᠨ ᠳᠠᠷᠤᠭ᠎ᠠ ᠶᠢᠨ ᠳᠤᠷᠠᠳᠤᠭᠰᠠᠨ ᠲᠤᠰ ᠵᠢᠯ ᠤᠨ ᠡᠴᠦᠰ ᠪᠣᠯᠲᠠᠯ᠎ᠠ ᠭᠦᠢᠴᠡᠳᠬᠡᠬᠦ ᠳᠤ ᠬᠦᠴᠢᠷ ᠢ ᠦᠨᠳᠦᠰᠦᠨ ᠡᠴᠡ ᠨᠢ ᠰᠢᠢᠳᠪᠦᠷᠢᠯᠡᠬᠦ ᠶᠢ ᠡᠷᠬᠡᠪᠰᠢ ᠪᠡᠶᠡᠯᠡᠭᠦᠯᠵᠦ᠂ ᠬᠤᠶᠠᠷ 80%᠂ ᠨᠢᠭᠡ 85%  ᠬᠠᠷᠠᠯᠲᠠ ᠳᠤ ᠬᠦᠷᠬᠦ ᠬᠡᠷᠡᠭᠲᠡᠢ᠃ ᠬᠤᠶᠠᠷ ᠪᠣᠯ ᠡᠯ᠎ᠡ ᠲᠥᠷᠦᠯ ᠦᠨ ᠠᠵᠢᠯ ᠢ《ᠨᠢᠭᠡᠳᠦᠭᠡᠷ ᠭᠠᠷ》 ᠢᠨᠵᠢᠨᠧᠷᠢᠩ ᠢᠶᠠᠷ ᠦᠵᠡᠬᠦ ᠬᠡᠷᠡᠭᠲᠡᠢ᠃ ᠶᠡᠷᠥᠳᠡ ᠶᠢᠨ ᠬᠡᠯᠡᠯᠭᠡ ᠳᠤ《ᠭᠠᠯᠲᠤ ᠲᠡᠷᠭᠡ ᠬᠤᠷᠳᠤᠨ ᠭᠦᠶᠦᠬᠦ ᠨᠢ ᠪᠦᠷ ᠪᠤᠬ᠎ᠠ ᠲᠡᠷᠭᠡ ᠳᠠᠲᠠᠬᠤ ᠳᠤ ᠪᠤᠢ》᠃ ᠰᠢᠨ᠎ᠡ ᠪᠠᠢᠳᠠᠯ ᠤᠨ ᠳᠣᠣᠷ᠎ᠠ᠂《ᠨᠢᠭᠡᠳᠦᠭᠡᠷ ᠭᠠᠷ》 ᠲᠣᠯᠤᠭᠠᠢᠯᠠᠨ ᠤᠬᠠᠭᠳᠠᠬᠤᠨ ᠪᠠᠨ ᠰᠢᠨᠡᠴᠢᠯᠡᠵᠦ᠂ ᠬᠦᠴᠦ ᠰᠡᠳᠭᠢᠯ ᠢᠶᠡᠨ ᠨᠢᠭᠡᠳᠭᠡᠵᠦ᠂ ᠵᠣᠷᠢᠭᠲᠠᠢ ᠡᠭᠦᠷᠭᠡᠯᠡᠵᠦ᠂ ᠳᠠᠷᠤᠯᠲᠠ ᠶᠢ ᠬᠥᠳᠡᠯᠭᠡᠬᠦ ᠬᠦᠴᠦᠨ ᠪᠤᠯᠬᠠᠵᠤ᠂ ᠠᠶᠤᠯ ᠢ ᠲᠣᠬᠢᠶᠠᠯ ᠪᠤᠯᠬᠠᠵᠤ᠂ ᠬᠦᠴᠢᠷ ᠢ ᠰᠥᠷᠦᠨ ᠶᠠᠪᠤᠵᠤ᠂《ᠨᠢᠭᠡᠳᠦᠭᠡᠷ ᠬᠠᠷᠢᠭᠤᠴᠠᠯᠭᠠᠲᠠᠨ》 ᠤ ᠬᠠᠷᠢᠭᠤᠴᠠᠯᠭ᠎ᠠ ᠶᠢ ᠪᠤᠳᠠᠳᠠᠢ ᠪᠡᠷ ᠡᠭᠦᠷᠭᠡᠯᠡᠬᠦ ᠬᠡᠷᠡᠭᠲᠡᠢ᠃ ᠭᠤᠷᠪᠠ ᠪᠣᠯ ᠰᠠᠬᠢᠯᠭ᠎ᠠ ᠪᠠᠲᠤ ᠶᠢ ᠡᠮᠦᠨ᠎ᠡ ᠪᠠᠢᠷᠢᠨ ᠳᠤ ᠲᠠᠯᠪᠢᠵᠤ᠂ ᠬᠤᠶᠠᠷ ᠱᠠᠳᠤᠨ ᠤ ᠰᠢᠭᠦᠬᠦ ᠬᠣᠷᠢᠶ᠎ᠠ ᠦᠷᠭᠦᠯᠵᠢᠯᠡᠨ《ᠬᠤᠶᠠᠷ ᠢ ᠰᠤᠷᠴᠤ ᠨᠢᠭᠡ ᠶᠢ ᠬᠢᠬᠦ》 ᠰᠤᠷᠭᠠᠨ ᠬᠥᠮᠦᠵᠢᠯ ᠢ ᠥᠷᠨᠢᠭᠦᠯᠵᠦ᠂ ᠬᠢᠷᠢ ᠲᠡᠩᠴᠡᠭᠰᠡᠨ ᠨᠠᠮ ᠤᠨ ᠭᠡᠰᠢᠭᠦᠨ ᠪᠣᠯᠬᠤ ᠪᠡᠷ ᠪᠠᠷᠠᠬᠤ ᠦᠭᠡᠢ ᠬᠢᠷᠢ ᠲᠡᠩᠴᠡᠭᠰᠡᠨ ᠰᠢᠭᠦᠬᠦ ᠬᠣᠷᠢᠶᠠᠨ ᠤ ᠠᠵᠢᠯᠲᠠᠨ ᠪᠣᠯᠬᠤ ᠬᠡᠷᠡᠭᠲᠡᠢ᠂ ᠥᠭᠡᠷᠡᠴᠢᠯᠡᠯᠲᠡ ᠰᠢᠨ᠎ᠡ ᠶᠢ ᠡᠭᠦᠳᠬᠦ ᠶᠢ ᠬᠠᠮᠲᠤᠪᠠᠷ ᠲᠦᠯᠬᠢᠨ ᠠᠬᠢᠭᠤᠯᠵᠤ᠂ ᠳᠤᠲᠠᠭᠳᠠᠯ ᠲᠠᠢ ᠲᠠᠯ᠎ᠠ ᠶᠢ ᠨᠥᠬᠦᠪᠦᠷᠢᠯᠡᠵᠦ᠂《ᠵᠢᠷᠭᠤᠭᠠᠨ ᠬᠦᠴᠢᠷ ᠭᠤᠷᠪᠠᠨ ᠬᠡᠷᠡᠭ》 ᠵᠡᠷᠭᠡ ᠠᠰᠠᠭᠤᠳᠠᠯ ᠢ ᠪᠦᠲᠦᠮᠵᠢᠲᠠᠢ ᠰᠢᠢᠳᠪᠦᠷᠢᠯᠡᠨ᠎ᠡ᠃ ᠠᠷᠪᠠ ᠶᠢᠰᠦᠳᠦᠭᠡᠷ ᠶᠡᠬᠡ ᠬᠤᠷᠠᠯ ᠤᠨ ᠪᠦᠬᠦ ᠲᠠᠯ᠎ᠠ ᠪᠡᠷ ᠨᠠᠮ ᠢ ᠴᠢᠩᠭ᠎ᠠ ᠵᠠᠰᠠᠬᠤ ᠵᠣᠷᠢᠭ ᠰᠠᠨᠠᠭ᠎ᠠ ᠶᠢ ᠰᠤᠷᠤᠯᠴᠠᠬᠤ ᠲᠠᠢ ᠤᠶᠠᠯᠳᠤᠭᠤᠯᠤᠨ᠂ ᠢᠯᠵᠠᠷᠠᠯ ᠢ ᠡᠰᠡᠷᠭᠦᠴᠡᠵᠦ ᠴᠢᠭᠡᠴᠢ ᠶᠢ ᠡᠷᠬᠢᠮᠯᠡᠬᠦ ᠪᠦᠲᠦᠭᠡᠨ ᠪᠠᠢᠭᠤᠯᠤᠯᠲᠠ ᠶᠢ ᠴᠢᠩᠭᠠᠳᠭᠠᠵᠤ᠂ ᠰᠠᠬᠢᠯᠭ᠎ᠠ ᠪᠠᠲᠤ ᠪᠠ ᠳᠦᠷᠢᠮ ᠢ ᠡᠮᠦᠨ᠎ᠡ ᠪᠠᠨ ᠲᠠᠯᠪᠢᠵᠤ᠂ ᠠᠩᠭᠢ ᠶᠢᠨ ᠪᠦᠲᠦᠭᠡᠨ ᠪᠠᠢᠭᠤᠯᠤᠯᠲᠠ ᠪᠠ ᠤᠳᠤᠷᠢᠳᠬᠤ ᠪᠠᠭ ᠤᠨ ᠪᠦᠲᠦᠭᠡᠨ ᠪᠠᠢᠭᠤᠯᠤᠯᠲᠠ ᠶᠢ ᠴᠢᠩᠭᠠᠳᠭᠠᠨ᠎ᠠ᠃ ᠳᠥᠷᠪᠡ ᠳᠤ ᠠᠯᠪᠠᠨ ᠭᠡᠷ᠂ ᠰᠣᠳᠤᠯᠠᠬᠤ ᠲᠠᠰᠤᠭ ᠵᠡᠷᠭᠡ ᠬᠠᠮᠢᠶ᠎ᠠ ᠪᠦᠬᠦᠢ ᠬᠡᠯᠲᠡᠰ ᠲᠤᠰ ᠪᠦᠷᠢ ᠶᠢᠨ ᠴᠢᠳᠠᠮᠵᠢ ᠪᠠᠨ ᠪᠠᠳᠠᠷᠠᠭᠤᠯᠵᠤ᠂ ᠭᠦᠢᠴᠡᠳᠬᠡᠬᠦ ᠠᠵᠢᠯ ᠤᠯᠠᠮ ᠨᠢᠭᠡ ᠠᠯᠬᠤᠮ ᠶᠠᠪᠤᠭᠳᠠᠬᠤ ᠳᠤ ᠶᠡᠷᠦᠩᠬᠡᠢ ᠦᠢᠯᠡᠴᠢᠯᠡᠭᠡ ᠬᠠᠩᠭᠠᠬᠤ ᠬᠡᠷᠡᠭᠲᠡᠢ᠃ ᠲᠠᠪᠤ ᠪᠣᠯ ᠳᠤᠮᠳᠠ ᠵᠡᠷᠭᠡ ᠶᠢᠨ ᠰᠢᠭᠦᠬᠦ ᠬᠣᠷᠢᠶᠠᠨ ᠤ ᠤᠳᠤᠷᠢᠳᠤᠯᠭ᠎ᠠ ᠬᠠᠷᠢᠯᠴᠠᠬᠤ ᠭᠠᠵᠠᠷ ᠤᠨ ᠠᠵᠢᠯ ᠤᠨ ᠨᠠᠢᠳᠠᠪᠤᠷᠢᠵᠢᠭᠤᠯᠤᠯᠲᠠ ᠶᠢ ᠴᠢᠩᠭᠠᠳᠭᠠᠵᠤ᠂ ᠭᠦᠢᠴᠡᠳᠬᠡᠬᠦ ᠬᠥᠳᠡᠯᠭᠡᠭᠡᠨ ᠦ ᠰᠢᠢᠳᠪᠦᠷᠢᠲᠦ ᠪᠠᠢᠯᠳᠤᠭᠠᠨ ᠤ ᠦᠶ᠎ᠡ ᠳᠤ ᠳᠤᠮᠳᠠ ᠵᠡᠷᠭᠡ ᠶᠢᠨ ᠰᠢᠭᠦᠬᠦ ᠬᠣᠷᠢᠶᠠᠨ ᠤ ᠤᠳᠤᠷᠢᠳᠤᠯᠭ᠎ᠠ ᠶᠢᠨ ᠵᠢᠭᠠᠨ ᠵᠢᠯᠤᠭᠤᠳᠬᠤ ᠦᠢᠯᠡᠳᠦᠯ ᠦᠨ ᠭᠦᠢᠴᠡᠳ ᠪᠠᠳᠠᠷᠠᠭᠤᠯᠵᠤ᠂ ᠬᠣᠰᠢᠭᠤ ᠲᠣᠭᠤᠷᠢᠭ ᠤᠨ ᠰᠢᠭᠦᠬᠦ ᠬᠣᠷᠢᠶ᠎ᠠ ᠶᠢ ᠬᠠᠪᠰᠤᠷᠴᠤ ᠬᠠᠮᠢᠶ᠎ᠠ ᠪᠦᠬᠦᠢ ᠠᠰᠠᠭᠤᠳᠠᠯ ᠢ ᠰᠢᠢᠳᠪᠦᠷᠢᠯᠡᠵᠦ ᠥᠭᠭᠦᠨ᠎ᠡ᠃ ᠵᠢᠷᠭᠤᠭ᠎ᠠ ᠪᠣᠯ ᠪᠦᠬᠦ ᠬᠣᠲᠠ ᠶᠢᠨ ᠰᠢᠭᠦᠬᠦ ᠬᠣᠷᠢᠶ᠎ᠠ ᠬᠠᠷᠢᠯᠴᠠᠨ ᠬᠠᠮᠵᠢᠯᠴᠠᠬᠤ ᠪᠠᠨ ᠴᠢᠩᠭᠠᠳᠭᠠᠵᠤ᠂ ᠪᠦᠬᠦ ᠬᠣᠲᠠ ᠶᠢᠨ ᠰᠢᠭᠦᠬᠦ ᠬᠣᠷᠢᠶᠠᠨ  ᠬᠦᠴᠦ ᠪᠡᠷ ᠬᠠᠮᠳᠤᠪᠡᠷ ᠴᠢᠷᠮᠠᠢᠵᠤ᠂ ᠪᠦᠬᠦᠢᠯᠡ ᠬᠦᠴᠢᠷᠳᠡᠯ ᠰᠠᠭᠠᠳ ᠢ ᠳᠠᠪᠠᠵᠤ᠂《ᠭᠦᠢᠴᠡᠳᠬᠡᠬᠦ ᠳᠤ ᠬᠦᠴᠢᠷ》 ᠡᠷᠬᠡᠪᠰᠢ ᠰᠢᠢᠳᠪᠦᠷᠢᠯᠡᠵᠦ᠂ ᠵᠣᠬᠢᠶᠠᠨ ᠪᠠᠢᠭᠤᠯᠤᠯᠲᠠ ᠪᠣᠯᠤᠨ ᠠᠷᠠᠳ ᠲᠦᠮᠡᠨ ᠳᠤ ᠬᠠᠨᠤᠮᠵᠢᠲᠠᠢ ᠬᠠᠷᠢᠭᠤᠯᠲᠠ ᠥᠭᠭᠦᠨ᠎ᠡ᠃

ᠦᠨᠡᠯᠡᠬᠦ 0ᠦᠨᠡᠯᠡᠯᠲᠡ ᠲᠠᠢ


( ᠨᠧᠲ ᠨᠠᠢᠵᠠ ᠵᠢᠨ ᠦᠨᠡᠯᠡᠯᠲᠡ ᠨᠢ ᠵᠦᠪᠭᠡᠨ ᠲᠡᠭᠦᠨ ᠊ᠤ᠌ ᠬᠤᠪᠢ ᠭᠦᠮᠦᠨ ᠊ᠤ᠌ ᠦᠵᠡᠯᠲᠡ ᠲᠡᠳᠦᠢ᠂ ᠲᠤᠰ ᠨᠧᠲ ᠦᠷᠳᠡᠭᠡ ᠲᠡᠭᠦᠨ ᠊ᠤ᠌ ᠦᠵᠡᠯᠲᠡ ᠵᠢ ᠵᠦᠪᠰᠢᠶᠡᠷᠡᠭᠰᠡᠨ ᠶᠠᠪᠤᠳᠠᠯ ᠤᠭᠳᠤ ᠪᠢᠰᠢ ᠶᠤᠮ᠃ )