ᠣᠷᠳᠤᠰ ᠬᠣᠲᠠ ᠶᠢᠨ ᠳᠤᠮᠳᠠ ᠵᠡᠷᠭᠡ ᠶᠢᠨ ᠰᠢᠭᠦᠬᠦ ᠬᠣᠷᠢᠶᠠᠨ ᠤ ᠠᠯᠪᠠᠨ ᠭᠡᠷ ᠺᠠᠲᠠᠷ ᠴᠠᠭᠳᠠᠭ᠎ᠠ ᠶᠢ ᠵᠣᠬᠢᠶᠠᠨ ᠪᠠᠢᠭᠤᠯᠤᠨ ᠠᠷᠪᠠ ᠶᠢᠰᠦᠳᠦᠭᠡᠷ ᠶᠡᠬᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠵᠤ ᠪᠤᠲᠠᠳᠠᠢ ᠠᠵᠢᠯ ᠢ ᠳᠤᠬᠢᠷᠠᠭᠤᠯᠪᠠ
2017.11.13 ᠲᠣᠰ ᠥᠷᠲᠡᠭᠡᠨ ᠦ ᠨᠠᠢᠷᠠᠭᠤᠯᠤᠭᠴᠢ

 

 

   11 ᠰᠠᠷᠠᠢᠨ 9 ᠤ ᠡᠳᠦᠷ᠂ ᠣᠷᠳᠤᠰ ᠬᠣᠲᠠ ᠶᠢᠨ ᠳᠤᠮᠳᠠ ᠵᠡᠷᠭᠡ ᠶᠢᠨ ᠰᠢᠭᠦᠬᠦ ᠬᠣᠷᠢᠶᠠᠨ ᠤ ᠠᠯᠪᠠᠨ ᠭᠡᠷ ᠪᠦᠭᠦᠳᠡ ᠬᠤᠷᠠᠯ ᠬᠤᠷᠠᠯᠳᠤᠵᠤ᠂ ᠨᠠᠮ ᠤᠨ ᠠᠷᠪᠠ ᠶᠢᠰᠦᠳᠦᠭᠡᠷ ᠶᠡᠬᠡ ᠬᠤᠷᠠᠯ ᠤᠨ ᠵᠣᠷᠢᠭ ᠰᠠᠨᠠᠭ᠎ᠠ ᠵᠢ ᠲᠥᠪᠯᠡᠷᠡᠨ ᠰᠤᠷᠤᠯᠴᠠᠵᠤ᠂ ᠠᠵᠢᠯ ᠤᠨ ᠪᠦᠲᠦᠮᠵᠢ ᠶᠢ ᠬᠢᠨᠠᠨ ᠰᠢᠯᠭᠠᠬᠤ ᠠᠷᠭ᠎ᠠ ᠪᠡᠷ ᠳᠠᠷᠠᠭᠠᠴᠢ ᠶᠢᠨ ᠠᠯᠬᠤᠮ ᠤᠨ ᠠᠵᠢᠯ ᠢᠶᠠᠨ ᠳᠤᠬᠢᠷᠠᠭᠤᠯᠪᠠ᠃

   ᠬᠤᠷᠠᠯ ᠳᠡᠭᠡᠷ᠎ᠡ᠂ ᠠᠯᠪᠠᠨ ᠭᠡᠷ ᠦᠨ ᠡᠷᠬᠢᠯᠡᠭᠴᠢ ᠸᠠᠩ ᠷᠥᠢ ᠱᠠᠨ ᠪᠦᠬᠦ ᠺᠠᠲᠠᠷ ᠴᠠᠭᠳᠠᠭ᠎ᠠ ᠶᠢ ᠵᠣᠬᠢᠶᠠᠨ ᠪᠠᠢᠭᠤᠯᠤᠨ ᠰᠢ ᠵᠢᠨ ᠫᠢᠩ ᠶᠡᠷᠦᠩᠬᠡᠢ ᠱᠦᠵᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠠᠷᠪᠠ ᠶᠢᠰᠦᠳᠦᠭᠡᠷ ᠪᠦᠬᠦ ᠤᠯᠤᠰ ᠠᠷᠠᠳ ᠤᠨ ᠲᠥᠯᠦᠭᠡᠯᠡᠭᠴᠢᠳ ᠦᠨ ᠶᠡᠬᠡ ᠬᠤᠷᠠᠯ ᠳᠡᠭᠡᠷᠡᠬᠢ ᠮᠡᠳᠡᠭᠦᠯᠦᠯᠲᠡ ᠵᠢ ᠰᠤᠷᠤᠯᠴᠠᠵᠤ᠂ ᠬᠤᠷᠠᠯᠳᠤᠭᠠᠨ ᠤ ᠭᠣᠣᠯ ᠰᠡᠳᠦᠪ ᠵᠢᠴᠢ ᠠᠷᠪᠠ ᠶᠢᠰᠦᠳᠦᠭᠡᠷ ᠶᠡᠬᠡ ᠬᠤᠷᠠᠯ ᠳᠤ ᠲᠤᠭᠳᠠᠭᠰᠠᠨ ᠬᠠᠷᠠᠯᠲᠠ᠂ ᠡᠭᠦᠷᠭᠡ ᠵᠡᠷᠭᠡ ᠲᠠᠯ᠎ᠠ ᠠᠴᠠ ᠵᠢᠭᠠᠨ ᠵᠢᠯᠤᠭᠤᠳᠤᠯᠭ᠎ᠠ ᠪᠠ ᠰᠤᠷᠤᠯᠴᠠᠯᠭ᠎ᠠ ᠬᠢᠪᠡ᠃ ᠭᠦᠨᠵᠡᠭᠡᠢ ᠰᠤᠷᠤᠯᠴᠠᠯᠭ᠎ᠠ ᠪᠡᠷ ᠳᠠᠮᠵᠢᠵᠤ᠂ ᠬᠤᠷᠠᠯ ᠳᠤ ᠣᠷᠤᠯᠴᠠᠭᠰᠠᠨ ᠪᠦᠬᠦ ᠨᠥᠬᠦᠷ ᠨᠠᠮ ᠤᠨ ᠠᠷᠪᠠ ᠶᠢᠰᠦᠳᠦᠭᠡᠷ ᠶᠡᠬᠡ ᠬᠤᠷᠠᠯ ᠳᠤ ᠨᠡᠩ ᠳᠤᠳᠤᠷᠬᠠᠢ ᠣᠢᠯᠭᠠᠯᠲᠠ ᠲᠠᠢ ᠪᠣᠯᠪᠠ᠃

    ᠸᠠᠩ ᠷᠥᠢ ᠱᠠᠨ ᠡᠷᠬᠢᠯᠡᠭᠴᠢ ᠠᠯᠪᠠᠨ ᠭᠡᠷ ᠦᠨ ᠨᠥᠬᠦᠷ ᠪᠦᠷᠢ ᠨᠠᠮ ᠤᠨ ᠠᠷᠪᠠ ᠶᠢᠰᠦᠳᠦᠭᠡᠷ ᠶᠡᠬᠡ ᠬᠤᠷᠠᠯ ᠤᠨ ᠵᠣᠷᠢᠭ ᠰᠠᠨᠠᠭ᠎ᠠ ᠵᠢ ᠭᠦᠨᠵᠡᠭᠡᠢ ᠰᠤᠷᠤᠯᠴᠠᠨ ᠤᠬᠠᠭᠤᠯᠬᠤ ᠪᠡᠷ ᠣᠳᠣᠬᠠᠨ ᠤ ᠰᠢᠭᠦᠬᠦ ᠬᠣᠷᠢᠶᠠᠨ ᠤ ᠠᠯᠪᠠᠨ ᠭᠡᠷ ᠦᠨ ᠠᠵᠢᠯ ᠤᠨ ᠲᠡᠷᠢᠭᠦᠨ ᠤᠯᠤᠰ ᠲᠥᠷᠦ ᠶᠢᠨ ᠡᠭᠦᠷᠭᠡ᠂ ᠴᠢᠬᠤᠯᠠ ᠤᠯᠤᠰ ᠲᠥᠷᠦ ᠶᠢᠨ ᠬᠠᠷᠢᠭᠤᠴᠠᠯᠭ᠎ᠠ ᠪᠣᠯᠭᠠᠬᠤ ᠵᠢ ᠱᠠᠭᠠᠷᠳᠠᠵᠤ᠂ ᠨᠠᠷᠢᠯᠢᠭ ᠰᠤᠷᠤᠯᠴᠠᠨ ᠰᠤᠳᠤᠯᠵᠤ᠂ ᠪᠠᠲᠤ ᠴᠡᠭᠡᠵᠢᠯᠡᠵᠦ᠂ ᠰᠠᠢᠨ ᠳᠤᠷ᠎ᠠ ᠠᠴᠠ ᠪᠠᠨ ᠰᠤᠷᠤᠯᠴᠠᠵᠤ ᠣᠢᠯᠭᠠᠬᠤ ᠳᠤ ᠬᠣᠰᠢᠭᠤᠴᠢ ᠪᠣᠯᠬᠤ ᠪᠡᠷ ᠴᠢᠷᠮᠠᠢᠬᠤ ᠬᠡᠷᠡᠭᠲᠡᠢ᠃ ᠨᠠᠮ ᠤᠨ ᠠᠷᠪᠠ ᠶᠢᠰᠦᠳᠦᠭᠡᠷ ᠶᠡᠬᠡ ᠬᠤᠷᠠᠯ ᠤᠨ ᠮᠡᠳᠡᠭᠦᠯᠦᠯᠲᠡ ᠪᠠ ᠴᠢᠬᠤᠯᠠ ᠮᠠᠲ᠋ᠧᠷᠢᠶᠠᠯ ᠢ ᠨᠠᠷᠢᠨ ᠨᠢᠮᠪᠠᠢ᠂ ᠤᠭ ᠶᠣᠰᠣᠭᠠᠷ᠂ ᠦᠰᠦᠭ ᠪᠦᠷᠢ ᠪᠡᠷ ᠰᠤᠷᠤᠯᠴᠠᠵᠤ᠂ ᠱᠢ ᠵᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠢᠭᠡᠮ ᠵᠢᠷᠥᠮᠲᠤ ᠦᠵᠡᠯ ᠰᠠᠨᠠᠭ᠎ᠠ ᠪᠡᠷ ᠲᠡᠷᠢᠬᠢ ᠲᠣᠯᠤᠭᠠᠢ ᠪᠡᠨ ᠵᠡᠪᠰᠡᠭᠯᠡᠵᠦ᠂ ᠦᠢᠯᠡᠳᠦᠯᠭᠡ ᠶᠢ ᠵᠢᠯᠤᠭᠤᠳᠴᠤ᠂ ᠠᠵᠢᠯ ᠢ ᠲᠦᠯᠬᠢᠨ ᠠᠬᠢᠭᠤᠯᠤᠨ᠎ᠠ᠃ ᠠᠯᠪᠠᠨ ᠭᠡᠷ ᠦᠨ ᠠᠵᠢᠯ ᠤᠨ ᠴᠢᠳᠠᠮᠵᠢ ᠶᠢ ᠭᠦᠢᠴᠡᠳ ᠪᠠᠳᠠᠷᠠᠭᠤᠯᠵᠤ᠂ ᠪᠦᠬᠦ ᠲᠠᠯ᠎ᠠ ᠪᠡᠷ᠂ ᠤᠯᠠᠨ ᠲᠠᠯ᠎ᠠ ᠠᠴᠠ ᠥᠷᠭᠡᠨ ᠢᠶᠡᠷ ᠤᠬᠠᠭᠤᠯᠵᠤ᠂ ᠰᠠᠨᠠᠭᠠᠴᠢᠯᠠᠭ᠎ᠠ ᠠᠴᠠ ᠪᠠᠨ ᠤᠬᠠᠭᠤᠯᠵᠤ᠂ ᠡᠢᠮᠦ ᠣᠷᠴᠢᠨ ᠪᠤᠢ ᠪᠣᠯᠭᠠᠬᠤ ᠳᠤ ᠲᠣᠯᠤᠭᠠᠢᠯᠠᠭᠴᠢ ᠦᠢᠯᠡᠳᠦᠯ ᠦᠵᠡᠭᠦᠯᠬᠦ ᠬᠡᠷᠡᠭᠲᠡᠢ᠃ ᠰᠤᠷᠤᠯᠴᠠᠵᠤ ᠬᠡᠷᠡᠭᠯᠡᠬᠦ ᠶᠢ ᠤᠶᠠᠯᠳᠤᠭᠤᠯᠵᠤ᠂ ᠮᠡᠳᠡᠵᠦ ᠦᠢᠯᠡᠳᠦᠯᠭᠡᠵᠢᠭᠦᠯᠬᠦ ᠶᠢ ᠨᠢᠭᠡᠳᠭᠡᠵᠦ᠂ ᠠᠵᠢᠯ ᠤᠨ ᠬᠠᠷᠢᠭᠤᠴᠠᠯᠭ᠎ᠠ ᠶᠢ ᠨᠠᠢᠳᠠᠪᠤᠷᠢᠵᠢᠭᠤᠯᠬᠤ ᠶᠢ ᠲᠦᠯᠬᠢᠨ ᠠᠬᠢᠭᠤᠯᠬᠤ ᠳᠡᠭᠡᠷ᠎ᠡ ᠲᠡᠷᠢᠭᠦᠨ ᠳᠤ ᠣᠷᠤᠬᠤ ᠪᠡᠷ ᠴᠢᠷᠮᠠᠢᠨ᠎ᠠ᠃ ᠠᠷᠪᠠ ᠶᠢᠰᠦᠳᠦᠭᠡᠷ ᠶᠡᠬᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠬᠤ ᠪᠡᠷ ᠳᠠᠮᠵᠢᠵᠤ᠂ ᠨᠥᠬᠦᠷ ᠪᠦᠷᠢ ᠠᠷᠪᠠ ᠶᠢᠰᠦᠳᠦᠭᠡᠷ ᠶᠡᠬᠡ ᠬᠤᠷᠠᠯ ᠤᠨ ᠵᠣᠷᠢᠭ ᠰᠠᠨᠠᠭ᠎ᠠ ᠪᠡᠷ ᠬᠠᠮᠤᠷᠤᠯᠲᠠ ᠪᠣᠯᠭᠠᠵᠤ᠂ ᠠᠯᠪᠠᠨ ᠭᠡᠷ ᠦᠨ ᠡᠯ᠎ᠡ ᠠᠵᠢᠯ ᠰᠢᠨ᠎ᠡ ᠦᠢᠯᠡᠰ ᠡᠭᠦᠳᠴᠦ᠂ ᠰᠢᠨ᠎ᠡ ᠨᠢᠭᠡ ᠳᠡᠭᠲᠡᠷ ᠲᠤ ᠭᠠᠷᠬᠤ ᠶᠢ ᠲᠦᠯᠬᠢᠨ ᠠᠬᠢᠭᠤᠯᠤᠨ᠎ᠠ᠃

    ᠳᠠᠷᠠᠭ᠎ᠠ ᠨᠢ ᠸᠠᠩ ᠷᠥᠢ ᠱᠠᠨ ᠡᠷᠬᠢᠯᠡᠭᠴᠢ ᠲᠤᠰ ᠬᠣᠷᠢᠶᠠᠨ ᠤ ᠬᠠᠷᠠᠯᠲᠠ ᠪᠦᠲᠦᠮᠵᠢ ᠶᠢ ᠬᠢᠨᠠᠨ ᠰᠢᠯᠭᠠᠬᠤ ᠵᠢ ᠲᠤᠤᠱᠠᠯᠠᠭᠤᠯᠬᠤ ᠬᠠᠮᠢᠶ᠎ᠠ ᠪᠦᠬᠦᠢ ᠠᠭᠤᠯᠭ᠎ᠠ᠂ ᠵᠢᠯ ᠤᠨ ᠡᠴᠦᠰ ᠡᠴᠡ ᠡᠮᠦᠨ᠎ᠡ ᠠᠯᠪᠠᠨ ᠭᠡᠷ ᠦᠨ ᠡᠯ᠎ᠡ ᠠᠵᠢᠯ ᠳᠤ ᠲᠣᠬᠢᠷᠠᠭᠤᠯᠤᠯᠲᠠ ᠬᠢᠵᠦ᠂ ᠪᠦᠭᠦᠳᠡᠭᠡᠷ ᠡᠯ᠎ᠡ ᠥᠪᠡᠷ ᠤᠨ ᠠᠵᠢᠯ ᠤᠨ ᠪᠠᠢᠳᠠᠯ ᠢᠶᠠᠨ ᠦᠨᠳᠦᠰᠦᠯᠡᠵᠦ᠂ ᠪᠦᠲᠦᠮᠵᠢ ᠬᠢᠨᠠᠨ ᠰᠢᠯᠭᠠᠬᠤ ᠭᠦᠢᠴᠡᠳᠭᠡᠯ ᠢ ᠴᠢᠩᠭ᠎ᠠ ᠪᠠᠷᠢᠵᠤ᠂ ᠠᠵᠢᠯ ᠳᠡᠭᠡᠷᠡᠬᠢ ᠵᠥᠷᠢᠶ᠎ᠡ ᠪᠠ ᠲᠤᠲᠠᠭᠳᠠᠯ ᠲᠠᠢ ᠲᠠᠯ᠎ᠠ ᠪᠠᠨ ᠡᠷᠢᠵᠦ᠂ ᠠᠯᠪᠠᠨ ᠭᠡᠷ ᠦᠨ ᠲᠤᠰ ᠵᠢᠯ ᠤᠨ ᠡᠯ᠎ᠡ ᠠᠵᠢᠯ ᠤᠨ ᠬᠠᠷᠠᠯᠲᠠ ᠡᠭᠦᠷᠭᠡ ᠪᠡᠨ ᠴᠠᠭ ᠲᠤᠬᠠᠢ ᠳ᠋ᠤᠨᠢ ᠪᠡᠶᠡᠯᠡᠭᠦᠯᠬᠦ ᠶᠢ ᠪᠠᠲᠤᠯᠠᠨ᠎ᠠ᠃

ᠦᠨᠡᠯᠡᠬᠦ 0ᠦᠨᠡᠯᠡᠯᠲᠡ ᠲᠠᠢ


( ᠨᠧᠲ ᠨᠠᠢᠵᠠ ᠵᠢᠨ ᠦᠨᠡᠯᠡᠯᠲᠡ ᠨᠢ ᠵᠦᠪᠭᠡᠨ ᠲᠡᠭᠦᠨ ᠊ᠤ᠌ ᠬᠤᠪᠢ ᠭᠦᠮᠦᠨ ᠊ᠤ᠌ ᠦᠵᠡᠯᠲᠡ ᠲᠡᠳᠦᠢ᠂ ᠲᠤᠰ ᠨᠧᠲ ᠦᠷᠳᠡᠭᠡ ᠲᠡᠭᠦᠨ ᠊ᠤ᠌ ᠦᠵᠡᠯᠲᠡ ᠵᠢ ᠵᠦᠪᠰᠢᠶᠡᠷᠡᠭᠰᠡᠨ ᠶᠠᠪᠤᠳᠠᠯ ᠤᠭᠳᠤ ᠪᠢᠰᠢ ᠶᠤᠮ᠃ )