ᠣᠷᠳᠤᠰ ᠬᠣᠲᠠ ᠶᠢᠨ ᠳᠤᠮᠳᠠ ᠵᠡᠷᠭᠡ ᠶᠢᠨ ᠰᠢᠭᠦᠬᠦ ᠬᠣᠷᠢᠶ᠎ᠠ ᠪᠦᠬᠦ ᠺᠠᠲᠠᠷ ᠴᠠᠭᠳᠠᠭ᠎ᠠ ᠶᠢ ᠵᠣᠬᠢᠶᠠᠨ ᠪᠠᠢᠭᠤᠯᠤᠨ ᠥᠪᠡᠷᠲᠡᠭᠡᠨ ᠵᠠᠰᠠᠬᠤ ᠣᠷᠤᠨ ᠤ ᠳᠡᠭᠡᠳᠦ ᠵᠡᠷᠭᠡ ᠶᠢᠨ ᠰᠢᠭᠦᠬᠦ ᠬᠣᠷᠢᠶᠠᠨ ᠤ ᠠᠷᠪᠠ ᠶᠢᠰᠦᠳᠦᠭᠡᠷ ᠶᠡᠬᠡ ᠬᠤᠷᠠᠯ ᠤᠨ ᠵᠣᠷᠢᠭ ᠰᠠᠨᠠᠭ᠎ᠠ ᠶᠢ ᠳᠠᠮᠵᠢᠭᠤᠯᠤᠨ ᠰᠤᠷᠤᠯᠴᠠᠬᠤ ᠰᠦᠯᠵᠢᠶᠡᠨ ᠪᠣᠯᠪᠠᠰᠤᠷᠠᠯ ᠤᠨ ᠸᠢᠳᠢᠣ᠋ ᠬᠤᠷᠠᠯ ᠢ ᠨᠠᠷᠢᠨ
2017.11.13 ᠲᠣᠰ ᠥᠷᠲᠡᠭᠡᠨ᠎ᠦ ᠨᠠᠢᠷᠠᠭᠤᠯᠤᠭᠴᠢ

ᠣᠷᠳᠤᠰ ᠬᠣᠲᠠ ᠶᠢᠨ ᠳᠤᠮᠳᠠ ᠵᠡᠷᠭᠡ ᠶᠢᠨ ᠰᠢᠭᠦᠬᠦ ᠬᠣᠷᠢᠶ᠎ᠠ ᠪᠦᠬᠦ ᠺᠠᠲᠠᠷ ᠴᠠᠭᠳᠠᠭ᠎ᠠ ᠶᠢ ᠵᠣᠬᠢᠶᠠᠨ ᠪᠠᠢᠭᠤᠯᠤᠨ ᠥᠪᠡᠷᠲᠡᠭᠡᠨ ᠵᠠᠰᠠᠬᠤ ᠣᠷᠤᠨ ᠤ ᠳᠡᠭᠡᠳᠦ ᠵᠡᠷᠭᠡ ᠶᠢᠨ ᠰᠢᠭᠦᠬᠦ ᠬᠣᠷᠢᠶᠠᠨ ᠤ ᠠᠷᠪᠠ ᠶᠢᠰᠦᠳᠦᠭᠡᠷ ᠶᠡᠬᠡ ᠬᠤᠷᠠᠯ ᠤᠨ ᠵᠣᠷᠢᠭ ᠰᠠᠨᠠᠭ᠎ᠠ ᠶᠢ ᠳᠠᠮᠵᠢᠭᠤᠯᠤᠨ ᠰᠤᠷᠤᠯᠴᠠᠬᠤ ᠰᠦᠯᠵᠢᠶᠡᠨ ᠪᠣᠯᠪᠠᠰᠤᠷᠠᠯ ᠤᠨ ᠸᠢᠳᠢᠣ᠋ ᠬᠤᠷᠠᠯ ᠢ ᠨᠠᠷᠢᠨ ᠬᠢᠨᠠᠮᠠᠭᠠᠢ ᠦᠵᠡᠭᠦᠯᠪᠡ

 

 

 

 

   11 ᠰᠠᠷᠠᠢᠨ 9 ᠤ ᠡᠳᠦᠷ ᠦᠨ ᠦᠳᠡ ᠶᠢᠨ ᠬᠣᠢᠨ᠎ᠠ᠂ ᠣᠷᠳᠤᠰ ᠬᠣᠲᠠ ᠶᠢᠨ ᠳᠤᠮᠳᠠ ᠵᠡᠷᠭᠡ ᠶᠢᠨ ᠰᠢᠭᠦᠬᠦ ᠬᠣᠷᠢᠶ᠎ᠠ ᠪᠦᠬᠦ ᠺᠠᠲᠠᠷ ᠴᠠᠭᠳᠠᠭ᠎ᠠ ᠶᠢ ᠵᠣᠬᠢᠶᠠᠨ ᠪᠠᠢᠭᠤᠯᠤᠨ ᠲᠤᠰ ᠬᠣᠷᠢᠶᠠᠨ ᠤ ᠬᠣᠶᠠᠳᠤᠭᠠᠷ ᠳᠠᠪᠬᠤᠷᠯᠢᠭ ᠤᠨ ᠬᠤᠷᠠᠯ ᠤᠨ ᠲᠠᠰᠤᠭ ᠲᠤ ᠥᠪᠡᠷᠲᠡᠭᠡᠨ ᠵᠠᠰᠠᠬᠤ ᠣᠷᠤᠨ ᠤ ᠳᠡᠭᠡᠳᠦ ᠵᠡᠷᠭᠡ ᠶᠢᠨ ᠰᠢᠭᠦᠬᠦ ᠬᠣᠷᠢᠶᠠᠨ ᠤ ᠠᠷᠪᠠ ᠶᠢᠰᠦᠳᠦᠭᠡᠷ ᠶᠡᠬᠡ ᠬᠤᠷᠠᠯ ᠤᠨ ᠵᠣᠷᠢᠭ ᠰᠠᠨᠠᠭ᠎ᠠ ᠶᠢ ᠳᠠᠮᠵᠢᠭᠤᠯᠤᠨ ᠰᠤᠷᠤᠯᠴᠠᠬᠤ ᠰᠦᠯᠵᠢᠶᠡᠨ ᠪᠣᠯᠪᠠᠰᠤᠷᠠᠯ ᠤᠨ ᠸᠢᠳᠢᠣ᠋ ᠬᠤᠷᠠᠯ ᠢ ᠨᠠᠷᠢᠨ ᠬᠢᠨᠠᠮᠠᠭᠠᠢ ᠦᠵᠡᠭᠦᠯᠪᠡ᠃ ᠭᠡᠷ ᠲᠤ ᠪᠠᠨ ᠤᠳᠤᠷᠢᠳᠬᠤ ᠪᠠᠭ ᠤᠨ ᠭᠡᠰᠢᠭᠦᠨ ᠪᠠ ᠪᠦᠬᠦ ᠺᠠᠲᠠᠷ ᠴᠠᠭᠳᠠᠭ᠎ᠠ ᠲᠤᠰ ᠤᠳᠠᠭᠠᠨ ᠤ ᠪᠣᠯᠪᠠᠰᠤᠷᠠᠯ ᠤᠨ ᠬᠤᠷᠠᠯ ᠳᠤ ᠣᠷᠤᠯᠴᠠᠪᠠ᠃ ᠥᠪᠡᠷᠲᠡᠭᠡᠨ ᠵᠠᠰᠠᠬᠤ ᠣᠷᠤᠨ ᠤ ᠳᠡᠭᠡᠳᠦ ᠵᠡᠷᠭᠡ ᠶᠢᠨ ᠰᠢᠭᠦᠬᠦ ᠬᠣᠷᠢᠶ᠎ᠠ ᠲᠤᠰ ᠤᠳᠠᠭᠠᠨ ᠤ ᠪᠣᠯᠪᠠᠰᠤᠷᠠᠯ ᠳᠤ ᠥᠪᠦᠷ ᠮᠣᠩᠭᠤᠯ ᠤᠨ ᠨᠠᠮ ᠤᠨ ᠰᠤᠷᠭᠠᠭᠤᠯᠢ ᠶᠢᠨ ᠨᠠᠮ ᠤᠨ ᠪᠦᠲᠦᠭᠡᠨ ᠪᠠᠢᠭᠤᠯᠤᠯᠲᠠ ᠶᠢᠨ ᠰᠤᠳᠤᠯᠬᠤ ᠲᠠᠰᠤᠭ ᠤᠨ ᠡᠷᠬᠢᠯᠡᠭᠴᠢ ᠰᠦᠨ ᠵᠢᠶᠧ ᠫᠷᠣᠹᠧᠰᠰᠣᠷ ᠢ ᠤᠷᠢᠵᠤ ᠪᠦᠬᠦ ᠣᠷᠤᠨ ᠤ ᠭᠤᠷᠪᠠᠨ ᠱᠠᠳᠤᠨ ᠤ ᠰᠢᠭᠦᠬᠦ ᠬᠣᠷᠢᠶᠠᠨ ᠤ ᠪᠦᠬᠦ ᠺᠠᠲᠠᠷ ᠴᠠᠭᠳᠠᠭ᠎ᠠ ᠳᠤ ᠠᠷᠪᠠ ᠶᠢᠰᠦᠳᠦᠭᠡᠷ ᠶᠡᠬᠡ ᠬᠤᠷᠠᠯ ᠤᠨ ᠵᠣᠷᠢᠭ ᠰᠠᠨᠠᠭ᠎ᠠ ᠶᠢ ᠳᠠᠮᠵᠢᠭᠤᠯᠤᠨ ᠰᠤᠷᠤᠯᠴᠠᠭᠤᠯᠪᠠ᠃

   ᠪᠣᠯᠪᠠᠰᠤᠷᠠᠯ ᠤᠨ ᠬᠤᠷᠠᠯ ᠳᠡᠭᠡᠷ᠎ᠡ᠂ ᠰᠦᠨ ᠵᠢᠶᠧ ᠫᠷᠣᠹᠧᠰᠰᠣᠷ ᠠᠷᠪᠠ ᠶᠢᠰᠦᠳᠦᠭᠡᠷ ᠶᠡᠬᠡ ᠬᠤᠷᠠᠯ ᠤᠨ ᠮᠡᠳᠡᠭᠦᠯᠦᠯᠲᠡ ᠳᠤ ᠭᠦᠨᠵᠡᠭᠡᠢ ᠲᠠᠢᠯᠪᠤᠷᠢ ᠬᠢᠵᠦ᠂ ᠰᠤᠷᠤᠯᠴᠠᠯᠭ᠎ᠠ ᠳᠤ ᠣᠷᠤᠯᠴᠠᠭᠰᠠᠨ ᠨᠥᠬᠦᠷ ᠠᠷᠪᠠ ᠶᠢᠰᠦᠳᠦᠭᠡᠷ ᠶᠡᠬᠡ ᠬᠤᠷᠠᠯ ᠤᠨ ᠮᠡᠳᠡᠭᠦᠯᠦᠯᠲᠡ ᠶᠢᠨ ᠵᠣᠷᠢᠭ ᠰᠠᠨᠠᠭ᠎ᠠ ᠶᠢᠨ ᠲᠤᠬᠠᠢ ᠰᠡᠳᠭᠢᠴᠡ ᠤᠯᠠᠮ ᠲᠣᠳᠤᠷᠬᠠᠢ ᠪᠣᠯᠵᠤ᠂ ᠣᠢᠯᠭᠠᠯᠲᠠ ᠤᠯᠠᠮ ᠭᠦᠨᠵᠡᠭᠡᠢ᠂ ᠢᠲᠡᠭᠡᠯ ᠵᠣᠷᠢᠭ ᠤᠯᠠᠮ ᠪᠠᠲᠤ ᠪᠣᠯᠭᠠᠵᠤ᠂ ᠪᠦᠬᠦ ᠺᠠᠲᠠᠷ ᠴᠠᠭᠳᠠᠭ᠎ᠠ ᠨᠠᠮ ᠤᠨ ᠠᠷᠪᠠ ᠶᠢᠰᠦᠳᠦᠭᠡᠷ ᠶᠡᠬᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠬᠤ ᠳᠤ ᠮᠠᠰᠢ ᠰᠠᠢᠨ ᠵᠢᠯᠤᠭᠤᠳᠤᠯᠭ᠎ᠠ ᠪᠠ ᠬᠥᠲᠦᠯᠬᠦ ᠦᠢᠯᠡᠳᠦᠯ ᠦᠵᠡᠭᠦᠯᠪᠡ᠃

   ᠬᠤᠷᠠᠯ ᠳᠤ ᠣᠷᠤᠯᠴᠠᠭᠰᠠᠨ ᠺᠠᠲᠠᠷ ᠴᠠᠭᠳᠠᠭ᠎ᠠ ᠲᠤᠰ ᠤᠳᠠᠭᠠᠨ ᠤ ᠶᠠᠷᠢᠶ᠎ᠠ ᠢᠯᠡᠳᠭᠡᠯ ᠢ ᠨᠠᠷᠢᠨ ᠬᠢᠨᠠᠮᠠᠭᠠᠢ ᠰᠣᠨᠤᠰᠴᠤ᠂ ᠬᠤᠷᠠᠯᠳᠤᠭᠠᠨ ᠤ ᠵᠣᠷᠢᠭ ᠰᠠᠨᠠᠭ᠎ᠠ ᠶᠢ ᠭᠦᠨᠵᠡᠭᠡᠢ ᠣᠢᠯᠭᠠᠵᠤ᠂ ᠬᠣᠵᠢᠮ ᠤᠨ ᠠᠵᠢᠯ ᠳᠤᠮᠳᠠ ᠪᠣᠳᠠᠲᠠᠢ ᠦᠢᠯᠡᠳᠦᠯᠭᠡ ᠪᠡᠷ ᠠᠷᠪᠠ ᠶᠢᠰᠦᠳᠦᠭᠡᠷ ᠶᠡᠬᠡ ᠬᠤᠷᠠᠯ ᠤᠨ ᠵᠣᠷᠢᠭ ᠰᠠᠨᠠᠭ᠎ᠠ ᠶᠢ ᠤᠬᠠᠭᠤᠯᠤᠨ ᠲᠤᠤᠱᠯᠠᠭᠤᠯᠵᠤ᠂ ᠠᠷᠪᠠ ᠶᠢᠰᠦᠳᠦᠭᠡᠷ ᠶᠡᠬᠡ ᠬᠤᠷᠠᠯ ᠤᠨ ᠵᠣᠷᠢᠭ ᠰᠠᠨᠠᠭ᠎ᠠ ᠪᠡᠷ ᠵᠢᠯᠤᠭᠤᠳᠤᠯᠭ᠎ᠠ ᠪᠤᠯᠬᠠᠵᠤ᠂ ᠰᠢᠭᠦᠬᠦ ᠭᠦᠢᠴᠡᠳᠬᠡᠬᠦ ᠠᠵᠢᠯ ᠤᠨ ᠬᠢᠷᠢ ᠲᠦᠪᠰᠢᠨ ᠢ ᠪᠦᠬᠦ ᠲᠠᠯ᠎ᠠ ᠪᠡᠷ ᠳᠡᠭᠡᠭᠰᠢᠯᠡᠭᠦᠯᠦᠨ᠎ᠡ᠃

ᠦᠨᠡᠯᠡᠬᠦ 0ᠦᠨᠡᠯᠡᠯᠲᠡ᠎ᠲᠠᠢ


( ᠨᠧᠲ ᠨᠠᠢᠵᠠ ᠵᠢᠨ ᠦᠨᠡᠯᠡᠯᠲᠡ᠎ᠨᠢ ᠵᠦᠪᠭᠡᠨ ᠲᠡᠭᠦᠨ ᠊ᠤ᠌ ᠬᠤᠪᠢ ᠭᠦᠮᠦᠨ ᠊ᠤ᠌ ᠦᠵᠡᠯᠲᠡ ᠲᠡᠳᠦᠢ᠂ ᠲᠤᠰ ᠨᠧᠲ ᠦᠷᠳᠡᠭᠡ ᠲᠡᠭᠦᠨ ᠊ᠤ᠌ ᠦᠵᠡᠯᠲᠡ ᠵᠢ ᠵᠦᠪᠱᠢᠶᠡᠷᠡᠭᠰᠡᠨ ᠶᠠᠪᠤᠳᠠᠯ ᠤᠭᠳᠤ ᠪᠢᠱᠢ᠎ᠶᠤᠮ᠃ )