4 ᠰᠠᠷ᠎ᠠ ᠶᠢᠨ 16 ᠤ ᠦᠳᠡ ᠶᠢᠨ ᠡᠮᠦᠨ᠎ᠡ ᠂ ᠣᠷᠳᠣᠰ ᠬᠤᠳᠠ ᠶᠢᠨ ᠠᠷᠠᠳ ᠤᠨ ᠳᠤᠮᠳᠠ ᠵᠡᠷᠭᠡ ᠶᠢᠨ ᠰᠢᠭᠦᠬᠦ ᠬᠣᠷᠢᠶ᠎ᠠ ᠪᠦᠬᠦ ᠬᠤᠳᠠ ᠶᠢᠨ 2019 ᠣᠨ ᠤ ᠪᠦᠬᠦ ᠠᠷᠠᠳ ᠤᠨ ᠠᠯᠪᠠᠨ ᠵᠢᠷᠤᠮ ᠤᠨ ᠮᠣᠳᠣ ᠲᠠᠷᠢᠬᠤ ᠠᠵᠢᠯᠯᠠᠭ᠎ᠠ ᠶᠢᠨ ᠤᠷᠢᠶᠠᠯᠠᠭ᠎ᠠ ᠶᠢ ᠢᠳᠡᠪᠬᠢᠲᠡᠢ ᠴᠤᠤᠷᠢᠶᠠᠲᠤᠨ ᠳᠠᠭᠠᠵᠤ ᠂ ᠺᠠᠳ᠋ᠷ ᠴᠠᠭᠳᠠᠭ᠎ᠠ ᠶᠢ ᠵᠣᠬᠢᠶᠠᠨ ᠪᠠᠢᠭᠤᠯᠵᠤ ᠬᠢᠶ᠎ᠡ ᠪᠠᠭᠰᠢ ᠲᠣᠭᠣᠷᠢᠭ ᠤᠨ ᠠᠯᠪᠠᠨ ᠵᠢᠷᠤᠮ ᠤᠨ ᠮᠣᠳᠣ ᠲᠠᠷᠢᠬᠤ ᠰᠠᠭᠤᠷᠢᠨ ᠳᠤ ᠬᠦᠷᠴᠦ ᠠᠯᠪᠠᠨ ᠵᠢᠷᠤᠮ ᠤᠨ ᠮᠣᠳᠣ ᠲᠠᠷᠢᠬᠤ ᠠᠵᠢᠯᠯᠠᠭ᠎ᠠ ᠥᠷᠨᠢᠭᠦᠯᠵᠦ ᠂ ᠪᠣᠳᠠᠲᠤ ᠠᠵᠢᠯᠯᠠᠭ᠎ᠠ ᠪᠠᠷ ᠢᠶᠠᠨ ᠣᠷᠳᠣᠰ ᠤᠨ ᠡᠬᠡ ᠭᠠᠵᠠᠷ ᠲᠤ ᠲᠠᠬᠢᠨ ᠨᠣᠭᠣᠭᠠᠷᠠᠭᠤᠯᠤᠭᠰᠠᠨ ᠪᠠᠢᠨ᠎ᠠ ᠃
ᠦᠳᠡ ᠶᠢᠨ ᠡᠮᠦᠨᠡᠬᠢ 9 ᠴᠠᠭ 10 ᠮᠢᠨᠦ᠋ᠲ ᠲᠦ ᠂ ᠺᠠᠳ᠋ᠷ ᠴᠠᠭᠳᠠᠭ᠎ᠠ ᠨᠠᠷ ᠴᠡᠭᠴᠡᠯᠡᠨ ᠵᠢᠭᠰᠠᠵᠤ ᠂ ᠲᠣᠭᠲᠠᠭᠰᠠᠨ ᠴᠠᠭ ᠲᠠᠭᠠᠨ ᠠᠯᠪᠠᠨ ᠵᠢᠷᠤᠮ ᠤᠨ ᠮᠣᠳᠣ ᠲᠠᠷᠢᠬᠤ ᠰᠠᠭᠤᠷᠢᠨ ᠳᠤ ᠬᠥᠷᠪᠡ ᠃ ᠮᠣᠳᠣ ᠲᠠᠷᠢᠬᠤ ᠲᠤᠬᠠᠢ ᠢᠢᠨ ᠲᠠᠯᠠᠪᠠᠢ ᠳᠤ ᠬᠠᠪᠤᠷ ᠤᠨ ᠠᠭᠤᠷ ᠠᠮᠢᠰᠬᠤᠯ ᠬᠦᠢᠲᠡᠨ ᠪᠣᠯᠪᠠᠴᠤ ᠣᠯᠠᠨ ᠢᠶᠠᠷ ᠢᠶᠠᠨ ᠡᠷᠴᠢ ᠵᠣᠷᠢᠭ ᠲᠡᠭᠦᠯᠳᠡᠷ ᠪᠠᠶᠢᠯ᠎ᠠ ᠃ ᠺᠠᠳ᠋ᠷ ᠴᠠᠭᠳᠠᠭ᠎ᠠ ᠨᠠᠷ ᠬᠦᠷᠵᠡ ᠪᠠ ᠬᠥᠳᠡᠯᠮᠦᠷᠢ ᠶᠢᠨ ᠪᠡᠭᠡᠯᠡᠶ ᠪᠡᠨ ᠠᠪᠴᠤ ᠂ ᠰᠢᠯᠤᠭᠤᠨ ᠱᠤᠭᠤᠮ ᠲᠠᠲᠠᠵᠤ ᠂ ᠨᠦᠬᠡ ᠮᠠᠯᠲᠠᠵᠤ ᠂ ᠰᠢᠷᠣᠶ ᠨᠡᠮᠡᠵᠦ ᠭᠠᠵᠠᠷ ᠲᠡᠭᠰᠢᠯᠡᠨ ᠂ ᠪᠦᠬᠦᠢᠯᠡ ᠠᠵᠢᠯᠯᠠᠭ᠎ᠠ ᠶᠢᠨ ᠲᠠᠯᠠᠪᠠᠢ ᠶᠢᠨ ᠠᠵᠢᠯ ᠤᠨ ᠬᠤᠪᠢᠶᠠᠷᠢᠯᠠᠯ ᠨᠢ ᠡᠮᠬᠢ ᠵᠢᠷᠤᠮ ᠲᠠᠶ ᠂ ᠬᠠᠯᠠᠭᠤᠨ ᠰᠡᠳᠬᠢᠯᠭᠡ ᠨᠢ ᠣᠷᠭᠢᠯᠵᠤ ᠪᠠᠶᠢᠯ᠎ᠠ ᠃ ᠬᠣᠷᠢᠶᠠᠨ ᠤ ᠤᠳᠤᠷᠢᠳᠤᠯᠭ᠎ᠠ ᠲᠦᠷᠦᠭᠦᠯᠡᠨ ᠭᠠᠪᠰᠢᠭᠠᠶᠢᠯᠠᠵᠤ ᠂ ᠺᠠᠳ᠋ᠷ ᠴᠠᠭᠳᠠᠭ᠎ᠠ ᠨᠠᠷ ᠴᠤ ᠬᠣᠴᠣᠷᠬᠤ ᠦᠭᠡᠢ ᠂ ᠬᠠᠷᠢᠯᠴᠠᠨ ᠬᠥᠭᠡᠭᠡᠵᠦ ᠭᠦᠢᠴᠡᠵᠦ ᠳᠠᠪᠠᠵᠤ ᠂ ᠠᠵᠢᠯ ᠤᠨ ᠠᠬᠢᠴᠠ ᠨᠢ ᠦᠷᠭᠦᠯᠵᠢᠯᠡᠨ ᠲᠦᠷᠭᠡᠳᠬᠡᠪᠡ ᠃ ᠨᠢᠭᠡ ᠦᠳᠡ ᠶᠢᠨ ᠡᠮᠦᠨᠡᠬᠢ ᠴᠢᠷᠮᠠᠶᠢᠯᠭ᠎ᠠ ᠪᠠᠷ ᠳᠠᠮᠵᠢᠨ ᠂ ᠺᠠᠳ᠋ᠷ ᠴᠠᠭᠳᠠᠭ᠎ᠠ ᠨᠠᠷ ᠲᠠᠷᠢᠮᠠᠯ ᠤᠨ ᠡᠭᠦᠷᠭᠡ ᠪᠡᠨ ᠴᠢᠨᠠᠷ ᠰᠠᠶᠢᠲᠠᠶ ᠠᠮᠵᠢᠯᠲᠠ ᠲᠠᠶ ᠪᠡᠶᠡᠯᠡᠭᠦᠯᠪᠡ ᠃
ᠣᠷᠳᠣᠰ ᠬᠤᠳᠠ ᠶᠢᠨ ᠠᠷᠠᠳ ᠤᠨ ᠳᠤᠮᠳᠠ ᠵᠡᠷᠭᠡ ᠶᠢᠨ ᠰᠢᠭᠦᠬᠦ ᠬᠣᠷᠢᠶ᠎ᠠ ᠮᠣᠳᠣ ᠲᠠᠷᠢᠵᠤ ᠣᠶᠢᠵᠢᠭᠤᠯᠬᠤ ᠠᠵᠢᠯᠯᠠᠭ᠎ᠠ ᠳᠤ ᠢᠳᠡᠪᠬᠢᠲᠡᠢ ᠣᠷᠣᠯᠴᠠᠵᠤ ᠂ ᠬᠥᠬᠡᠮᠳᠦᠭ ᠨᠣᠭᠣᠭᠠᠨ ᠠᠭᠤᠯᠠ ᠤᠰᠤ ᠪᠣᠯ ᠠᠯᠳᠠ ᠮᠥᠩᠭᠥᠨ ᠠᠭᠤᠯᠠ ᠮᠥᠨ ᠭᠡᠬᠦ ᠣᠢᠯᠠᠭᠠᠭᠳᠠᠬᠤᠨ ᠢ ᠪᠠᠲᠤ ᠪᠣᠶ ᠪᠣᠯᠭᠠᠵᠤ ᠂ ᠶᠡᠷᠦᠩᠬᠡᠢ ᠱᠦᠵᠢ ᠰᠢ ᠶᠢᠨ ᠫᠢᠩ ᠦᠨ《 ᠠᠮᠢ ᠠᠬᠤᠢ ᠶᠢᠨ ᠰᠢᠰᠲ᠋ᠧᠮ ᠢ ᠬᠠᠮᠠᠭᠠᠯᠠᠬᠤ ᠡᠷᠴᠢᠮ ᠢ ᠴᠢᠩᠭᠠᠷᠠᠭᠤᠯᠬᠤ 》ᠴᠢᠬᠤᠯᠠ ᠵᠢᠭᠠᠪᠤᠷᠢ ᠶᠢ ᠡᠷᠡᠰ ᠨᠠᠢᠳᠠᠪᠤᠷᠢᠵᠢᠭᠤᠯᠬᠤ ᠂ ᠳᠤᠮᠳᠠᠳᠤ ᠦᠨᠳᠦᠰᠦᠲᠡᠨ ᠦ ᠮᠣᠳᠣ ᠶᠢ ᠬᠠᠶᠢᠷᠠᠯᠠᠬᠤ ᠂ ᠮᠣᠳᠣ ᠲᠠᠷᠢᠬᠤ ᠂ ᠮᠣᠳᠣ ᠶᠢ ᠬᠠᠮᠠᠭᠠᠯᠠᠬᠤ ᠰᠠᠢᠨ ᠤᠯᠠᠮᠵᠢᠯᠠᠯ ᠢ ᠪᠠᠳᠠᠷᠠᠭᠤᠯᠵᠤ ᠂ ᠪᠦᠬᠦ ᠨᠡᠶᠢᠭᠡᠮ ᠢ ᠢᠳᠡᠪᠬᠢᠲᠡᠢ ᠬᠥᠲᠥᠯᠥᠨ ᠵᠢᠯᠣᠭᠣᠳᠴᠤ ᠮᠣᠳᠣ ᠲᠠᠷᠢᠵᠤ ᠨᠣᠭᠣᠭᠠᠷᠠᠭᠤᠯᠬᠤ ᠨᠢ ᠮᠠᠨ ᠤ ᠬᠤᠳᠠ ᠶᠢᠨ ᠠᠮᠢ ᠠᠬᠤᠢ ᠶᠢᠨ ᠣᠷᠴᠢᠨ ᠲᠣᠭᠣᠷᠢᠨ ᠢ ᠴᠢᠨᠠᠭᠰᠢᠳᠠ ᠰᠠᠢᠵᠢᠷᠠᠭᠤᠯᠬᠤ ᠂ ᠠᠷᠠᠳ ᠣᠯᠠᠨ ᠤ ᠪᠤᠶᠠᠨ ᠵᠢᠷᠭᠠᠯ ᠢ ᠳᠡᠭᠡᠭᠰᠢᠯᠡᠭᠦᠯᠬᠦ ᠳᠦ ᠴᠢᠬᠤᠯᠠ ᠠᠴᠢ ᠬᠣᠯᠪᠣᠭᠳᠠᠯ ᠲᠠᠶ ᠶᠤᠮ ᠃
ᠦᠨᠡᠯᠡᠬᠦ 0ᠦᠨᠡᠯᠡᠯᠲᠡ᠎ᠲᠠᠢ