ᠬᠣᠲᠠ ᠶᠢᠨ 2019 ᠣᠨ《 4 · 15》  ᠦ ᠪᠦᠬᠦ ᠠᠷᠠᠳ ᠤᠨ ᠤᠯᠤᠰ ᠠᠴᠠ ᠠᠮᠤᠷ ᠲᠦᠪᠰᠢᠨ ᠦ ᠬᠥᠮᠦᠵᠢᠯ ᠦᠨ ᠡᠳᠦᠷ ᠦᠨ ᠤᠬᠠᠭᠤᠯᠭ᠎ᠠ ᠶᠢᠨ ᠠᠵᠢᠯᠯᠠᠭ᠎ᠠ ᠶᠢᠨ ᠡᠬᠢᠯᠡᠯᠲᠡ ᠶᠢᠨ ᠶᠣᠰᠣᠯᠠᠯ ᠳᠤ ᠣᠷᠣᠯᠴᠠᠪᠠ
2019.04.15 ᠲᠣᠰ ᠥᠷᠲᠡᠭᠡᠨ ᠦ ᠨᠠᠢᠷᠠᠭᠤᠯᠤᠭᠴᠢ

预览

ᠬᠣᠲᠠ ᠶᠢᠨ ᠨᠠᠮ ᠤᠨ ᠬᠣᠷᠢᠶᠠᠨ ᠤ ᠳᠡᠳ᠋ ᠱᠦᠵᠢ ᠂ ᠤᠯᠤᠰ ᠲᠥᠷᠥ  ᠬᠠᠥᠯᠢ ᠴᠠᠭᠠᠵᠠ ᠶᠢᠨ ᠬᠣᠷᠢᠶᠠᠨ ᠤ ᠱᠦᠵᠢ ᠢᠦᠶ ᠰᠢᠨ ᠹᠠᠩ ᠠᠵᠢᠯᠯᠠᠭ᠎ᠠ ᠶᠢᠨ ᠡᠬᠢᠯᠡᠯᠲᠡ ᠶᠢᠨ ᠶᠣᠰᠣᠯᠠᠯ ᠳᠡᠭᠡᠷ᠎ᠡ ᠴᠢᠬᠤᠯᠠ ᠶᠠᠷᠢᠶ᠎ᠠ ᠲᠠᠯᠪᠢᠪᠠ 

预览

ᠬᠣᠲᠠ ᠶᠢᠨ ᠳᠤᠮᠳᠠ ᠵᠡᠷᠭᠡ ᠶᠢᠨ ᠬᠣᠷᠢᠶᠠᠨ ᠤ ᠺᠠᠳ᠋ᠷ ᠴᠠᠭᠳᠠᠭ᠎ᠠ ᠭᠠᠷ ᠤᠨ ᠦᠰᠦᠭ ᠵᠢᠷᠤᠭᠰᠠᠨ ᠬᠡᠷᠡᠮ ᠳᠡᠭᠡᠷ᠎ᠡ ᠭᠠᠷ ᠤᠨ ᠦᠰᠦᠭ ᠵᠢᠷᠤᠪᠠ

预览

ᠬᠣᠲᠠ ᠶᠢᠨ ᠳᠤᠮᠳᠠ ᠵᠡᠷᠭᠡ ᠶᠢᠨ ᠬᠣᠷᠢᠶᠠᠨ ᠤ ᠺᠠᠳ᠋ᠷ ᠴᠠᠭᠳᠠᠭ᠎ᠠ ᠤᠯᠤᠰ ᠠᠴᠠ ᠠᠮᠤᠷ ᠲᠦᠪᠰᠢᠨ ᠦ ᠬᠥᠮᠦᠵᠢᠯ ᠦᠨ ᠤᠬᠠᠭᠤᠯᠭ᠎ᠠ ᠶᠢᠨ ᠮᠠᠲ᠋ᠧᠷᠢᠶᠠᠯ ᠢ ᠠᠪᠤᠪᠠ

预览
ᠬᠣᠲᠠ ᠶᠢᠨ ᠳᠤᠮᠳᠠ ᠵᠡᠷᠭᠡ ᠶᠢᠨ ᠬᠣᠷᠢᠶᠠᠨ ᠤ ᠺᠠᠳ᠋ᠷ ᠴᠠᠭᠳᠠᠭ᠎ᠠ ᠨᠠᠷ ᠤᠯᠤᠰ ᠠᠴᠠ ᠠᠮᠤᠷ ᠲᠦᠪᠰᠢᠨ ᠦ ᠬᠥᠮᠦᠵᠢᠯ ᠦᠨ ᠭᠡᠷᠡᠯ ᠵᠢᠷᠤᠭ ᠤᠨ ᠦᠵᠡᠭᠦᠯᠦᠯᠭᠡ ᠶᠢ ᠨᠠᠷᠢᠨ ᠬᠢᠨᠠᠮᠠᠭᠠᠶ ᠦᠵᠡᠪᠡ

    ᠪᠦᠬᠦ ᠠᠷᠠᠳ ᠤᠨ ᠤᠯᠤᠰ ᠠᠴᠠ ᠠᠮᠤᠷ ᠲᠦᠪᠰᠢᠨ ᠦ ᠦᠵᠡᠯᠲᠡ ᠶᠢᠨ ᠰᠤᠷᠤᠯᠴᠠᠯᠭ᠎ᠠ ᠬᠥᠮᠦᠵᠢᠯ ᠢ ᠭᠦᠨᠵᠡᠭᠡᠢ ᠥᠷᠨᠢᠭᠦᠯᠵᠦ ᠂ 《ᠤᠯᠤᠰ ᠠᠴᠠ ᠠᠮᠤᠷ ᠲᠦᠪᠰᠢᠨ ᠦ ᠬᠠᠤᠯᠢ 》ᠵᠡᠷᠭᠡ ᠬᠠᠤᠯᠢ ᠴᠠᠭᠠᠵᠠ ᠶᠢ ᠤᠬᠠᠭᠤᠯᠤᠨ ᠲᠦᠭᠡᠮᠡᠯᠵᠢᠭᠦᠯᠬᠦ ᠠᠵᠢᠯ ᠢ ᠴᠢᠩᠭᠠᠳᠬᠠᠵᠤ ᠂ ᠪᠦᠬᠦ ᠠᠷᠠᠳ ᠤᠨ ᠤᠯᠤᠰ ᠠᠴᠠ ᠠᠮᠤᠷ ᠲᠦᠪᠰᠢᠨ ᠦ ᠤᠬᠠᠮᠰᠠᠷ ᠢ ᠦᠨᠡᠨᠬᠦ ᠴᠢᠩᠭᠠᠳᠬᠠᠬᠤ ᠶᠢᠨ ᠲᠥᠯᠥᠭᠡ ᠂ ᠮᠠᠨ ᠤ ᠬᠣᠲᠠ 4 ᠰᠠᠷ᠎ᠠ ᠶᠢᠨ 15  ᠤ ᠡᠳᠦᠷ 2019 ᠣᠨ 《4 · 15 》  ᠤ ᠪᠦᠬᠦ ᠠᠷᠠᠳ ᠤᠨ ᠤᠯᠤᠰ ᠠᠴᠠ ᠠᠮᠤᠷ ᠲᠦᠪᠰᠢᠨ ᠦ ᠬᠥᠮᠦᠵᠢᠯ ᠦᠨ ᠡᠳᠦᠷ ᠦᠨ ᠤᠬᠠᠭᠤᠯᠭ᠎ᠠ ᠶᠢᠨ ᠠᠵᠢᠯᠯᠠᠭ᠎ᠠ ᠶᠢᠨ ᠡᠬᠢᠯᠡᠯᠲᠡ ᠶᠢᠨ ᠶᠣᠰᠣᠯᠠᠯ ᠢ ᠡᠷᠬᠢᠯᠡᠵᠦ ᠂ ᠬᠤᠳᠠ ᠶᠢᠨ ᠨᠠᠮ ᠤᠨ ᠬᠣᠷᠢᠶ᠎ᠠ ᠂ ᠬᠤᠳᠠ ᠶᠢᠨ ᠵᠠᠰᠠᠭ ᠣᠨ ᠣᠷᠳᠣᠨ ᠂ ᠴᠡᠷᠢᠭ ᠤᠨ ᠬᠤᠪᠢᠶᠠᠷᠢ ᠲᠣᠭᠣᠷᠢᠭ ᠤᠨ ᠬᠣᠯᠪᠣᠭᠳᠠᠯ ᠪᠦᠬᠦᠢ ᠤᠳᠤᠷᠢᠳᠤᠯᠭ᠎ᠠ ᠵᠢᠴᠢ ᠬᠤᠳᠠ ᠶᠢᠨ ᠰᠢᠭᠤᠳ ᠬᠠᠷᠢᠶ᠎ᠠ ᠬᠣᠯᠪᠣᠭᠳᠠᠯ ᠪᠦᠬᠦᠢ ᠰᠠᠯᠠᠭ᠎ᠠ ᠮᠥᠴᠢᠷ ᠦᠨ ᠺᠠᠳ᠋ᠷ ᠡᠬᠢᠯᠡᠯᠲᠡ ᠶᠢᠨ ᠶᠣᠰᠣᠯᠠᠯ ᠳᠤ ᠣᠷᠣᠯᠴᠠᠵᠤ ᠂ ᠬᠤᠳᠠ ᠶᠢᠨ ᠳᠤᠮᠳᠠ ᠵᠡᠷᠭᠡ ᠶᠢᠨ ᠰᠢᠭᠦᠬᠦ ᠬᠣᠷᠢᠶ᠎ᠠ ᠶᠢᠨ ᠨᠠᠮ ᠤᠨ ᠤᠳᠤᠷᠢᠳᠬᠤ ᠳᠤᠭᠤᠢᠯᠠᠩ ᠤᠨ ᠪᠦᠷᠢᠯᠳᠦᠬᠦᠨ ᠂ ᠳᠡᠳ᠋ ᠳᠠᠷᠤᠭ᠎ᠠ ᠠᠢ ᠹᠧᠢ ᠪᠣᠯᠤᠨ ᠬᠡᠰᠡᠭ ᠺᠠᠳ᠋ᠷ ᠴᠠᠭᠳᠠᠭ᠎ᠠ ᠲᠤᠰ ᠤᠳᠠᠭᠠᠨ ᠤ ᠠᠵᠢᠯᠯᠠᠭ᠎ᠠ ᠳᠤ ᠣᠷᠣᠯᠴᠠᠪᠠ ᠃ 
    
    ᠬᠣᠲᠠ ᠶᠢᠨ ᠳᠤᠮᠳᠠ ᠵᠡᠷᠭᠡ ᠶᠢᠨ ᠰᠢᠭᠦᠬᠦ ᠬᠣᠷᠢᠶᠠᠨ ᠤ ᠺᠠᠳ᠋ᠷ ᠴᠠᠭᠳᠠᠭ᠎ᠠ ᠲᠤᠰ ᠤᠳᠠᠭᠠᠨ ᠤ ᠠᠵᠢᠯᠯᠠᠭ᠎ᠠ ᠳᠤ ᠣᠷᠣᠯᠴᠠᠵᠤ ᠂ ᠤᠬᠠᠭᠤᠯᠭ᠎ᠠ ᠶᠢᠨ ᠭᠠᠷ ᠳᠡᠪᠲᠡᠷ ᠢ ᠠᠪᠬᠤ ᠂ ᠤᠩᠰᠢᠬᠤ ᠂ ᠤᠯᠤᠰ ᠠᠴᠠ ᠠᠮᠤᠷ ᠲᠦᠪᠰᠢᠨ ᠦ ᠤᠬᠠᠭᠤᠯᠭ᠎ᠠ ᠶᠢᠨ ᠸᠢᠳᠢᠣ᠋ ᠪᠠ ᠭᠡᠷᠡᠯ ᠵᠢᠷᠤᠭ ᠤᠨ ᠦᠵᠡᠭᠦᠯᠦᠯᠭᠡ ᠶᠢ ᠰᠣᠨᠢᠷᠬᠠᠬᠤ ᠪᠠᠷ ᠳᠠᠮᠵᠢᠭᠤᠯᠤᠨ ᠂ ᠤᠯᠤᠰ ᠠᠴᠠ ᠠᠮᠤᠷ ᠲᠦᠪᠰᠢᠨ ᠦ ᠬᠠᠤᠯᠢ ᠮᠡᠳᠡᠯᠭᠡ ᠶᠢ ᠤᠯᠠᠮ ᠨᠢᠭᠡ ᠠᠯᠬᠤᠮ ᠰᠤᠷᠤᠯᠴᠠᠵᠤ ᠂ ᠪᠦᠬᠦ ᠠᠷᠠᠳ ᠤᠨ ᠬᠠᠮᠲᠤ ᠪᠠᠷ ᠤᠯᠤᠰ ᠠᠴᠠ ᠠᠮᠤᠷ ᠲᠦᠪᠰᠢᠨ ᠢ ᠬᠠᠮᠠᠭᠠᠯᠠᠬᠤ ᠤᠬᠠᠮᠰᠠᠷ ᠢ ᠴᠢᠩᠭᠠᠷᠠᠭᠤᠯᠪᠠ ᠃ 

 

 

 

 

 

 

 

ᠦᠨᠡᠯᠡᠬᠦ 0ᠦᠨᠡᠯᠡᠯᠲᠡ ᠲᠠᠢ


( ᠨᠧᠲ ᠨᠠᠢᠵᠠ ᠵᠢᠨ ᠦᠨᠡᠯᠡᠯᠲᠡ ᠨᠢ ᠵᠦᠪᠭᠡᠨ ᠲᠡᠭᠦᠨ ᠊ᠤ᠌ ᠬᠤᠪᠢ ᠭᠦᠮᠦᠨ ᠊ᠤ᠌ ᠦᠵᠡᠯᠲᠡ ᠲᠡᠳᠦᠢ᠂ ᠲᠤᠰ ᠨᠧᠲ ᠦᠷᠳᠡᠭᠡ ᠲᠡᠭᠦᠨ ᠊ᠤ᠌ ᠦᠵᠡᠯᠲᠡ ᠵᠢ ᠵᠦᠪᠰᠢᠶᠡᠷᠡᠭᠰᠡᠨ ᠶᠠᠪᠤᠳᠠᠯ ᠤᠭᠳᠤ ᠪᠢᠰᠢ ᠶᠤᠮ᠃ )