4 ᠰᠠᠷ᠎ᠠ ᠶᠢᠨ 9 ᠤ ᠡᠳᠦᠷ ᠬᠣᠲᠠ ᠶᠢᠨ ᠠᠷᠠᠳ ᠤᠨ ᠳᠤᠮᠳᠠ ᠵᠡᠷᠭᠡ ᠶᠢᠨ ᠰᠢᠭᠦᠬᠦ ᠬᠣᠷᠢᠶ᠎ᠠ ᠵᠠᠬᠢᠳᠠᠯ ᠰᠤᠷᠪᠤᠯᠵᠢᠯᠠᠭ᠎ᠠ ᠶᠢᠨ ᠠᠵᠢᠯ ᠢ ᠪᠠᠶᠢᠷᠢᠯᠠᠭᠤᠯᠬᠤ ᠬᠤᠷᠠᠯ ᠬᠢᠵᠦ ᠂ ᠨᠠᠮ ᠤᠨ ᠤᠳᠤᠷᠢᠳᠬᠤ ᠳᠤᠭᠤᠢᠯᠠᠩ ᠤᠨ ᠪᠦᠷᠢᠯᠳᠦᠬᠦᠨ ᠂ ᠳᠡᠳ᠋ ᠬᠣᠷᠢᠶᠠᠨ ᠳᠠᠷᠤᠭ᠎ᠠ ᠾᠧ ᠵᠥᠩ ᠫᠢᠩ ᠂ ᠰᠢᠭᠦᠨ ᠲᠠᠰᠤᠯᠬᠤ ᠺᠣᠮᠢᠰ ᠤᠨ ᠲᠤᠰᠬᠠᠶ ᠲᠤᠰᠢᠶᠠᠯᠲᠤ ᠭᠡᠰᠢᠭᠦᠨ ᠰᠢᠶᠧ ᠺᠸ ᠨᠢᠩ ᠂ ᠭᠦᠢᠴᠡᠳᠬᠡᠬᠦ ᠪᠦᠯᠬᠦᠮ ᠦᠨ ᠳᠠᠷᠤᠭ᠎ᠠ ᠵᠠᠩ ᠶᠤᠸᠠᠢ ᠹᠧᠩ ᠂ ᠬᠣᠲᠠ ᠶᠢᠨ ᠠᠷᠠᠳ ᠤᠨ ᠳᠤᠮᠳᠠ ᠵᠡᠷᠭᠡ ᠶᠢᠨ ᠰᠢᠭᠦᠬᠦ ᠬᠣᠷᠢᠶᠠᠨ ᠤ ᠵᠠᠬᠢᠳᠠᠯ ᠰᠤᠷᠪᠤᠯᠵᠢᠯᠠᠭ᠎ᠠ ᠶᠢᠨ ᠲᠠᠰᠤᠭ ᠤᠨ ᠬᠠᠷᠢᠭᠤᠴᠠᠯᠭᠠᠲᠠᠨ ᠯᠢ ᠫᠧᠩ ᠂ ᠳ᠋ᠦᠩᠱᠧᠩ ᠦᠨ ᠠᠯᠪᠠᠨ ᠠᠵᠢᠯ ᠤᠨ ᠲᠣᠭᠣᠷᠢᠭ ᠦᠨ ᠵᠠᠬᠢᠳᠠᠯ ᠰᠤᠷᠪᠤᠯᠵᠢᠯᠠᠭ᠎ᠠ ᠶᠢᠨ ᠬᠠᠷᠢᠭᠤᠴᠠᠯᠭᠠᠲᠠᠨ ᠡᠦ ᠯᠢᠨ ᠢ ᠂ ᠵᠠᠬᠢᠳᠠᠯ ᠰᠤᠷᠪᠤᠯᠵᠢᠯᠠᠭ᠎ᠠ ᠶᠢᠨ ᠠᠵᠢᠯ ᠢ ᠭᠦᠢᠴᠡᠳᠬᠡᠬᠦ ᠬᠠᠷᠢᠭᠤᠴᠠᠯᠭᠠᠲᠠᠨ ᠶᠢᠦ ᠵᠢᠶᠠᠨ ᠬᠤᠸᠠ ᠪᠣᠯᠤᠨ ᠵᠠᠬᠢᠳᠠᠯ ᠰᠤᠷᠪᠤᠯᠵᠢᠯᠠᠭ᠎ᠠ ᠶᠢᠨ ᠪᠦᠬᠦ ᠠᠵᠢᠯᠲᠠᠳ ᠬᠤᠷᠠᠯ ᠳᠤ ᠣᠷᠣᠯᠴᠠᠪᠠ ᠃ ᠬᠤᠷᠠᠯ ᠠᠴᠠ ᠵᠠᠷᠭᠤ ᠳᠤ ᠬᠣᠯᠪᠣᠭᠳᠠᠭᠰᠠᠨ ᠂ ᠭᠦᠢᠴᠡᠳᠬᠡᠬᠦ ᠳᠦ ᠬᠣᠯᠪᠣᠭᠳᠠᠭᠰᠠᠨ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ ᠂ ᠣᠳᠣᠬᠠᠨ ᠤ ᠵᠠᠬᠢᠳᠠᠯ ᠰᠤᠷᠪᠤᠯᠵᠢᠯᠠᠭ᠎ᠠ ᠶᠢᠨ ᠪᠠᠢᠳᠠᠯ ᠳᠤ ᠵᠠᠳᠠᠯᠤᠯᠲᠠ ᠬᠢᠵᠦ ᠰᠤᠳᠤᠯᠤᠨ ᠮᠠᠭᠠᠳᠯᠠᠯᠲᠠ ᠬᠢᠭᠰᠡᠨ ᠪᠥᠭᠡᠳ ᠣᠳᠣᠬᠠᠨ ᠤ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠳᠤᠮᠳᠠ ᠣᠷᠣᠰᠢᠵᠤ ᠪᠠᠶᠢᠭ᠎ᠠ ᠲᠣᠪᠣᠢᠮ᠎ᠠ ᠠᠰᠠᠭᠤᠳᠠᠯ ᠪᠠ ᠬᠦᠴᠢᠷᠳᠡᠯ ᠢ ᠴᠤᠭᠯᠠᠭᠤᠯᠵᠠᠶ ᠃
ᠦᠨᠡᠯᠡᠬᠦ 0ᠦᠨᠡᠯᠡᠯᠲᠡ ᠲᠠᠢ