4 ᠰᠠᠷ᠎ᠠ ᠶᠢᠨ 3 ᠤ ᠡᠳᠦᠷ ᠂ ᠬᠣᠲᠠ ᠶᠢᠨ ᠳᠤᠮᠳᠠ ᠵᠡᠷᠭᠡ ᠶᠢᠨ ᠰᠢᠭᠦᠬᠦ ᠬᠣᠷᠢᠶ᠎ᠠ ᠶᠢᠨ ᠮᠡᠷᠭᠡᠵᠢᠯ ᠦᠨ ᠭᠠᠵᠠᠷ ᠂ ᠤᠯᠤᠰ ᠲᠥᠷᠥ ᠶᠢᠨ ᠬᠡᠯᠲᠡᠰ ᠂ ᠠᠯᠪᠠᠨ ᠭᠡᠷ ᠂ ᠬᠠᠤᠯᠢ ᠪᠠᠷᠢᠬᠤ ᠵᠠᠰᠠᠭ ᠵᠠᠬᠢᠷᠭᠠᠨ ᠤ ᠲᠣᠨᠣᠭ ᠲᠥᠬᠥᠭᠡᠷᠦᠮᠵᠢ ᠶᠢᠨ ᠬᠠᠮᠢᠶᠠᠷᠤᠯᠲᠠ ᠶᠢᠨ ᠲᠠᠰᠤᠭ ᠂ ᠬᠡᠷᠡᠭ ᠪᠣᠯᠭᠠᠨ ᠳᠠᠩᠰᠠᠯᠠᠬᠤ ᠪᠦᠯᠬᠦᠮ ᠂ ᠵᠠᠷᠭᠤ ᠶᠢᠨ ᠦᠶᠯᠡᠴᠢᠯᠡᠭᠡᠨ ᠦ ᠲᠥᠪ ᠢ ᠲᠦᠷᠦᠭᠦᠯᠡᠨ ᠵᠣᠬᠢᠶᠠᠨ ᠪᠠᠢᠭᠤᠯᠵᠤ ᠰᠢᠯᠵᠢᠮᠡᠯ ᠠᠯᠪᠠᠨ ᠵᠥᠭᠡᠯᠡᠨ ᠬᠡᠷᠡᠭᠰᠡᠯ ᠢ ᠲᠤᠷᠰᠢᠨ ᠠᠵᠢᠯᠯᠠᠭᠤᠯᠬᠤ ᠠᠵᠢᠯ ᠤᠨ ᠵᠣᠬᠢᠴᠠᠭᠤᠯᠬᠤ ᠬᠤᠷᠠᠯ ᠬᠤᠷᠠᠯᠳᠤᠭᠤᠯᠪᠠ ᠃ ᠬᠣᠲᠠ ᠶᠢᠨ ᠳᠤᠮᠳᠠ ᠵᠡᠷᠭᠡ ᠶᠢᠨ ᠰᠢᠭᠦᠬᠦ ᠬᠣᠷᠢᠶᠠᠨ ᠤ ᠳᠡᠳ᠋ ᠳᠠᠷᠤᠭ᠎ᠠ ᠠᠶ ᠹᠧᠢ ᠬᠤᠷᠠᠯ ᠡᠷᠬᠢᠯᠡᠵᠦ ᠂ ᠡᠯ᠎ᠡ ᠰᠠᠯᠠᠭ᠎ᠠ ᠮᠥᠴᠢᠷ ᠦᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ ᠃
ᠬᠤᠷᠠᠯ ᠳᠡᠭᠡᠷ᠎ᠡ ᠂ ᠳᠡᠳ᠋ ᠬᠣᠷᠢᠶᠠᠨ ᠳᠠᠷᠤᠭ᠎ᠠ ᠠᠶ ᠹᠧᠢ ᠰᠢᠯᠵᠢᠮᠡᠯ ᠠᠯᠪᠠᠨ ᠵᠥᠭᠡᠯᠡᠨ ᠬᠡᠷᠡᠭᠰᠡᠯ ᠢ ᠲᠤᠷᠰᠢᠨ ᠠᠵᠢᠯᠯᠠᠭᠤᠯᠬᠤ ᠠᠵᠢᠯ ᠤᠨ ᠲᠤᠬᠠᠢ ᠬᠣᠷᠢᠶᠠᠨ ᠤ ᠨᠠᠮ ᠤᠨ ᠤᠳᠤᠷᠢᠳᠬᠤ ᠳᠤᠭᠤᠢᠯᠠᠩ ᠤᠨ ᠬᠣᠯᠪᠣᠭᠳᠠᠯ ᠪᠦᠬᠦᠢ ᠱᠠᠭᠠᠷᠳᠠᠯᠭ᠎ᠠ ᠶᠢ ᠤᠯᠠᠮᠵᠢᠯᠠᠵᠤ ᠂ ᠮᠠᠨ ᠤ ᠬᠣᠷᠢᠶᠠᠨ ᠳᠤ ᠳ᠋ᠢᠩ ᠳ᠋ᠢᠩ ᠨᠡᠭᠡᠭᠡᠨ ᠬᠥᠭᠵᠢᠭᠦᠯᠬᠦ ᠳᠦ ᠰᠠᠭᠤᠷᠢᠯᠠᠭᠰᠠᠨ ᠰᠢᠯᠵᠢᠮᠡᠯ ᠠᠯᠪᠠᠨ ᠵᠥᠭᠡᠯᠡᠨ ᠬᠡᠷᠡᠭᠰᠡᠯ A P P 4 ᠰᠠᠷ᠎ᠠ ᠶᠢᠨ 8 ᠤ ᠡᠳᠦᠷ ᠡᠴᠡ 5 ᠰᠠᠷ᠎ᠠ ᠶᠢᠨ 1 ᠤ ᠡᠳᠦᠷ ᠪᠣᠯᠲᠠᠯᠠᠬᠢ ᠬᠤᠭᠤᠴᠠᠭᠠᠨ ᠳᠤ ᠲᠤᠷᠰᠢᠨ ᠬᠡᠷᠡᠭᠵᠢᠭᠦᠯᠬᠦ ᠬᠤᠭᠤᠴᠠᠭ᠎ᠠ ᠪᠣᠯᠭᠠᠵᠤ ᠂ 5 ᠰᠠᠷ᠎ᠠ ᠶᠢᠨ 1 ᠤ ᠡᠳᠦᠷ ᠡᠴᠡ ᠬᠣᠶᠢᠰᠢ ᠵᠢᠩᠬᠢᠨᠢ ᠪᠡᠷ ᠡᠬᠢᠯᠡᠨ ᠬᠡᠷᠡᠭᠯᠡᠵᠦ ᠂ ᠲᠤᠷᠰᠢᠨ ᠬᠡᠷᠡᠭᠵᠢᠭᠦᠯᠬᠦ ᠬᠤᠭᠤᠴᠠᠭᠠᠨ ᠳᠤ ᠡᠯ᠎ᠡ ᠬᠠᠷᠢᠭᠤᠴᠠᠯᠭᠠᠲᠤ ᠰᠠᠯᠠᠭ᠎ᠠ ᠮᠥᠴᠢᠷ ᠢ ᠵᠥᠭᠡᠯᠡᠨ ᠬᠡᠷᠡᠭᠰᠡᠯ ᠢ ᠬᠡᠷᠡᠭᠯᠡᠨ ᠳᠡᠯᠭᠡᠷᠡᠭᠦᠯᠬᠦ ᠠᠵᠢᠯ ᠢ ᠰᠠᠶᠢᠲᠤᠷ ᠬᠢᠬᠦ ᠬᠡᠷᠡᠭᠲᠡᠶ ᠭᠡᠵᠦ ᠱᠠᠭᠠᠷᠳᠠᠪᠠ ᠃
ᠦᠨᠡᠯᠡᠬᠦ 0ᠦᠨᠡᠯᠡᠯᠲᠡ ᠲᠠᠢ