ᠶᠡᠷᠦᠩᠬᠡᠢ ᠱᠦᠵᠢ ᠰᠢ ᠶᠢᠨ ᠫᠢᠩ ᠦᠨ ᠥᠪᠥᠷ ᠮᠣᠩᠭᠣᠯ ᠤᠨ ᠲᠥᠯᠥᠭᠡᠯᠡᠭᠴᠢᠳ ᠦᠨ ᠪᠦᠯᠬᠦᠮ ᠦᠨ ᠬᠢᠨᠠᠨ ᠵᠥᠪᠯᠡᠬᠦ ᠳᠦ ᠣᠷᠣᠯᠴᠠᠭᠰᠠᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠰᠤᠷᠤᠯᠴᠠᠪᠠ
2019.04.03 ᠲᠣᠰ ᠥᠷᠲᠡᠭᠡᠨ ᠦ ᠨᠠᠢᠷᠠᠭᠤᠯᠤᠭᠴᠢ

ᠳᠡᠳ᠋ ᠬᠣᠷᠢᠶᠠᠨ ᠳᠠᠷᠤᠭ᠎ᠠ ᠠᠶ ᠹᠧᠢ ᠬᠤᠷᠠᠯ ᠡᠷᠭᠢᠯᠡᠪᠡ 

ᠫᠷᠣᠹᠧᠰᠰᠣᠷ  ᠪᠦᠦ ᠵᠢᠨ ᠱᠠᠨ ᠶᠠᠷᠢᠶ᠎ᠠ ᠢᠯᠡᠳᠭᠡᠯ ᠬᠢᠪᠡ

 ᠶᠠᠷᠢᠶ᠎ᠠ ᠢᠯᠡᠳᠭᠡᠯ ᠦᠨ ᠲᠤᠬᠠᠢ ᠶᠢᠨ ᠭᠠᠵᠠᠷ

    ᠡᠨᠡ ᠵᠢᠯ ᠦᠨ ᠪᠦᠬᠦ ᠤᠯᠤᠰ ᠠᠴᠠ ᠬᠣᠶᠠᠷ ᠬᠤᠷᠠᠯ ᠤᠨ ᠬᠤᠭᠤᠴᠠᠭᠠᠨ ᠳᠤ ᠂ ᠶᠡᠷᠦᠩᠬᠡᠢ ᠱᠦᠵᠢ ᠰᠢ ᠶᠢᠨ ᠫᠢᠩ ᠥᠪᠥᠷ ᠮᠣᠩᠭᠣᠯ ᠤᠨ ᠲᠥᠯᠥᠭᠡᠯᠡᠭᠴᠢᠳ ᠦᠨ ᠪᠦᠯᠬᠦᠮ ᠦᠨ ᠬᠢᠨᠠᠨ ᠵᠥᠪᠯᠡᠬᠦ ᠳᠦ ᠣᠷᠣᠯᠴᠠᠬᠤ ᠳᠠᠭᠠᠨ ᠴᠢᠬᠤᠯᠠ ᠶᠠᠷᠢᠶ᠎ᠠ ᠲᠠᠯᠪᠢᠵᠤ ᠂ ᠨᠠᠮ ᠤᠨ ᠲᠥᠪ ᠬᠣᠷᠢᠶᠠᠨ ᠤ ᠥᠪᠥᠷ ᠮᠣᠩᠭᠣᠯ ᠢ ᠴᠢᠬᠤᠯᠠᠴᠢᠯᠠᠨ ᠬᠠᠯᠠᠮᠵᠢᠯᠠᠵᠤ ᠪᠠᠶᠢᠬᠤ ᠶᠢ ᠭᠦᠢᠴᠡᠳ ᠬᠠᠷᠠᠭᠤᠯᠵᠤ ᠂ ᠶᠡᠷᠦᠩᠬᠡᠢ ᠱᠦᠵᠢ ᠶᠢᠨ ᠥᠪᠥᠷ ᠮᠣᠩᠭᠣᠯ ᠤᠨ ᠠᠷᠠᠳ ᠲᠦᠮᠡᠨ ᠳᠦ ᠲᠠᠯᠪᠢᠭᠰᠠᠨ ᠰᠠᠨᠠᠭᠠᠯᠵᠠᠯ ᠪᠣᠯᠤᠨ ᠨᠠᠶᠢᠳᠠᠯᠭ᠎ᠠ ᠶᠢ ᠬᠠᠷᠠᠭᠤᠯᠵᠠᠢ ᠃ ᠶᠡᠷᠦᠩᠬᠡᠢ ᠱᠦᠵᠢ ᠰᠢ ᠶᠢᠨ ᠫᠢᠩ ᠦᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠬᠤ ᠶᠢᠨ ᠲᠥᠯᠥᠭᠡ ᠂ ᠬᠤᠳᠠ ᠶᠢᠨ ᠨᠠᠮ ᠤᠨ ᠬᠣᠷᠢᠶᠠᠨ ᠤ ᠱᠠᠭᠠᠷᠳᠠᠯᠭ᠎ᠠ ᠪᠠᠶᠢᠷᠢᠯᠠᠭᠤᠯᠤᠯᠲᠠ ᠪᠠ ᠳᠤᠮᠳᠠᠳᠤ ᠰᠤᠷᠭᠠᠭᠤᠯᠢ ᠶᠢᠨ ᠨᠠᠮ ᠤᠨ ᠤᠳᠤᠷᠢᠳᠬᠤ ᠳᠤᠭᠤᠢᠯᠠᠩ ᠤᠨ ᠠᠵᠢᠯ ᠤᠨ ᠲᠣᠬᠢᠷᠠᠭᠤᠯᠤᠯᠲᠠ ᠶᠣᠰᠣᠭᠠᠷ ᠂ 4 ᠰᠠᠷ᠎ᠠ ᠶᠢᠨ 2  ᠤᠨ ᠦᠳᠡ ᠡᠮᠦᠨ᠎ᠡ ᠂ ᠳᠤᠮᠳᠠᠳᠤ ᠰᠤᠷᠭᠠᠭᠤᠯᠢ ᠶᠢᠨ ᠨᠠᠮ ᠤᠨ ᠬᠣᠷᠢᠶᠠᠨ ᠤ ᠨᠠᠮ ᠤᠨ ᠰᠤᠷᠭᠠᠭᠤᠯᠢ ᠶᠢᠨ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠵᠢᠭᠠᠨ ᠰᠤᠳᠤᠯᠬᠤ ᠬᠡᠯᠲᠡᠰ ᠦᠨ ᠡᠷᠬᠢᠯᠡᠭᠴᠢ ᠫᠷᠣᠹᠧᠰᠰᠣᠷ ᠪᠦᠦ ᠵᠢᠨ ᠱᠠᠨ ᠢ 4 ᠰᠠᠷ᠎ᠠ ᠶᠢᠨ 2  ᠤᠨ ᠦᠳᠡ ᠡᠮᠦᠨ᠎ᠡ ᠣᠨᠴᠠ ᠤᠷᠢᠵᠤ ᠲᠤᠰᠬᠠᠢ ᠰᠡᠳᠦᠪᠲᠦ ᠶᠠᠷᠢᠶ᠎ᠠ ᠢᠯᠡᠳᠭᠡᠯ ᠬᠢᠯᠭᠡᠵᠦ ᠂ ᠳᠤᠮᠳᠠᠳᠤ ᠰᠤᠷᠭᠠᠭᠤᠯᠢ ᠶᠢᠨ ᠨᠠᠮ ᠤᠨ ᠤᠳᠤᠷᠢᠳᠬᠤ ᠳᠤᠭᠤᠢᠯᠠᠩ ᠤᠨ ᠪᠦᠷᠢᠯᠳᠦᠬᠦᠨ ᠪᠠ ᠪᠦᠬᠦ ᠺᠠᠳ᠋ᠷ ᠴᠠᠭᠳᠠᠭ᠎ᠠ ᠬᠤᠷᠠᠯ ᠳᠤ ᠣᠷᠣᠯᠴᠠᠭᠤᠯᠵᠤ ᠂ ᠨᠠᠮ ᠤᠨ ᠤᠳᠤᠷᠢᠳᠬᠤ ᠳᠤᠭᠤᠢᠯᠠᠩ ᠤᠨ ᠪᠦᠷᠢᠯᠳᠦᠬᠦᠨ ᠂ ᠳᠡᠳ᠋ ᠬᠣᠷᠢᠶᠠᠨ ᠳᠠᠷᠤᠭ᠎ᠠ ᠠᠢ ᠹᠧᠢ ᠬᠤᠷᠠᠯ ᠢ ᠡᠷᠬᠢᠯᠡᠪᠡ ᠃ 
    
    ᠫᠷᠣᠹᠧᠰᠰᠣᠷ ᠪᠦᠦ ᠵᠢᠨ ᠱᠠᠨ ᠶᠡᠷᠦᠩᠬᠡᠢ ᠱᠦᠵᠢ ᠰᠢ ᠶᠢᠨ ᠫᠢᠩ ᠦᠨ ᠶᠠᠷᠢᠶᠠᠨ ᠤ ᠭᠣᠣᠯ ᠡᠯᠧᠮᠧᠨ᠋ᠲ ︱ ᠠᠮᠢ ᠠᠬᠤᠢ ᠶᠢᠨ ᠪᠣᠯᠪᠠᠰᠤᠨ ᠤ ᠲᠣᠭᠣᠷᠢᠨ ᠳᠤ ᠂ ᠠᠮᠢ ᠠᠬᠤᠢ ᠪᠣᠯᠤᠨ ᠪᠣᠯᠪᠠᠰᠤᠨ ᠂ ᠠᠮᠢ ᠠᠬᠤᠢ ᠪᠣᠯᠤᠨ ᠠᠵᠤ ᠠᠬᠤᠢ ᠂ ᠠᠮᠢ ᠠᠬᠤᠢ ᠪᠣᠯᠤᠨ ᠵᠣᠯ ᠵᠢᠷᠭᠠᠯ ᠤᠨ ᠨᠢᠭᠲᠠ ᠬᠠᠷᠢᠴᠠᠭ᠎ᠠ ᠶᠢ ᠭᠦᠨᠵᠡᠭᠡᠢ ᠵᠠᠳᠠᠯᠵᠤ ᠂ ᠥᠪᠥᠷ ᠮᠣᠩᠭᠣᠯ ᠤᠨ ᠠᠮᠢ ᠠᠬᠤᠢ ᠶᠢᠨ ᠪᠣᠯᠪᠠᠰᠤᠨ ᠢ ᠪᠠᠢᠭᠤᠯᠬᠤ ᠴᠢᠬᠤᠯᠠ ᠦᠢᠯᠡᠳᠦᠯ ᠪᠣᠯᠤᠨ ᠤᠷᠤᠭᠰᠢᠯᠠᠬᠤ ᠵᠠᠮ ᠢ ᠢᠯᠡᠷᠡᠭᠦᠯᠪᠡ ᠃ ᠶᠡᠷᠦᠩᠬᠡᠶ ᠱᠦᠵᠢ ᠰᠢ ᠶᠢᠨ ᠫᠢᠩ ᠦᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠰᠢᠰᠲ᠋ᠧᠮ ᠲᠡᠶ ᠲᠠᠶᠢᠯᠪᠤᠷᠢᠯᠠᠭᠰᠠᠨ ᠤ ᠳᠠᠷᠠᠭ᠎ᠠ ᠂  ᠫᠷᠣᠹᠧᠰᠰᠣᠷ  ᠪᠦᠦ ᠵᠢᠨ ᠱᠠᠨ ᠪᠠᠰᠠ ᠥᠷᠭᠡᠨ ᠣᠯᠠᠨ ᠺᠠᠳ᠋ᠷ ᠴᠠᠭᠳᠠᠭ᠎ᠠ ᠶᠢ ᠳᠠᠭᠠᠭᠤᠯᠤᠨ 2019 ᠣᠨ ᠤ ᠬᠣᠶᠠᠷ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠵᠤ ᠂ ᠺᠠᠳ᠋ᠷ ᠴᠠᠭᠳᠠᠭ᠎ᠠ ᠨᠠᠷ ᠬᠤᠷᠠᠯ ᠬᠤᠷᠠᠯᠳᠤᠭᠤᠯᠬᠤ ᠵᠢᠷᠤᠮ ᠪᠠ ᠠᠭᠤᠯᠠᠨ᠎ᠠ ᠂ 2019 ᠣᠨ  ᠤ ᠠᠵᠤ ᠠᠬᠤᠶ ᠨᠡᠢᠭᠡᠮ ᠦᠨ ᠴᠢᠨᠠᠷ ᠰᠠᠶᠢᠲᠠᠶ ᠬᠥᠭᠵᠢᠯᠲᠡ ᠶᠢᠨ ᠵᠢᠱᠢᠭᠰᠡᠨ ᠬᠠᠷᠠᠯᠲᠠ ᠪᠠ ᠵᠠᠰᠠᠭ ᠦᠨ ᠣᠷᠳᠣᠨ ᠤ ᠠᠵᠢᠯ ᠤᠨ ᠡᠭᠦᠷᠭᠡ ᠶᠢ ᠤᠯᠠᠮ ᠨᠢᠭᠡ ᠠᠯᠬᠤᠮ ᠣᠢᠯᠠᠭᠠᠭᠰᠠᠨ ᠪᠠᠢᠨ᠎ᠠ ᠃

 

ᠦᠨᠡᠯᠡᠬᠦ 0ᠦᠨᠡᠯᠡᠯᠲᠡ ᠲᠠᠢ


( ᠨᠧᠲ ᠨᠠᠢᠵᠠ ᠵᠢᠨ ᠦᠨᠡᠯᠡᠯᠲᠡ ᠨᠢ ᠵᠦᠪᠭᠡᠨ ᠲᠡᠭᠦᠨ ᠊ᠤ᠌ ᠬᠤᠪᠢ ᠭᠦᠮᠦᠨ ᠊ᠤ᠌ ᠦᠵᠡᠯᠲᠡ ᠲᠡᠳᠦᠢ᠂ ᠲᠤᠰ ᠨᠧᠲ ᠦᠷᠳᠡᠭᠡ ᠲᠡᠭᠦᠨ ᠊ᠤ᠌ ᠦᠵᠡᠯᠲᠡ ᠵᠢ ᠵᠦᠪᠰᠢᠶᠡᠷᠡᠭᠰᠡᠨ ᠶᠠᠪᠤᠳᠠᠯ ᠤᠭᠳᠤ ᠪᠢᠰᠢ ᠶᠤᠮ᠃ )